ᠪᠥᠬᠦ ᠬᠤᠰᠢᠭᠤᠨ ᠤ ︽ᠨᠢᠭᠡᠳᠦᠭᠡᠷ ᠬᠠᠷᠢᠭᠤᠴᠠᠯᠭᠠᠲᠠᠨ︾ ᠤᠨ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠵᠢᠴᠢ ᠵᠠᠯᠠᠭᠤ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/3/20
ᠪᠥᠬᠦ ᠬᠤᠰᠢᠭᠤᠨ ᠤ ︽ᠨᠢᠭᠡᠳᠦᠭᠡᠷ ᠬᠠᠷᠢᠭᠤᠴᠠᠯᠭᠠᠲᠠᠨ︾ ᠤᠨ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠵᠢᠴᠢ ᠵᠠᠯᠠᠭᠤ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠪᠡ     ᠪᠥᠬᠦ ᠬᠤᠰᠢᠭᠤᠨ ᠤ ᠨᠠᠮ ᠵᠠᠰᠠᠭ ᠤᠨ ᠰᠠᠯᠠᠭ᠎ᠠ ᠮᠥᠴᠢᠷ ᠤᠨ ᠭᠤᠣᠯ ᠤᠳᠤᠷᠢᠳᠬᠤ ᠺᠠᠳ᠋ᠷ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠤ ᠤᠯᠤᠰ ᠲᠥᠷᠥ ᠶᠢᠨ ᠬᠡᠪ ᠪᠣᠯᠪᠠᠰᠤᠷᠠᠯ ᠪᠠ ᠤᠯᠤᠰ ᠲᠥᠷᠥ ᠶᠢᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠢᠳᠡᠷ ᠵᠠᠯᠠᠭᠤ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ᠂ ᠶᠡᠷᠦᠩᠬᠡᠶᠢᠯᠡᠭᠰᠡᠨ ᠬᠡᠪ ᠪᠣᠯᠪᠠᠰᠤᠷᠠᠯ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠪᠥᠬᠦ ᠬᠤᠰᠢᠭᠤᠨ ᠤ ︽ᠨᠢᠭᠡᠳᠦᠭᠡᠷ ᠬᠠᠷᠢᠭᠤᠴᠠᠯᠭᠠᠲᠠᠨ ︾ ᠤᠨ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠵᠢᠴᠢ ᠢᠳᠡᠷ ᠵᠠᠯᠠᠭᠤ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢᠨ ᠠᠩᠭᠢ ᠡᠬᠢᠯᠡᠬᠦ ᠶᠣᠰᠣᠯᠠᠯ ᠬᠤᠰᠢᠭᠤᠨ ᠤ ᠬᠤᠷᠠᠯ ᠤᠨ ᠲᠥᠪ ᠲᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠰᠤᠷᠭᠠᠭᠤᠯᠢ︶ ᠶᠢᠨ ᠵᠠᠬᠢᠷᠤᠯ ᠬᠠᠢ ᠬᠡᠷᠡᠯᠲᠦ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃     ᠠᠩᠭᠢ ᠡᠬᠢᠯᠡᠬᠦ ᠶᠣᠰᠣᠯᠠᠯ ᠳᠤ ᠴᠢᠬᠤᠯᠠᠴᠢᠯᠠᠭᠰᠠᠨ ᠨᠢ᠂ ᠺᠠᠳ᠋ᠷ ᠢ ᠬᠥᠮᠥᠵᠢᠭᠦᠯᠦᠨ ᠪᠣᠯᠪᠠᠰᠤᠷᠠᠭᠤᠯᠬᠤ ᠪᠣᠯ ᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠬᠥᠮᠥᠵᠢᠭᠦᠯᠬᠦ ᠴᠢᠬᠤᠯᠠ ᠠᠷᠭ᠎ᠠ ᠵᠠᠮ ᠮᠥᠨ᠂ ᠪᠣᠯᠪᠠᠰᠤᠷᠠᠯ ᠳᠤ ᠣᠷᠣᠯᠴᠠᠭᠰᠠᠨ ᠪᠥᠬᠦ ᠰᠤᠷᠤᠭᠴᠢᠳ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠳᠠᠪᠠᠭᠤᠯᠢᠭ ᠢᠶᠠᠨ ᠪᠠᠳᠠᠷᠠᠭᠤᠯᠤᠨ᠂ ᠵᠥᠷᠢᠶ᠎ᠡ ᠪᠠᠨ ᠡᠷᠢᠵᠦ᠂ ᠳᠤᠲᠠᠭᠤᠳᠠᠯ ᠢᠶᠠᠨ ᠨᠥᠬᠦᠪᠦᠷᠢᠯᠡᠵᠦ᠂ ᠰᠤᠷᠤᠯᠴᠠᠬᠤ ᠴᠢᠳᠠᠪᠤᠷᠢ᠂ ᠠᠵᠢᠯ ᠤᠨ ᠴᠢᠳᠠᠪᠤᠷᠢ ᠪᠠ ᠰᠢᠨ᠎ᠡ ᠶᠢ ᠡᠭᠦᠳᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠳᠤᠮᠳᠠ ᠢᠳᠡᠪᠬᠢᠲᠡᠢ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠪᠦᠬᠦ ᠰᠤᠷᠤᠭᠴᠢᠳ ᠢ ᠳᠠᠪᠲᠠᠨ ᠪᠣᠯᠪᠠᠰᠤᠷᠠᠭᠤᠯᠬᠤ ᠵᠠᠪᠰᠢᠶᠠᠨ ᠢ ᠨᠠᠨᠳᠢᠩᠨᠠᠵᠤ᠂ ᠠᠵᠢᠯᠯᠠᠬᠤ ᠳᠤᠮᠳᠠ ᠪᠠᠨ ᠰᠤᠷᠤᠯᠴᠠᠬᠤ᠂ ᠰᠤᠷᠤᠯᠴᠠᠬᠤ ᠳᠤᠮᠳᠠ ᠪᠠᠨ ᠠᠵᠢᠯᠯᠠᠬᠤ ᠶᠢ ᠪᠠᠷᠢᠮᠲᠠᠯᠠᠵᠤ᠂ ᠰᠢᠷᠭᠠᠭᠤ ᠰᠤᠷᠤᠯᠴᠠᠵᠤ ᠰᠢᠷᠭᠠᠭᠤ ᠪᠣᠯᠪᠠᠰᠤᠷᠠᠬᠤ ᠳᠤᠮᠳᠠ ᠪᠠᠨ ᠴᠠᠭᠠᠷᠠᠭᠰᠠᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃     ᠲᠣᠰ ᠤᠳᠠᠭᠠᠨ ᠤ ᠪᠣᠯᠪᠠᠰᠤᠷᠠᠯ ᠤᠨ ᠠᠩᠭᠢ 8 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠡᠭᠦᠨ ᠳᠤ ︽ᠨᠢᠭᠡᠳᠦᠭᠡᠷ ᠬᠠᠷᠢᠭᠤᠴᠠᠯᠭᠠᠲᠠᠨ︾ ᠤᠨ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ 2 ᠡᠳᠦᠷ ᠢᠯᠡᠬᠦᠦ ᠶᠠᠪᠤᠭᠳᠠᠵᠤ᠂ ᠭᠤᠣᠯᠳᠠᠭᠤ ᠲᠤᠰᠬᠠᠢ ᠰᠡᠳᠦᠪ ᠢᠶᠠᠷ ᠬᠢᠴᠢᠶᠡᠯᠯᠡᠬᠦ + ᠭᠠᠳᠠᠭᠰᠢ ᠭᠠᠷᠴᠤ ᠲᠣᠭᠤᠷᠢᠨ ᠦᠵᠡᠬᠦ + ᠳᠤᠭᠤᠶᠢᠯᠠᠩ ᠬᠤᠪᠢᠶᠠᠨ ᠰᠤᠳᠤᠯᠤᠨ ᠶᠠᠷᠢᠯᠴᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠥᠷᠨᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠺᠠᠳ᠋ᠷ ᠢ ᠬᠥᠮᠥᠵᠢᠭᠦᠯᠬᠦ᠂ ᠥᠨᠳᠥᠷ ᠪᠠᠷᠢᠮᠵᠢᠶ᠎ᠠ ᠪᠠᠷ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃     ︽ᠠᠩᠭᠢ ᠡᠬᠢᠯᠡᠬᠦ ᠠᠩᠬᠠᠨ ᠤ ᠬᠢᠴᠢᠶᠡᠯ︾ ᠢ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠦᠨᠳᠦᠰᠦᠲᠡᠨ ᠤ ᠣᠨᠣᠯ ᠬᠢᠭᠡᠳ ᠰᠣᠶᠣᠯ ᠵᠢᠭᠠᠨ ᠰᠤᠳᠤᠯᠬᠤ ᠬᠡᠯᠲᠡᠰ ᠤᠨ ᠡᠷᠬᠢᠯᠡᠭᠴᠢ ᠡᠷᠳᠡᠨᠢᠪᠠᠶᠠᠷ ᠫᠷᠤᠹᠧᠰᠰᠤᠷ ︽ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ︾ ᠲᠤᠬᠠᠢ ᠲᠤᠰᠬᠠᠢ ᠰᠡᠳᠦᠪ ᠢᠶᠠᠷ  ᠬᠢᠴᠢᠶᠡᠯᠯᠡᠪᠡ᠃     ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠨᠠᠮ ᠵᠠᠰᠠᠭ ᠤᠨ ᠰᠠᠯᠠᠭ᠎ᠠ ᠮᠥᠴᠢᠷ ᠤᠨ ᠭᠤᠣᠯ ᠤᠳᠤᠷᠢᠳᠬᠤ ᠺᠠᠳ᠋ᠷ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠵᠢᠴᠢ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠵᠠᠯᠠᠭᠤᠴᠤᠳ ᠤᠨ ᠠᠩᠭᠢ ᠶᠢᠨ ᠰᠣᠷᠣᠭᠴᠢ ᠨᠡᠶᠢᠲᠡ 150 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号