︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ 2024 ︱ 2025 ᠣᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠡᠷᠡᠭᠵᠢᠭᠦᠯᠬᠦ ᠲᠥᠰᠥᠯ︾ ᠤᠨ ᠳᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2024/3/20
 ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ 2024 ︱ 2025 ᠣᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠡᠷᠡᠭᠵᠢᠭᠦᠯᠬᠦ ᠲᠥᠰᠥᠯ︾ ᠤᠨ ᠳᠤᠬᠠᠢ ᠲᠠᠶᠢᠯᠤᠮᠵᠢ      ᠨᠢᠭᠡ᠂ ᠨᠡᠶᠢᠲᠡᠯᠡᠭᠰᠡᠨ ᠠᠬᠤᠢ ᠪᠠᠶᠢᠳᠠᠯ      ᠮᠠᠨ ᠤ ᠬᠤᠰᠢᠭᠤᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠲᠦᠷᠭᠡᠨ ᠠᠬᠢᠭᠤᠯᠬᠤ ᠶᠢᠨ ᠲᠥᠯᠥᠭᠡ ᠮᠠᠯ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ︽ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠪᠠ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ︽ᠰᠢᠯᠢ ᠶᠢᠨ ᠭᠤᠣᠯ ᠠᠶᠢᠮᠠᠭ ᠤᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠮᠠᠯ ᠡᠮᠨᠡᠯᠭᠡ ᠶᠢᠨ ᠡᠩᠨᠡᠭᠡ ᠶᠢᠨ ᠥᠭᠡᠷᠡᠴᠢᠯᠡᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃     ᠬᠤᠶᠠᠷ᠂ ᠠᠵᠢᠯ ᠤᠨ ᠬᠠᠷᠠᠯᠲᠠ     ︽ᠬᠢᠵᠢᠭ ᠢ ᠰᠡᠷᠭᠡᠶᠢᠯᠡᠬᠦ ᠶᠢ ᠲᠡᠷᠢᠭᠦᠨ ᠳᠤ ᠲᠠᠯᠪᠢᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ︾᠂ ︽ᠬᠡᠷᠡᠭᠴᠡᠭᠡ ᠪᠠᠷ ᠤᠳᠤᠷᠢᠳᠤᠮᠵᠢ ᠪᠣᠯᠭᠠᠬᠤ᠂ ᠢᠯᠡ ᠪᠠᠷ ᠰᠢᠯᠢᠳᠡᠭ ᠢ  ᠰᠣᠩᠭᠤᠬᠤ︾᠂ ︽ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠣᠨᠴᠠᠯᠢᠭ ᠢ ᠳᠣᠪᠤᠶᠢᠯᠭᠠᠬᠤ︾ ᠵᠠᠷᠴᠢᠮ ᠢ ᠪᠠᠷᠢᠮᠲᠠᠯᠠᠵᠤ᠂ ᠠᠮᠢᠲᠠᠨ ᠤ ᠪᠠᠶᠢᠩᠭᠤᠵᠢᠭᠰᠠᠨ ᠡᠭᠡᠯᠢᠯᠡᠭᠡ ᠶᠢᠨ ᠠᠵᠢᠯᠯᠠᠭ᠎ᠠ ᠪᠠ ︽ᠪᠥᠬᠦ ᠬᠤᠰᠢᠭᠤ ᠪᠠᠷ ᠠᠬᠢᠭᠤᠯᠬᠤ︾ ᠵᠠᠭᠪᠤᠷ ᠢᠶᠠᠷ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠥᠷᠨᠢᠭᠦᠯᠵᠦ᠂ ᠨᠢᠭᠡ ᠲᠣᠰᠬᠤᠨ ᠨᠢᠭᠡ ᠡᠷᠦᠬᠡ ᠨᠢᠭᠡ ᠮᠠᠯ  ᠤᠷᠬᠢᠭᠳᠠᠭᠤᠯᠬᠤ ᠦᠭᠡᠢ ᠪᠠᠶᠢᠵᠤ ᠂ ᠪᠥᠬᠦ ᠬᠤᠰᠢᠭᠤᠨ ᠤ 5 ᠰᠤᠮᠤ ᠪᠠᠯᠭᠠᠰᠤᠨ ᠤ ᠦᠬᠡᠷ᠂ ᠬᠤᠨᠢ᠂ ᠭᠠᠭ᠋ᠠᠢ ᠵᠡᠷᠭᠡ ᠮᠠᠯ ᠪᠠ ᠭᠡᠷ ᠤᠨ ᠵᠢᠭᠦᠷᠲᠡᠨ ︵ᠬᠠᠰᠢᠶᠠᠯᠠᠨ ᠲᠡᠵᠢᠭᠡᠵᠦ  ᠪᠠᠶᠢᠭ᠎ᠠ ᠮᠠᠯ ᠪᠠᠶᠢᠭᠳᠠᠨ᠎ᠠ︶ ᠤ ᠬᠢᠵᠢᠭ ᠢ ᠰᠡᠷᠭᠡᠶᠢᠯᠡᠬᠦ ᠠᠵᠢᠯ ᠢ ᠨᠡᠶᠢᠳᠡᠮ ᠬᠢᠵᠦ᠂ ᠮᠣᠷᠢ᠂ ᠡᠯᠵᠢᠭᠡ᠂ ᠲᠡᠮᠡᠭᠡ ᠵᠡᠷᠭᠡ ᠮᠠᠯ ᠤᠨ ᠬᠢᠵᠢᠭ ᠡᠪᠡᠳᠴᠢᠨ ᠢ ᠬᠢᠨᠠᠨ ᠬᠡᠮᠵᠢᠵᠦ᠂ ᠪᠥᠬᠦ ᠬᠤᠰᠢᠭᠤᠨ ᠤ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠳᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠠᠬᠢᠭᠤᠯᠤᠨ᠎ᠠ᠃      ᠭᠤᠷᠪᠠ᠂ ᠭᠤᠣᠯ ᠡᠭᠦᠷᠭᠡ    ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠲᠠᠷᠢᠶᠠᠯᠠᠩ ᠪᠠ ᠰᠢᠨᠵᠢᠯᠡᠬᠦ ᠮᠡᠷᠭᠡᠵᠢᠯ ᠤᠨ ᠲᠣᠪᠴᠢᠶ᠎ᠠ ᠠᠴᠠ ᠬᠤᠳᠠᠯᠳᠤᠨ ᠠᠪᠬᠤ ᠭᠤᠣᠯ ᠴᠣᠭᠴᠠ ᠪᠣᠯᠭᠠᠵᠤ᠂ ᠬᠤᠳᠠᠯᠳᠤᠨ ᠠᠪᠬᠤ ᠠᠷᠭ᠎ᠠ ᠶᠢ ᠨᠢᠭᠡᠳᠦᠯᠲᠡᠢ ᠢᠯᠡ ᠪᠠᠷ ᠳᠠᠭᠠᠭᠠᠴᠢᠯᠠᠯᠲᠠ ᠵᠠᠷᠯᠠᠵᠤ᠂ 1 ᠬᠢᠷᠢ ᠬᠡᠮ ᠲᠠᠢ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠲᠣᠭᠲᠠᠭᠠᠵᠤ᠂ ᠪᠦᠬᠦ ᠬᠤᠰᠢᠭᠤᠨ ᠤ 5 ᠰᠤᠮᠤ ᠪᠠᠯᠭᠠᠰᠤᠨ ᠳᠤ ᠬᠠᠪᠤᠷ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠳᠤ ᠠᠯᠪᠠᠳᠠᠯᠭ᠎ᠠ ᠪᠠᠷ ᠡᠭᠡᠯᠢᠯᠡᠬᠦ ᠪᠠ ᠲᠥᠯᠥᠪᠯᠡᠭᠡᠲᠦ ᠡᠭᠡᠯᠢᠯᠡᠭᠡ  ᠶᠢ ᠬᠠᠩᠭᠠᠵᠤ᠂ ᠠᠮᠢᠲᠠᠨ ᠤ ᠬᠢᠵᠢᠭ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠪᠠ ᠰᠢᠪᠠᠳᠠᠨ ᠵᠢᠯᠤᠭᠤᠳᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠮᠡᠳᠡᠯᠭᠡ᠂ ᠮᠡᠷᠭᠡᠵᠢᠯ ᠴᠢᠳᠠᠪᠤᠷᠢ ᠶᠢᠨ ᠰᠤᠷᠤᠯᠴᠠᠯᠭ᠎ᠠ ᠪᠣᠯᠪᠠᠰᠤᠷᠠᠯ᠂ ᠠᠮᠢᠲᠠᠨ ᠤ ᠬᠢᠵᠢᠭ ᠢ ᠰᠡᠷᠭᠡᠶᠢᠯᠡᠬᠦ ᠠᠷᠢᠭᠤᠳᠬᠠᠯ ᠤᠨ ᠡᠬᠢ ᠰᠤᠷᠪᠤᠯᠵᠢ ᠶᠢ ᠤᠰᠠᠳᠬᠠᠬᠤ ᠪᠠ ᠮᠡᠷᠭᠡᠵᠢᠯ ᠤᠨ ᠵᠢᠯᠣᠭᠤᠳᠤᠯᠭ᠎ᠠ᠂ ᠦᠨᠳᠦᠰᠦᠨ ᠱᠠᠲᠤᠨ ᠤ ᠠᠮᠢᠲᠠᠨ ᠤ ᠬᠢᠵᠢᠭ ᠤᠨ ᠰᠡᠷᠭᠡᠶᠢᠯᠡᠭᠴᠢ ᠶᠢᠨ ᠡᠩᠨᠡᠭᠡ ᠶᠢᠨ ᠬᠠᠮᠢᠶᠠᠷᠤᠯᠲᠠ᠂ ᠪᠠᠶᠢᠩᠭᠤ ᠲᠣᠬᠢᠶᠠᠯᠳᠤᠬᠤ ᠠᠮᠢᠲᠠᠨ ᠤ ᠬᠢᠵᠢᠭ ᠡᠪᠡᠳᠴᠢᠨ ᠤ ᠴᠠᠷᠤᠯᠲᠠ ᠪᠠ ᠠᠮᠢᠲᠠᠨ ᠤ ᠬᠢᠵᠢᠭ ᠡᠪᠡᠳᠴᠢᠨ ᠤ ᠨᠡᠶᠢᠳᠡᠮ ᠪᠠᠶᠢᠴᠠᠭᠠᠯᠲᠠ ᠶᠢᠨ ᠲᠠᠩᠰᠠ ᠡᠪᠬᠡᠮᠡᠯ ᠪᠠᠶᠢᠭᠤᠯᠬᠤ᠂ ᠪᠠᠴᠢᠮ ᠪᠠᠶᠢᠳᠠᠯ ᠢ ᠠᠷᠭᠠᠴᠠᠬᠤ ᠬᠢᠵᠢᠭ ᠰᠡᠷᠭᠡᠶᠢᠯᠡᠬᠦ᠂ ᠬᠥᠮᠥᠨ ᠮᠠᠯ ᠳᠤ ᠬᠠᠮᠲᠤ ᠪᠠᠷ ᠬᠠᠯᠳᠠᠪᠤᠷᠢᠯᠠᠬᠤ ᠡᠪᠡᠳᠴᠢᠨ ᠵᠡᠷᠭᠡ ᠠᠮᠢᠲᠠᠨ ᠤ ᠬᠢᠵᠢᠭ ᠡᠪᠡᠳᠴᠢᠨ ᠲᠤ ᠲᠥᠪᠯᠡᠷᠡᠭᠦᠯᠦᠨ ᠥᠯᠢᠭᠡᠷ ᠠᠪᠬᠤ᠂ ᠠᠮᠢᠲᠠᠨ ᠤ ᠬᠢᠵᠢᠭ ᠡᠪᠡᠳᠴᠢᠨ ᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠭᠠᠷᠤᠯᠲᠠ ᠶᠢᠨ ᠣᠷᠣᠨ ᠤ ᠬᠢᠵᠢᠭ ᠪᠠᠶᠢᠴᠠᠭᠠᠯᠲᠠ ᠶᠢᠨ ᠬᠠᠮᠵᠢᠨ ᠪᠠᠶᠢᠴᠠᠭᠠᠬᠤ ᠵᠢᠴᠢ ᠬᠠᠷᠢᠶ᠎ᠠ ᠣᠷᠣᠨ ᠤ ᠳᠣᠲᠣᠷᠠᠬᠢ ᠡᠪᠡᠳᠴᠢᠨ ᠢᠶᠠᠷ ᠦᠬᠦᠭᠰᠡᠨ ᠠᠮᠢᠲᠠᠨ ᠢ ᠬᠤᠣᠷ ᠦᠭᠡᠢ ᠪᠣᠯᠭᠠᠨ ᠰᠢᠢᠳᠪᠦᠷᠢᠯᠡᠬᠦ ᠵᠡᠷᠭᠡ ᠦᠢᠯᠡᠴᠢᠯᠡᠯᠬᠡ ᠬᠠᠩᠭᠠᠵᠤ᠂ ᠦᠢᠯᠡᠴᠢᠯᠡᠭᠡᠨ ᠤ ᠬᠤᠳᠠᠯᠳᠤᠨ ᠠᠪᠬᠤ ᠬᠤᠭᠤᠴᠠᠭ᠎ᠠ ᠬᠢᠵᠠᠭᠠᠷ ᠨᠢ 2024 ᠣᠨ ᠤ 1 ᠳ᠋ᠦᠭᠡᠷ ᠰᠠᠷ᠎ᠠ ᠶᠢᠨ 1 ᠤ ᠡᠳᠦᠷ ᠠᠴᠠ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠣᠨ᠎ᠠ᠃      ᠬᠤᠰᠢᠭᠤ ᠲᠠᠷᠢᠶᠠᠯᠠᠩ ᠤᠨ ᠰᠢᠨᠵᠢᠯᠡᠬᠦ ᠮᠡᠷᠬᠡᠵᠢᠯ ᠤᠨ ᠲᠣᠪᠴᠢᠶ᠎ᠠ ᠠᠴᠠ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠨᠠᠨ ᠰᠢᠯᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠨᠠᠷᠢᠨ ᠳᠦᠷᠢᠮ ᠢ ᠲᠣᠭᠲᠠᠭᠠᠨ ᠨᠡᠶᠢᠲᠡᠯᠡᠵᠦ᠂ ᠬᠤᠳᠠᠯᠳᠤᠨ ᠠᠪᠤᠭᠰᠠᠨ ᠦᠢᠯᠡᠴᠢᠯᠡᠭᠡᠨ ᠤ ᠠᠵᠢᠯ ᠤᠨ ᠡᠭᠦᠷᠭᠡ ᠶᠢ ᠬᠡᠮᠵᠢᠶᠡᠵᠢᠭᠦᠯᠦᠨ ᠨᠠᠷᠢᠯᠢᠭᠵᠢᠭᠤᠯᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡ ᠬᠠᠩᠭᠠᠬᠤ ᠪᠥᠬᠦ ᠶᠠᠪᠤᠴᠠ ᠳᠤ ᠪᠠᠶᠢᠩᠭᠤ ᠶᠢᠨ ᠴᠢᠨᠠᠷᠲᠠᠢ ᠮᠥᠷᠳᠡᠨ ᠬᠢᠨᠠᠨ ᠬᠠᠮᠢᠶᠠᠷᠤᠯᠲᠠ ᠶᠠᠪᠤᠭᠤᠯᠵᠤ᠂ ᠲᠤᠰᠬᠠᠢ ᠬᠥᠮᠥᠨ ᠲᠣᠮᠢᠯᠠᠨ ᠦᠢᠯᠡᠴᠢᠯᠡᠭᠡᠨ ᠤ ᠪᠠᠶᠢᠳᠠᠯ ᠢ ᠮᠥᠷᠳᠡᠨ ᠬᠢᠨᠠᠨ ᠪᠤᠳᠤᠵᠤ᠂ ᠡᠭᠡᠯᠢᠯᠡᠭᠡ ᠶᠢᠨ ᠶᠠᠰᠤ ᠴᠢᠨᠠᠷ ᠢ ᠪᠠᠲᠤᠯᠠᠨ᠂ᠮᠠᠯ ᠵᠢᠭᠦᠷᠲᠡᠨ ᠤ ᠡᠭᠡᠯᠢᠯᠡᠭᠡ ᠶᠢᠨ ᠨᠢᠭᠲᠠᠴᠠ ᠶᠢ 100% ᠳᠤ ᠬᠦᠷᠦᠭᠦᠯᠬᠦ ᠶᠢ ᠪᠠᠲᠤᠯᠠᠨ᠎ᠠ᠃     ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︽ᠲᠥᠰᠥᠯ︾ ᠳᠤ ᠵᠡᠷᠭᠡ ᠳᠥᠷᠪᠡᠨ ᠲᠠᠯ᠎ᠠ ᠶᠢᠨ ᠠᠷᠭ᠎ᠠ ᠬᠡᠮᠵᠢᠶ᠎ᠡ ᠪᠠᠷ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠬᠡᠷᠡᠭᠵᠢᠬᠦᠯᠡᠭᠳᠡᠬᠦ ᠶᠢ ᠪᠠᠲᠤᠯᠠᠨ᠎ᠠ᠄     ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠵᠠᠰᠠᠭ ᠤᠨ ᠣᠷᠳᠣᠨ ᠤᠳᠤᠷᠢᠳᠬᠤ ᠳᠤᠭᠤᠶᠢᠯᠠᠩ ᠪᠠᠶᠢᠭᠤᠯᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠬᠤ ᠶᠢ ᠳᠡᠮᠵᠢᠨ᠎ᠡ᠃ ᠬᠤᠰᠢᠭᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠨᠢ ᠮᠠᠯ ᠡᠮᠨᠡᠯᠭᠡ ᠶᠢᠨ ᠨᠡᠶᠢᠭᠡᠮᠴᠢᠯᠡᠯᠲᠡ ᠶᠢᠨ ᠠᠵᠢᠯ ᠢ ᠪᠣᠳᠠᠲᠠᠢ ᠬᠠᠷᠢᠭᠤᠴᠠᠵᠤ᠂ ᠮᠠᠯ ᠡᠮᠨᠡᠯᠭᠡ ᠶᠢᠨ ᠨᠡᠶᠢᠭᠡᠮᠴᠢᠯᠡᠯᠲᠡ ᠶᠢᠨ ᠠᠵᠢᠯ ᠳᠤ ᠮᠡᠷᠭᠡᠵᠢᠯ ᠤᠨ ᠵᠢᠯᠣᠭᠤᠳᠤᠯᠭ᠎ᠠ᠂ ᠵᠣᠬᠢᠴᠠᠭᠤᠯᠤᠨ ᠠᠬᠢᠭᠤᠯᠬᠤ᠂ ᠬᠢᠨᠠᠨ ᠰᠢᠯᠭᠠᠵᠤ ᠰᠢᠯᠭᠠᠨ ᠠᠪᠬᠤ ᠵᠡᠷᠭᠡ ᠶᠢ ᠶᠠᠪᠤᠭᠳᠠᠭᠤᠯᠤᠨ᠎ᠠ᠃     ︵ᠬᠤᠶᠠᠷ︶ ᠪᠡᠯᠡ ᠮᠥᠩᠭᠦ ᠶᠢᠨ ᠪᠠᠲᠤᠯᠠᠭ᠎ᠠ ᠶᠢ ᠰᠠᠶᠢᠲᠤᠷ ᠬᠢᠨ᠎ᠡ᠃ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠳᠠᠯᠠᠵᠤ᠂ ᠢᠯᠡ ᠲᠣᠳᠣ᠂ ᠵᠢᠷᠤᠮᠵᠢᠯ ᠲᠠᠢ᠂ ᠪᠦᠲᠦᠮᠵᠢᠲᠡᠶ ᠪᠠᠶᠢᠬᠤ ᠶᠢ ᠪᠠᠲᠤᠯᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃     ︵ᠭᠤᠷᠪᠠ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠰᠢᠯᠢᠳᠡᠭᠵᠢᠭᠦᠯᠦᠨ᠎ᠡ᠃ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ  ᠶᠢ ᠰᠢᠨ᠎ᠡ ᠶᠢ ᠡᠭᠦᠳᠴᠦ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠬᠠᠪᠰᠤᠷᠤᠨ ᠰᠠᠶᠢᠨ ᠡᠬᠢᠯᠡᠯᠲᠡ ᠲᠠᠢ ᠪᠣᠯᠭᠠᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠨ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠣᠲᠣ ᠶᠢᠨ ᠪᠠᠶᠢᠭ᠎ᠠ ᠠᠯᠪᠠᠨ ᠭᠡᠷ᠂ ᠲᠤᠷᠰᠢᠯᠲᠠ ᠶᠢᠨ ᠲᠠᠰᠤᠭ᠂ ᠲᠦᠭᠦᠬᠡᠢ ᠡᠮ ᠤᠨ ᠬᠥᠮᠥᠷᠭᠡ ᠵᠡᠷᠭᠡ ᠪᠡᠯᠡᠳᠬᠡᠮᠵᠢ ᠲᠥᠬᠦᠭᠡᠷᠦᠮᠵᠢ ᠶᠢ ᠦᠨ᠎ᠡ ᠲᠥᠯᠥᠪᠦᠷᠢ ᠦᠭᠡᠢ ᠪᠠᠷ ᠬᠡᠷᠡᠭᠯᠡᠬᠦ ᠶᠢ ᠵᠥᠪᠰᠢᠶᠡᠷᠡᠨ᠎ᠡ᠃     ︵ᠳᠥᠷᠪᠡ︶ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠷᠠᠭᠤᠯᠤᠨ᠎ᠠ᠃ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ︽ᠵᠥᠪᠯᠡᠯ︾ ᠨᠢ ᠪᠥᠬᠦ ᠬᠤᠰᠢᠭᠤᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠷᠢᠯᠲᠠ ᠶᠢᠨ ᠠᠴᠢ ᠬᠤᠯᠪᠣᠭᠳᠠᠯ᠂ ᠬᠠᠷᠠᠯᠲᠠᠲᠤ ᠡᠭᠦᠷᠭᠡ ᠪᠠ ᠬᠠᠮᠢᠶ᠎ᠠ ᠪᠦᠬᠦᠢ ᠱᠠᠭᠠᠷᠳᠠᠯᠭ᠎ᠠ ᠶᠢ ᠥᠷᠭᠡᠨ ᠢᠶᠠᠷ ᠤᠬᠠᠭᠤᠯᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠶᠢ ᠴᠢᠩᠭᠠᠳᠬᠠᠨ᠂ ᠣᠯᠠᠨ ᠲᠦᠮᠡᠨ ᠤ ᠠᠩᠬᠠᠷᠤᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠥᠭᠴᠦ᠂ ᠨᠡᠶᠢᠭᠡᠮ ᠤᠨ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ᠃     ︵ᠲᠠᠪᠤ︶ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠨ᠎ᠡ᠃ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠺᠣᠮᠫᠠᠨᠢ ᠨᠢ ᠲᠠᠷᠢᠶᠠᠯᠠᠩ ᠤᠨ ᠰᠢᠨᠵᠢᠯᠡᠬᠦ  ᠮᠡᠷᠬᠡᠵᠢᠯ ᠤᠨ ᠲᠣᠪᠴᠢᠶ᠎ᠠ ᠶᠢᠨ ᠪᠠᠭᠤᠯᠭᠠᠭᠰᠠᠨ ᠠᠵᠢᠯ ᠤᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠵᠤ᠂ ᠤᠯᠤᠰ ᠤᠨ ᠠᠯᠪᠠᠳᠠᠯᠭ᠎ᠠ ᠪᠠᠷ ᠡᠬᠡᠯᠢᠯᠡᠭᠡ ᠶᠢᠨ ᠲᠥᠯᠥᠪᠯᠡᠭᠡ ᠳᠤ ᠲᠣᠭᠲᠠᠭᠠᠭᠰᠠᠨ ᠬᠢᠵᠢᠭ ᠢ ᠰᠡᠷᠭᠡᠶᠢᠯᠡᠬᠦ ᠨᠢᠭᠲᠠᠴᠠ ᠪᠠ ᠡᠬᠡᠯᠢᠯᠡᠭᠡ ᠡᠰᠡᠷᠭᠦᠴᠡᠭᠴᠢ ᠶᠢᠨ ᠬᠢᠷᠢ ᠲᠡᠩᠴᠡᠭᠰᠡᠨ ᠨᠤᠷᠮ᠎ᠠ ᠳᠤ ᠲᠡᠷᠡ ᠬᠡᠪ ᠢᠶᠠᠷ ᠨᠢ ᠬᠦᠷᠭᠡᠬᠦ ᠬᠡᠷᠡᠭᠲᠡᠢ᠃ ᠡᠳ᠋ ᠤᠨ ᠶᠠᠪᠤᠳᠠᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ ᠬᠢᠨᠠᠨ ᠪᠠᠶᠢᠴᠠᠭᠠᠵᠤ ᠬᠢᠨᠠᠨ ᠪᠤᠳᠤᠬᠤ ᠶᠢ ᠬᠦᠯᠢᠶᠡᠨ᠎ᠡ᠃ ᠬᠢᠵᠢᠭ ᠢ ᠰᠡᠷᠭᠡᠶᠢᠯᠡᠬᠦ ᠦᠨᠡᠨ ᠪᠣᠳᠠᠲᠠᠢ ᠡᠬᠡ ᠲᠠᠩᠰᠠ ᠶᠢ ᠪᠠᠶᠢᠭᠤᠯᠵᠤ᠂ ᠬᠢᠵᠢᠭ ᠢ ᠰᠡᠷᠭᠡᠶᠢᠯᠡᠬᠦ ᠡᠷᠦᠬᠡ ᠪᠦᠷᠢ ᠳᠤ ᠴᠥᠮ ᠬᠢᠵᠢᠭ ᠢ ᠰᠡᠷᠭᠡᠶᠢᠯᠡᠬᠦ ᠠᠵᠢᠯᠲᠠᠨ᠂ ᠬᠢᠨᠠᠯᠲᠠ ᠲᠠᠯᠪᠢᠬᠤ ᠠᠵᠢᠯᠲᠠᠨ ᠪᠠ ᠲᠡᠵᠢᠭᠡᠨ ᠦᠷᠡᠵᠢᠭᠦᠯᠬᠦ ᠲᠠᠯᠠᠪᠠᠶ ᠶᠢᠨ ᠡᠷᠦᠬᠡ ᠶᠢᠨ ᠡᠵᠡᠨ ᠢᠶᠠᠷ ᠭᠠᠷ ᠤᠨ ᠥᠰᠥᠭ ᠵᠢᠷᠤᠭᠤᠯᠵᠤ ᠨᠤᠲᠠᠯᠠᠭᠤᠯᠬᠤ ᠬᠡᠷᠡᠭᠲᠡᠢ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号