ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠭᠠᠯ ᠰᠡᠷᠬᠡᠶᠢᠯᠡᠵᠦ ᠭᠠᠯ ᠤᠨᠳᠠᠷᠭᠠᠬᠤ ᠠᠮᠤᠷ ᠲᠦᠪᠰᠢᠨ ᠤ  ᠭᠠᠮᠰᠢᠭ ᠢ ᠲᠥᠪᠯᠡᠷᠡᠭᠦᠯᠦᠨ ᠠᠷᠢᠯᠭᠠᠬᠤ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/3/20
 ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠭᠠᠯ ᠰᠡᠷᠬᠡᠶᠢᠯᠡᠵᠦ ᠭᠠᠯ ᠤᠨᠳᠠᠷᠭᠠᠬᠤ ᠠᠮᠤᠷ ᠲᠦᠪᠰᠢᠨ ᠤ  ᠭᠠᠮᠰᠢᠭ ᠢ ᠲᠥᠪᠯᠡᠷᠡᠭᠦᠯᠦᠨ ᠠᠷᠢᠯᠭᠠᠬᠤ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠷᠢᠯᠠᠭᠤᠯᠪᠠ      ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ 2 ᠰᠠᠷ᠎ᠠ ᠶᠢᠨ 4 ᠤ ᠡᠳᠦᠷ ᠮᠡᠳᠡᠭᠳᠡᠯ ᠳᠠᠷᠤᠮᠠᠯᠯᠠᠨ ᠲᠠᠷᠬᠠᠭᠠᠵᠤ᠂ ᠪᠥᠬᠦ ᠬᠤᠰᠢᠭᠤᠨ ᠤ ᠬᠡᠪᠴᠢᠶᠡᠨ ᠳᠤ ︽ᠶᠢᠰᠦᠨ ᠵᠢᠵᠢᠭ ᠲᠠᠯᠠᠪᠤᠷ︾᠂ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ᠂ ᠬᠥᠮᠥᠨ ᠬᠠᠷ᠎ᠠ ᠨᠢᠭᠲᠠᠷᠠᠨ ᠴᠤᠭᠯᠠᠷᠠᠭᠰᠠᠨ ᠲᠠᠯᠠᠪᠤᠷ ᠤᠨ ᠭᠠᠯ ᠰᠡᠷᠬᠡᠶᠢᠯᠡᠵᠦ ᠭᠠᠯ ᠤᠨᠳᠠᠷᠭᠠᠬᠤ ᠠᠮᠤᠷ ᠲᠦᠪᠰᠢᠨ ᠤ  ᠭᠠᠮᠰᠢᠭ ᠢ ᠲᠥᠪᠯᠡᠷᠡᠭᠦᠯᠦᠨ ᠠᠷᠢᠯᠭᠠᠬᠤ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠬᠦᠯᠪᠡ᠃ ᠶᠡᠷᠦᠩᠬᠡᠢ ᠱᠦᠵᠢ ᠰᠢ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠪ ᠤᠨ ᠤᠳᠤᠷᠢᠳᠬᠤ ᠨᠥᠬᠦᠳ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠯ ᠰᠡᠷᠬᠡᠶᠢᠯᠡᠵᠦ ᠭᠠᠯ ᠤᠨᠳᠠᠷᠭᠠᠬᠤ ᠠᠮᠤᠷ ᠲᠦᠪᠰᠢᠨ ᠤ ᠬᠦᠨᠳᠦ ᠶᠡᠭᠡ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠪᠦᠭᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ ᠲᠣᠰ ᠤᠳᠠᠭᠠᠨ ᠤ ᠠᠵᠢᠯᠯᠠᠭ᠎ᠠ ᠨᠢ ᠲᠣᠰ ᠡᠳᠦᠷ ᠠᠴᠠ ᠡᠬᠢᠯᠡᠵᠦ᠂ 3 ᠰᠠᠷ᠎ᠠ ᠶᠢᠨ ᠰᠡᠭᠦᠯᠴᠢ ᠪᠠᠷ ᠳᠠᠭᠤᠰᠤᠨ᠎ᠠ᠂ ᠡᠭᠦᠨ ᠳᠤ ᠳᠠᠶᠢᠴᠢᠯᠠᠯᠲᠠ ᠶᠢᠨ ᠪᠠᠶᠢᠷᠢᠯᠠᠭᠤᠯᠤᠯᠲᠠ᠂ ᠭᠠᠢ ᠭᠠᠮᠰᠢᠭ ᠢ ᠠᠷᠢᠯᠭᠠᠬᠤ ᠪᠡᠷᠬᠡ ᠰᠡᠳᠦᠪ ᠢ ᠰᠢᠢᠳᠪᠦᠷᠢᠯᠡᠬᠦ᠂ ᠰᠢᠯᠭᠠᠨ ᠠᠪᠬᠤ ᠪᠠ ᠦᠨᠡᠯᠡᠨ ᠵᠢᠱᠢᠬᠦ ᠭᠤᠷᠪᠠᠨ ᠱᠠᠲᠤ ᠬᠤᠪᠢᠶᠠᠨ᠎ᠠ᠃      ᠲᠣᠰ ᠤᠳᠠᠭᠠᠨ ᠤ ᠠᠵᠢᠯᠯᠠᠭ᠎ᠠ ᠨᠢ ︽ᠶᠢᠰᠦᠨ ᠵᠢᠵᠢᠭ ᠲᠠᠯᠠᠪᠤᠷ︾᠂ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ᠂ ᠬᠥᠮᠥᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠭᠠᠵᠠᠷ ᠵᠡᠷᠭᠡ ᠭᠤᠷᠪᠠᠨ ᠲᠥᠷᠥᠯ ᠤᠨ ᠲᠠᠯᠠᠪᠤᠷ ᠭᠠᠵᠠᠷ ᠲᠤ ᠴᠢᠭᠯᠡᠭᠦᠯᠦᠨ᠂ ᠬᠠᠤᠯᠢ ᠲᠣᠭᠲᠠᠭᠠᠯ ᠠᠴᠠ ᠵᠥᠷᠢᠴᠡᠨ ᠪᠠᠷᠢᠯᠭ᠎ᠠ ᠶᠢᠨ ᠠᠵᠢᠯ ᠬᠢᠬᠦ ᠪᠠ ᠦᠢᠯᠡᠳᠪᠦᠷᠢᠯᠡᠯ ᠡᠵᠡᠩᠨᠡᠯᠲᠡ ᠬᠢᠬᠦ᠂ ᠠᠮᠤᠷ ᠲᠦᠪᠰᠢᠨ ᠢᠶᠠᠷ ᠲᠠᠷᠬᠠᠭᠠᠬᠤ ᠨᠥᠬᠦᠴᠡᠯ ᠬᠦᠷᠦᠯᠴᠡᠬᠦ ᠦᠭᠡᠢ ᠪᠠᠶᠢᠬᠤ᠂ ᠲᠣᠭᠲᠠᠭᠠᠯ  ᠠᠴᠠ ᠵᠥᠷᠢᠴᠡᠨ ᠬᠤᠯᠠᠭᠠᠢ ᠶᠢ ᠰᠡᠷᠭᠡᠶᠢᠯᠡᠬᠦ ᠲᠣᠣᠷ ᠪᠠ ᠵᠠᠷ ᠤᠨ ᠫᠠᠶᠢᠰᠠ ᠪᠠᠶᠢᠷᠢᠯᠠᠭᠤᠯᠬᠤ᠂ ᠲᠣᠭᠲᠠᠭᠠᠯ ᠠᠴᠠ ᠵᠥᠷᠢᠴᠡᠨ ᠴᠠᠬᠢᠯᠭᠠᠨ ᠬᠡᠷᠡᠭᠯᠡᠬᠦ ᠦᠶᠯᠡ ᠠᠵᠢᠯᠯᠠᠭ᠎ᠠ᠂ ᠪᠠᠷᠢᠯᠭ᠎ᠠ ᠶᠢᠨ ᠭᠠᠯ ᠰᠡᠷᠬᠡᠶᠢᠯᠡᠵᠦ ᠭᠠᠯ ᠤᠨᠳᠠᠷᠭᠠᠬᠤ ᠲᠥᠬᠦᠭᠡᠷᠦᠮᠵᠢ ᠶᠢ ᠡᠪᠳᠡᠨ ᠰᠦᠢᠳᠬᠡᠵᠦ ᠬᠡᠷᠡᠭᠯᠡᠬᠦ ᠶᠢ ᠵᠣᠭᠰᠣᠭᠠᠭᠰᠠᠨ ᠵᠡᠷᠭᠡ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠨ᠎ᠠ᠃ ᠡᠭᠦᠨ ᠳᠤ ᠂ ︽ᠶᠢᠰᠦᠨ ᠵᠢᠵᠢᠭ︾ ᠲᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ᠂ ᠪᠠᠭ᠎ᠠ ᠬᠡᠯᠪᠡᠷᠢ ᠶᠢᠨ ᠡᠮᠴᠢᠯᠡᠭᠡᠨ ᠤ ᠪᠠᠶᠢᠭᠤᠯᠤᠮᠵᠢ᠂ ᠵᠢᠵᠢᠭ ᠳᠡᠯᠭᠡᠭᠦᠷ᠂ ᠵᠢᠵᠢᠭ ᠢᠳᠡᠭᠡᠨ ᠤᠮᠳᠠᠭᠠᠨ᠂ ᠵᠢᠵᠢᠭ ᠪᠠᠭᠤᠳᠠᠯ᠂ ᠵᠢᠵᠢᠭ ᠳᠠᠭᠤᠤ ᠪᠥᠵᠢᠭ ᠵᠤᠭ᠎ᠠ ᠴᠡᠩᠭᠡᠯ ᠤᠨ ᠭᠠᠵᠠᠷ᠂ ᠵᠢᠵᠢᠭ ᠰᠦᠯᠵᠢᠶᠡᠨ ᠤ ᠪᠠᠭᠠᠷ᠂ ᠵᠢᠵᠢᠭ ᠵᠢᠰᠦ ᠭᠤᠶᠣᠯᠠᠵᠤ ᠪᠡᠶ᠎ᠡ ᠤᠬᠢᠶᠠᠬᠤ᠂ ᠵᠢᠵᠢᠭ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠵᠡᠷᠭᠡ ᠲᠠᠯᠠᠪᠤᠷ ᠪᠠᠭᠲᠠᠨ᠎ᠠ᠃ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ ᠲᠤ ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠤᠭ᠎ᠠ ᠴᠡᠩᠭᠡᠯ᠂ ᠬᠤᠳᠠᠯᠳᠤᠭ᠎ᠠ᠂ ᠬᠥᠮᠥᠷᠭᠡᠯᠡᠯᠲᠡ᠂ ᠰᠣᠶᠣᠯ᠂ ᠪᠡᠶ᠎ᠡ ᠲᠠᠮᠢᠷ᠂ ᠪᠣᠯᠪᠠᠰᠤᠷᠠᠭᠤᠯᠤᠯ ᠵᠡᠷᠭᠡ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠣᠯᠠᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠡᠵᠡᠩᠨᠡᠯᠲᠡ ᠶᠢᠨ ᠲᠠᠯᠠᠪᠤᠷ ᠭᠠᠵᠠᠷ᠂ ᠬᠤᠪᠢᠶᠠᠨ ᠲᠦᠷᠢᠶᠡᠰᠦᠯᠡᠬᠦ᠂ ᠰᠢᠯᠵᠢᠭᠦᠯᠦᠨ ᠲᠦᠷᠢᠶᠡᠰᠦᠯᠡᠬᠦ ᠶᠢ ᠪᠣᠶ ᠪᠣᠯᠭᠠᠭᠰᠠᠨ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠵᠡᠷᠭᠡ ᠲᠠᠯᠠᠪᠤᠷ ᠭᠠᠵᠠᠷ ᠪᠠᠭᠲᠠᠨ᠎ᠠ᠃ ᠬᠥᠮᠥᠨ ᠣᠯᠠᠨ ᠴᠤᠭᠯᠠᠷᠠᠳᠠᠭ ᠲᠠᠯᠠᠪᠤᠷ ᠲᠤ ᠵᠣᠴᠢᠳ ᠤᠨ ᠪᠠᠭᠤᠳᠠᠯ᠂ ᠣᠯᠠᠨ ᠨᠡᠶᠢᠲᠡ ᠶᠢᠨ ᠵᠤᠭ᠎ᠠ ᠴᠡᠩᠭᠡᠯ ᠤᠨ ᠲᠠᠯᠠᠪᠤᠷ᠂ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠡᠮᠨᠡᠯᠭᠡ ᠶᠢᠨ ᠬᠤᠷᠢᠶ᠎ᠠ᠂ ᠪᠠᠶᠢᠷᠢ ᠳᠤ ᠰᠠᠭᠤᠬᠤ ᠳᠦᠷᠢᠮᠲᠦ ᠳᠤᠮᠳᠠᠳᠤ ᠪᠠᠭ᠎ᠠ ᠰᠤᠷᠭᠠᠭᠤᠯᠢ᠂ ᠨᠠᠰᠤᠲᠠᠨ ᠢ ᠠᠰᠠᠷᠠᠬᠤ ᠬᠦᠷᠢᠶᠡᠯᠡᠩ᠂ ᠬᠡᠦᠬᠡᠳ ᠤᠨ ᠠᠰᠠᠷᠠᠮᠵᠢ ᠶᠢᠨ ᠬᠦᠷᠢᠶᠡᠯᠡᠩ᠂ ᠵᠢᠭᠤᠯᠴᠢᠯᠠᠯ ᠤᠨ ᠲᠠᠯᠠᠪᠤᠷ ᠵᠡᠷᠭᠡ ᠪᠠᠭᠲᠠᠨ᠎ᠠ᠃     ᠮᠡᠳᠡᠭᠳᠡᠯ ᠳᠤ ᠱᠠᠭᠠᠷᠳᠠᠭᠰᠠᠨ ᠨᠢ᠂ ᠶᠡᠭᠡ ᠪᠠᠷ ᠵᠢᠭᠰᠠᠭᠠᠨ ᠪᠠᠶᠢᠴᠠᠭᠠᠬᠤ᠂ ᠶᠡᠭᠡ ᠪᠠᠷ ᠴᠡᠭᠴᠡᠯᠡᠨ ᠵᠠᠰᠠᠬᠤ᠂ ᠶᠡᠭᠡ ᠪᠠᠷ ᠢᠯᠡᠴᠢᠯᠡᠬᠦ᠂ ᠶᠡᠭᠡ ᠪᠠᠷ ᠰᠣᠷᠢᠯᠲᠠ ᠬᠢᠬᠦ᠂ ᠶᠡᠭᠡ  ᠪᠠᠷ ᠶᠠᠷᠢᠯᠴᠠᠬᠤ᠂ ᠶᠡᠭᠡ ᠪᠠᠷ ᠬᠢᠨᠠᠨ ᠵᠢᠯᠤᠭᠤᠳᠬᠤ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠠᠪᠴᠤ ᠲᠥᠪᠯᠡᠷᠡᠭᠦᠯᠦᠨ ᠠᠵᠢᠯᠯᠠᠭ᠎ᠠ ᠥᠷᠨᠢᠭᠦᠯᠵᠦ᠂ ︽ᠶᠢᠰᠦᠨ ᠵᠢᠵᠢᠭ ᠲᠠᠯᠠᠪᠤᠷ︾᠂ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ᠂ ᠬᠥᠮᠥᠨ ᠣᠯᠠᠨ ᠴᠤᠭᠯᠠᠷᠠᠬᠤ ᠲᠠᠯᠠᠪᠤᠷ ᠤᠨ ᠲᠣᠪᠣᠶᠢᠮ᠎ᠠ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠴᠡᠭᠴᠡᠯᠡᠨ ᠵᠠᠰᠠᠬᠤ ᠭᠤᠣᠯᠳᠠᠯᠭ᠎ᠠ ᠲᠠᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠶᠡᠭᠡ ᠪᠠᠷ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠥᠰᠥᠯ ᠤᠨ ᠱᠠᠭᠠᠷᠳᠠᠯᠭ᠎ᠠ ᠲᠠᠢ ᠤᠶᠠᠯᠳᠤᠭᠤᠯᠤᠨ ᠰᠢᠯᠭᠠᠨ ᠠᠪᠴᠤ ᠦᠨᠡᠯᠡᠨ ᠵᠢᠱᠢᠬᠦ ᠶᠢ ᠥᠷᠨᠢᠭᠦᠯᠵᠦ᠂ ᠦᠷ᠎ᠡ ᠪᠦᠲᠦᠮᠵᠢ ᠪᠠᠨ ᠳ᠋ᠦᠩᠨᠡᠨ᠂ ᠠᠰᠠᠭᠤᠳᠠᠯ ᠢ ᠮᠡᠳᠡᠭᠡᠯᠡᠬᠦ ᠬᠡᠷᠡᠭᠲᠡᠢ᠃ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠭᠤᠣᠯᠳᠠᠯᠭ᠎ᠠ ᠲᠠᠢ ᠰᠢᠮᠳᠠᠭᠤᠯᠤᠨ ᠰᠢᠢᠳᠪᠦᠷᠢᠯᠡᠭᠦᠯᠵᠦ᠂  ᠬᠡᠮ ᠰᠤᠭᠤᠭ ᠢ ᠠᠷᠢᠯᠭᠠᠬᠤ ᠪᠣᠭᠤᠮᠲᠠ ᠰᠢᠪᠲᠤᠯᠬᠤ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠳᠠᠭᠢᠵᠤ ᠵᠣᠬᠢᠶᠠᠨ ᠪᠠᠶᠢᠭᠤᠯᠬᠤ ᠬᠡᠷᠡᠭᠲᠡᠢ᠃    ᠮᠡᠳᠡᠭᠳᠡᠯ ᠳᠤ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠨᠦᠭᠦᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠶᠤᠯ ᠲᠦᠭᠰᠢᠭᠦᠷᠢ ᠶᠢᠨ ᠳᠠᠯᠳᠠ ᠬᠡᠮ ᠢ ᠬᠢᠨᠠᠮᠠᠭᠠᠢ ᠵᠢᠭᠰᠠᠭᠠᠨ ᠪᠠᠶᠢᠴᠠᠭᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠴᠢᠩᠭᠠᠳᠬᠠᠵᠤ᠂ ᠨᠢᠭᠡ ᠤᠳᠠᠭ᠎ᠠ ᠶᠢᠨ ᠪᠦᠬᠦ ᠲᠠᠯ᠎ᠠ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠦᠨᠡᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠡᠮ ᠰᠣᠭᠤᠭ ᠤᠨ ᠠᠰᠠᠭᠤᠳᠠᠯ ᠲᠥᠪᠯᠡᠷᠡᠭᠰᠡᠨ ᠭᠤᠣᠯᠳᠠᠯᠭ᠎ᠠ ᠲᠠᠢ ᠬᠦᠷᠢᠶ᠎ᠡ᠂ ᠪᠠᠭᠤᠷᠠᠢ ᠭᠤᠭᠴᠤᠭ᠎ᠠ ᠶᠢ ᠣᠨᠣᠪᠴᠢᠲᠠᠢ ᠡᠷᠢᠵᠦ᠂ ᠤᠨᠢᠨ ᠳᠡᠭᠡᠷ᠎ᠡ ᠨᠢ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠪᠣᠭᠤᠮᠲᠠ ᠰᠢᠪᠲᠤᠯᠬᠤ ᠬᠡᠷᠡᠭᠲᠡᠢ᠃ ᠬᠢᠨᠠᠯᠲᠠ ᠲᠠᠯᠪᠢᠵᠤ ᠦᠷ᠎ᠡ ᠪᠦᠲᠦᠮᠵᠢ ᠶᠢ ᠴᠢᠩᠭᠠᠳᠬᠠᠵᠤ᠂ ᠲᠣᠰ ᠤᠳᠠᠭᠠᠨ ᠤ ᠠᠵᠢᠯᠯᠠᠭ᠎ᠠ ᠶᠢ ᠡᠳᠦᠷ ᠲᠤᠲᠤᠮ ᠤᠨ ᠬᠢᠨᠠᠨ ᠵᠢᠯᠤᠭᠤᠳᠴᠤ ᠪᠠᠶᠢᠴᠠᠭᠠᠬᠤ ᠠᠭᠤᠯᠭ᠎ᠠ ᠳᠤ ᠣᠷᠣᠭᠤᠯᠵᠤ᠂ ᠶᠠᠪᠤᠴᠠ ᠶᠢᠨ ᠬᠢᠨᠠᠯᠲᠠ ᠬᠠᠮᠢᠶᠠᠷᠤᠯᠲᠠ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠢ᠃ ᠠᠵᠢᠯᠯᠠᠭ᠎ᠠ ᠶᠢᠨ ᠬᠤᠭᠤᠴᠠᠭᠠᠨ ᠳᠤ᠂ ᠣᠯᠠᠨ ᠢᠶᠠᠷ ᠦᠬᠦᠵᠦ ᠣᠯᠠᠨ ᠢᠶᠠᠷ ᠰᠢᠷᠬᠠᠲᠤᠭᠰᠠᠨ ᠭᠠᠯ ᠤᠨ ᠭᠠᠮᠰᠢᠭ ᠤᠨ ᠠᠳᠡᠯ ᠭᠠᠷᠤᠭᠰᠠᠨ ᠪᠠᠶᠢᠪᠠᠯ᠂ ᠲᠠᠰ ᠳᠠᠷᠠᠭᠠᠯᠠᠯ ᠶᠣᠰᠣᠭᠠᠷ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠣᠭᠲᠠᠴᠠ ᠶᠢ ᠡᠬᠢᠯᠡᠭᠦᠯᠵᠦ᠂ ᠬᠠᠤᠯᠢ ᠲᠣᠭᠲᠠᠭᠠᠯ ᠰᠠᠬᠢᠯᠭ᠎ᠠ ᠪᠠᠲᠤ ᠶᠣᠰᠣᠭᠠᠷ ᠬᠠᠮᠢᠶ᠎ᠠ ᠪᠦᠬᠦᠢ ᠬᠥᠮᠥᠰ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号