ᠯᠢᠦ ᠴᠠᠩ ᠴᠦᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/20
    3 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠠᠩ ᠴᠦᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠨᠢᠭᠡᠳᠦᠭᠡᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃    ᠯᠢᠦ ᠴᠠᠩ ᠴᠦᠨ ᠴᠢᠬᠤᠯᠠᠴᠢᠯᠠᠭᠰᠠᠨ ᠨᠢ᠂ ᠵᠣᠬᠢᠴᠠᠬᠤ ᠴᠢᠨᠠᠷᠲᠠᠢ ᠵᠢᠭᠠᠨ ᠰᠤᠷᠭᠠᠯᠲᠠ ᠶᠢ ᠰᠠᠶᠢᠲᠤᠷ ᠬᠢᠬᠦ ᠪᠣᠯ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ‌‍ᠶᠢᠨ ᠠᠵᠢᠯ  ᠢ ᠴᠢᠨᠠᠷ ᠰᠠᠶᠢᠲᠠᠢ ᠬᠡᠷᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠬᠢᠴᠢᠶᠡᠯ ᠦᠨᠡᠯᠡᠬᠦ ᠠᠵᠢᠯ ᠢ ᠦᠨᠡᠨᠬᠦ ᠵᠣᠬᠢᠶᠠᠨ ᠪᠠᠶᠢᠭᠤᠯᠤᠨ ᠥᠷᠨᠢᠭᠦᠯᠵᠦ᠂ ᠵᠣᠬᠢᠴᠠᠬᠤ ᠴᠢᠨᠠᠷᠲᠠᠢ ᠵᠢᠭᠠᠨ ᠰᠤᠷᠭᠠᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ ᠬᠠᠷᠢᠭᠤ ᠲᠤᠰᠬᠠᠬᠤ ᠬᠡᠷᠡᠭᠲᠡᠢ᠃ ᠢᠵᠢᠯᠢ ᠬᠤᠳᠠ ᠪᠠᠷ ᠪᠠᠭᠰᠢᠯᠠᠬᠤ᠂ ᠪᠠᠭᠰᠢ ᠨᠢ ᠱᠠᠪᠢ ᠪᠠᠨ ᠳᠠᠭᠠᠭᠤᠯᠬᠤ ᠵᠡᠷᠭᠡ ᠲᠣᠭᠲᠠᠴᠠ ᠶᠢ ᠰᠠᠶᠢᠲᠤᠷ ᠬᠡᠷᠡᠭᠯᠡᠵᠦ᠂ ᠬᠠᠮᠲᠤ ᠪᠠᠷ ᠪᠠᠶᠢᠭᠤᠯᠬᠤ᠂ ᠪᠠᠭᠰᠢ ᠶᠢ ᠪᠣᠯᠪᠠᠰᠤᠷᠠᠭᠤᠯᠬᠤ᠂ ᠬᠠᠮᠲᠤ ᠪᠠᠷ ᠬᠢᠴᠢᠶᠡᠯ ᠪᠡᠯᠡᠳᠬᠡᠬᠦ᠂ ᠰᠤᠷᠤᠯᠭ᠎ᠠ ᠶᠢᠨ ᠬᠦᠴᠢᠷᠳᠡᠯ ᠲᠠᠢ ᠰᠤᠷᠤᠭᠴᠢᠳ ᠲᠤ ᠬᠢᠴᠢᠶᠡᠯ ᠤᠨ ᠳᠠᠷᠠᠭᠠᠬᠢ ᠦᠢᠯᠡᠴᠢᠯᠡᠭᠡ ᠬᠠᠩᠭᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠢ᠃     ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠯᠢᠦ ᠴᠠᠩ ᠴᠦᠨ ᠨᠠᠷ ︽ᠨᠢᠭᠡ ᠬᠢᠴᠢᠶᠡᠯ ᠤᠨ ᠬᠤᠶᠠᠷ ᠪᠠᠭᠰᠢ︾ ᠬᠢᠴᠢᠶᠡᠯ ᠤᠨ ᠲᠠᠩᠬᠢᠮ ᠳᠤ ᠣᠷᠣᠵᠤ ᠬᠢᠴᠢᠶᠡᠯ ᠰᠤᠨᠤᠰᠴᠤ᠂ ᠡᠭᠦᠨ ᠤ ᠬᠠᠮᠲᠤ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠵᠡᠷᠭᠡ ᠠᠵᠢᠯ ᠢ ᠵᠢᠯᠣᠭᠤᠳᠤᠨ ᠪᠠᠶᠢᠴᠠᠭᠠᠪᠠ᠃     ᠬᠤᠰᠢᠭᠤᠨ ᠤ ᠤᠳᠤᠷᠢᠳᠤᠯᠭ᠎ᠠ ᠯᠢ ᠳ᠋ᠦᠩ ᠯᠢᠨ᠂ ᠯᠢᠦ ᡁᠢ ᠦ᠋ ᠵᠢᠴᠢ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号