ᠶᠡᠬᠡᠨᠠᠭᠤᠷ ᠤᠨ ᠤᠩᠭᠤᠨ ᠤ ᠰᠦᠷᠦᠭᠯᠡᠯ | ᠲᠤᠰ ᠣᠩᠭᠤᠨ ᠤ ᠣᠷᠳᠣ ᠨᠢ ᠡᠮᠦᠨᠡᠰᠢ ᠤᠮᠠᠷᠠᠰᠢ 3.5 ᠮᠧᠲᠷ᠂ ᠵᠡᠭᠦᠨᠰᠢ ᠪᠠᠷᠠᠭᠤᠨᠰᠢ 2.5 ᠮᠧᠲᠷ | ᠣᠷᠴᠢᠮ ᠪᠠᠶᠢᠵᠤ᠂ ᠲᠤᠰ ᠣᠩᠭᠤᠨ ᠠᠴᠠ ᠤᠯᠤᠭᠰᠠᠨ ᠲᠡᠦᠬᠡ ᠶᠢᠨ ᠳᠤᠷᠠᠰᠬᠠᠯᠲᠤ ᠵᠦᠢᠯ ᠨᠡᠶᠢᠲᠡ 200 ᠭᠠᠷᠤᠢ | ᠪᠠᠶᠢᠵᠤ᠂ ᠡᠭᠦᠨ ᠳᠤ ᠭᠤᠣᠯᠳᠠᠭᠤ ᠸᠠᠭᠠᠷ ᠰᠠᠪᠠ᠂ ᠠᠯᠲᠠ ᠮᠥᠩᠭᠦᠨ ᠰᠠᠪᠠ᠂ ᠵᠡᠰ ᠰᠠᠪᠠ᠂ ᠰᠢᠯ ᠰᠠᠪᠠ ᠵᠢᠴᠢ | ᠰᠢᠭᠢᠳᠬᠡᠮᠡᠯ ᠡᠷᠳᠡᠨᠢ ᠶᠢᠨ ᠴᠢᠯᠠᠭᠤᠨ ᠤ ᠵᠠᠰᠠᠯ ᠵᠢᠮᠰᠡᠭ ᠵᠡᠷᠭᠡ ᠪᠤᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠢ ᠬᠢᠨᠠᠨ ᠲᠣᠭᠲᠠᠭᠠᠬᠤ ᠺᠣᠮᠢᠰ ᠤᠨ ᠲᠤᠰᠬᠠᠢ ᠮᠡᠷᠭᠡᠵᠢᠯᠲᠡᠨ ᠢᠶᠠᠷ | ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠲᠣᠰ ᠪᠤᠯᠠᠰᠢ ᠪᠣᠯ ᠤᠮᠠᠷᠠᠲᠤ ᠲᠥᠷᠥ ᠶᠢᠨ ᠦᠶ᠎ᠡ ᠶᠢᠨ ᠪᠤᠯᠠᠰᠢ ᠪᠣᠯᠬᠤ ᠶᠢ | ᠨᠤᠲᠠᠯᠠᠪᠠ᠃ ᠮᠠᠯᠲᠠᠵᠤ ᠭᠠᠷᠭᠠᠭᠰᠠᠨ ᠲᠡᠦᠬᠡ ᠶᠢᠨ ᠳᠤᠷᠠᠰᠬᠠᠯᠲᠤ ᠵᠦᠢᠯ ᠨᠢ ᠨᠡᠯᠢᠶᠡᠳ ᠬᠤᠪᠣᠷ ᠨᠠᠨᠳᠢᠨ᠂ ᠬᠤᠪᠣᠷ | ᠮᠥᠷᠲᠡᠭᠡᠨ ᠣᠨᠳᠣᠣ ᠣᠷᠣᠨ ᠪᠦᠰᠡ ᠶᠢᠨ ᠣᠨᠴᠠᠯᠢᠭ ᠢᠶᠠᠷ ᠢᠯᠡᠷᠬᠡᠢ ᠪᠠᠶᠢᠳᠠᠭ᠃ ᠶᠡᠬᠡᠨᠠᠭᠤᠷ ᠤᠨ ᠣᠩᠭᠤᠨ ᠤ | ᠰᠦᠷᠦᠭ ᠨᠢ ᠤᠮᠠᠷᠠᠲᠤ ᠲᠥᠷᠥ ᠶᠢᠨ ᠲᠡᠦᠬᠡ ᠪᠠ ᠤᠮᠠᠷᠠᠲᠤ ᠣᠷᠣᠨ ᠤ ᠦᠨᠳᠦᠰᠦᠲᠡᠨ ᠤ ᠲᠡᠦᠬᠡ ᠶᠢ | ᠰᠤᠳᠤᠯᠬᠤ ᠳᠤ ᠮᠠᠰᠢ ᠶᠡᠭᠡ ᠦᠨ᠎ᠡ ᠥᠷᠲᠡᠭ ᠲᠠᠢ ᠶᠤᠮ᠃ 2015 ᠣᠨ ᠤ 4 ᠰᠠᠷ᠎ᠠ ᠳᠤ ᠰᠢᠯᠤᠭᠤᠨ ᠬᠥᠪᠡᠭᠡᠲᠦ | ᠴᠠᠭᠠᠨ ᠬᠤᠰᠢᠭᠤᠨ ᠤ ᠶᠡᠬᠡᠨᠠᠭᠤᠷ ᠤᠨ ᠣᠩᠭᠤᠨ ᠤ ᠰᠦᠷᠦᠭ ᠨᠢ 2014 ᠣᠨ ᠤ ᠪᠥᠬᠦ ᠤᠯᠤᠰ ᠤᠨ ᠬᠠᠭᠤᠴᠢ | ᠰᠤᠳᠤᠯᠤᠯ ᠤᠨ ᠠᠷᠪᠠᠨ ᠶᠡᠭᠡ ᠰᠢᠨ᠎ᠡ ᠢᠯᠡᠷᠡᠭᠦᠯᠦᠯᠲᠡ ᠶᠢ ᠭᠥᠷᠳᠡᠪᠡ᠃ | | | | | | |