ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠢᠨ ᠰᠣᠶᠣᠯ ᠤᠨ ᠵᠠᠬ᠎ᠠ ᠳᠡᠯᠭᠡᠭᠦᠷ ᠤᠨ ︽ᠱᠠᠯᠢᠭ ᠵᠠᠪᠠᠭ᠋ᠠᠢ | ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠵᠢᠴᠢ ᠠᠶᠤᠯᠭᠦᠢ ᠦᠢᠯᠡᠳᠪᠦᠷᠢᠯᠡᠯ ᠤᠨ | ᠬᠠᠮᠲᠤᠷᠠᠭᠰᠠᠨ ᠪᠠᠶᠢᠴᠠᠭᠠᠯᠲᠠ ᠥᠷᠨᠢᠭᠦᠯᠵᠡᠢ | ᠰᠣᠶᠣᠯ ᠤᠨ ᠵᠠᠬ᠎ᠠ ᠳᠡᠯᠭᠡᠭᠦᠷ ᠤᠨ ᠠᠵᠢᠯ ᠤᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 4 ᠤ ᠡᠳᠦᠷ᠂ ᠬᠤᠰᠢᠭᠤᠨ ᠤ ︽ᠱᠠᠯᠢᠭ ᠵᠠᠪᠬᠠᠢ | ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠢᠶᠠᠷ ᠲᠦᠷᠦᠭᠦᠯᠡᠭᠦᠯᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠲᠤ ︽ᠱᠠᠯᠢᠭ ᠵᠠᠪᠬᠠᠢ | ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠵᠢᠴᠢ ᠠᠶᠤᠯᠭᠦᠢ ᠦᠢᠯᠡᠳᠪᠦᠷᠢᠯᠡᠯ ᠤᠨ | ᠬᠠᠮᠲᠤᠷᠠᠭᠰᠠᠨ ᠪᠠᠶᠢᠴᠠᠭᠠᠯᠲᠠ ᠥᠷᠨᠢᠭᠦᠯᠪᠡ᠃ | ᠲᠣᠰ ᠤᠳᠠᠭᠠᠨ ᠤ ᠪᠠᠶᠢᠴᠠᠭᠠᠯᠲᠠ ᠳᠤ 5 ᠬᠡᠪᠯᠡᠯ ᠤᠨ ᠠᠵᠤ ᠠᠬᠤᠶᠢᠯᠠᠯ᠂ 3 ᠬᠡᠪᠯᠡᠭᠳᠡᠬᠦᠨ ᠤ | ᠡᠵᠡᠩᠨᠡᠯᠲᠡ ᠶᠢᠨ ᠠᠵᠤ ᠠᠬᠤᠶᠢᠯᠠᠯ ᠢ ᠰᠣᠩᠭᠤᠨ ᠪᠠᠶᠢᠴᠠᠭᠠᠵᠤ᠂ ᠬᠡᠪᠯᠡᠯ ᠤᠨ ᠠᠵᠤ ᠠᠬᠤᠶᠢᠯᠠᠯ ᠳᠤ | ᠬᠠᠮᠢᠶᠠᠷᠤᠯᠲᠠ ᠶᠢᠨ ᠳᠦᠷᠢᠮ ᠲᠡᠭᠦᠯᠳᠡᠷ ᠪᠤᠰᠤ᠂ ᠲᠠᠪᠤᠨ ᠵᠦᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ | ᠦᠭᠡᠢ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ᠂ ᠡᠷᠬᠡ ᠳᠤ ᠬᠠᠯᠳᠠᠵᠤ ᠬᠤᠯᠠᠭᠠᠶᠢᠯᠠᠨ ᠬᠡᠪᠯᠡᠭᠰᠡᠨ ᠨᠣᠮ ᠪᠢᠴᠢᠭ | ᠪᠠ ᠬᠠᠤᠯᠢ ᠪᠤᠰᠤ ᠬᠤᠣᠷ ᠬᠥᠨᠥᠭᠡᠯ ᠲᠠᠢ ᠬᠡᠪᠯᠡᠭᠳᠡᠬᠦᠨ ᠢ ᠬᠡᠪᠯᠡᠭᠰᠡᠨ ᠡᠰᠡᠬᠦ᠂ ᠬᠠᠤᠯᠢ ᠪᠤᠰᠤ ᠱᠠᠰᠢᠨ ᠰᠤᠷᠲᠠᠬᠤᠨ ᠤ | ᠬᠡᠪᠯᠡᠭᠳᠡᠬᠦᠨ ᠵᠢᠴᠢ ᠬᠤᠣᠷ ᠬᠥᠨᠥᠭᠡᠯ ᠲᠠᠢ ᠮᠡᠳᠡᠭᠡ ᠵᠠᠩᠭᠢ ᠶᠢ ᠬᠡᠪᠯᠡᠭᠰᠡᠨ ᠡᠰᠡᠬᠦ ᠵᠡᠷᠭᠡ ᠦᠵᠡᠭᠳᠡᠯ ᠣᠷᠣᠰᠢᠵᠤ | ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠪᠠ᠃ ᠡᠭᠦᠨ ᠤ ᠬᠠᠮᠲᠤ ᠬᠠᠮᠢᠶ᠎ᠠ ᠪᠦᠬᠦᠢ ᠲᠠᠯᠠᠪᠤᠷ ᠭᠠᠵᠠᠷ ᠤᠨ | ᠠᠶᠤᠯᠭᠦᠢ ᠦᠢᠯᠡᠳᠪᠦᠷᠢᠯᠡᠯ ᠵᠡᠷᠭᠡ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ | ᠪᠠᠶᠢᠴᠠᠭᠠᠯᠲᠠ ᠬᠢᠪᠡ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ | ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠪᠠ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ | ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ | ᠠᠵᠢᠯᠯᠠᠭ᠎ᠠ ᠶᠢ ᠪᠦᠲᠦᠮᠵᠢᠲᠡᠶ ᠵᠢᠷᠤᠮᠵᠢᠭᠤᠯᠤᠨ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ | ᠠᠷᠢᠯᠭᠠᠵᠤ᠂ ᠰᠣᠶᠣᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠡᠷᠡᠭᠦᠯ ᠮᠡᠨᠳᠦ ᠠᠮᠤᠷ ᠲᠦᠪᠰᠢᠨ᠂ | ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠶᠢ ᠦᠨᠡᠨᠬᠦ ᠬᠠᠮᠠᠭᠠᠯᠠᠨ᠎ᠠ᠃ | | |