ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/20
     3 ᠰᠠᠷ᠎ᠠ ᠶᠢᠨ 15  ᠤ ᠡᠳᠦᠷ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠡᠷᠳᠡᠨᠢᠪᠠᠭᠠᠲᠤᠷ ᠬᠤᠷᠠᠯ ᠢ ᠡᠷᠭᠢᠯᠡᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠰᠠᠭᠠᠯᠢᠴᠢᠨ᠂  ᠸᠴᠢᠷ᠂ ᠵᠧᠦ ᠢ ᠵᠢᠶᠦ᠋ᠨ ᠬᠤᠷᠠᠯ ᠳᠤ ᠣᠷᠣᠯᠴᠠᠵᠠᠢ᠃ ᠬᠤᠷᠠᠯ  ᠠᠴᠠ 2024 ᠣᠨ ᠤ ᠪᠥᠬᠦ ᠤᠯᠤᠰ ᠤᠨ ︽ᠬᠤᠶᠠᠷ ᠬᠤᠷᠠᠯ︾᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ᠂ ᠠᠶᠢᠮᠠᠭ ᠤᠨ ᠨᠠᠮ ᠤᠨ ᠬᠤᠷᠢᠶ᠎ᠠ ᠶᠢᠨ 2023 ᠣᠨ ᠤ ᠳᠥᠷᠪᠡᠳᠦᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶ᠎ᠠ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃     ᠬᠤᠷᠠᠯ ᠳᠡᠭᠡᠷ᠎ᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠬᠤᠰᠢᠭᠤᠨ ᠤ ᠵᠠᠰᠠᠭ ᠤᠨ ᠣᠷᠳᠣᠨ ᠳᠤ ᠲᠥᠯᠥᠭᠡᠯᠡᠭᠴᠢᠳ ᠤᠨ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠲᠠᠷᠢᠶᠠᠯᠠᠬᠤ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶᠠᠷᠤᠯᠲᠠ ᠶᠢᠨ ᠠᠷᠭ᠎ᠠ︾ ᠶᠢ ᠬᠦᠴᠦᠨ ᠦᠭᠡᠢ ᠪᠣᠯᠭᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2024 ᠣᠨ ᠤ ᠠᠵᠢᠯ ᠤᠨ ᠭᠤᠣᠯᠳᠠᠯᠭ᠎ᠠ ᠶᠢ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠬᠤᠰᠢᠭᠤᠨ ᠤ ᠵᠠᠰᠠᠭ ᠤᠨ ᠣᠷᠳᠣᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠰᠠᠶᠢᠲᠤᠷ ᠰᠢᠢᠳᠪᠦᠷᠢᠯᠡᠬᠦ ᠪᠣᠯ ᠡᠷᠬᠡᠪᠰᠢ ᠭᠦᠢᠴᠡᠳᠬᠡᠬᠦ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠮᠥᠨ ᠭᠡᠳᠡᠭ ᠢ ᠭᠦᠨᠵᠡᠭᠡᠢ ᠲᠠᠨᠢᠵᠤ᠂ ︽ᠴᠢᠩᠭ᠎ᠠ ᠨᠢᠮᠪᠠᠢ ᠪᠣᠳᠠᠲᠠᠢ︾ ᠪᠠᠷᠢᠮᠵᠢᠶ᠎ᠠ ᠪᠠᠷ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠲᠣᠭᠲᠠᠭᠠᠭᠰᠠᠨ ᠠᠵᠢᠯ ᠤᠨ ᠡᠭᠦᠷᠭᠡ ᠪᠠ ᠲᠥᠯᠥᠪᠯᠡᠭᠡ ᠶᠢᠨ ᠪᠠᠷᠢᠮᠵᠢᠶ᠎ᠠ ᠬᠦᠰᠦᠨᠦᠭᠲᠦ ᠶᠢᠨ ᠶᠣᠰᠣᠭᠠᠷ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠣᠭᠲᠠᠭᠰᠠᠨ ᠡᠯ᠎ᠡ ᠵᠦᠢᠯ ᠤᠨ ᠬᠠᠷᠠᠯᠲᠠ ᠶᠢᠨ ᠡᠭᠦᠷᠭᠡ ᠶᠢ ᠴᠠᠭ ᠤᠨ ᠵᠠᠩᠭᠢᠯᠠᠭ᠎ᠠ ᠶᠢᠨ ᠴᠡᠭ ᠢᠶᠠᠷ ᠪᠡᠶᠡᠯᠡᠭᠦᠯᠬᠦ ᠬᠡᠷᠡᠭᠲᠡᠢ᠃ᠭᠤᠷᠪᠠ ᠳᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ ᠶᠢ ᠦᠨᠡᠨᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠢᠨ᠎ᠡ ᠶᠢ ᠡᠭᠦᠳᠦᠨ ᠰᠢᠯᠢᠳᠡᠭ ᠪᠣᠯᠬᠤ ᠪᠠᠷ ᠴᠢᠷᠮᠠᠶᠢᠬᠤ ᠤᠬᠠᠮᠰᠠᠷ ᠢ ᠪᠣᠶ ᠪᠣᠯᠭᠠᠵᠤ᠂ ᠮᠠᠨ ᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠠᠭ ᠦᠶ᠎ᠡ ᠶᠢ ᠲᠠᠭᠠᠨ ᠪᠥᠬᠦ ᠲᠠᠯ᠎ᠠ ᠪᠠᠷ ᠤᠷᠤᠭᠰᠢᠯᠠᠬᠤ᠂ ᠲᠡᠭᠦᠯᠳᠡᠷᠵᠢᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠤᠨ᠎ᠠ᠃     ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ ᠯᠢᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠠᠢ ᠯᠦᠩ᠂ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠸᠠᠩ ᠸᠧᠢ ᠬᠤᠸᠠ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠵᠢᠴᠢ ᠬᠡᠰᠡᠭ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号