ᠰᠢ ᠶᠢᠨ ᠫᠢᠩ ᠬᠤᠨᠠᠨ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠴᠦ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠬᠤᠨᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ | | ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠬᠤᠨᠠᠨ ᠳᠤ ᠰᠢᠨᠵᠢᠯᠡᠨ | ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠂ ᠬᠤᠨᠠᠨ ᠤ ᠬᠢᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ | ᠳᠤᠮᠳᠠᠬᠢ ᠲᠤᠰ ᠪᠡᠶ᠎ᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠᠨ ᠪᠠᠲᠤ ᠡᠵᠡᠮᠳᠡᠵᠦ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ | ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠦᠨᠡᠨ ᠢ ᠪᠠᠷᠢᠮᠲᠠᠯᠠᠨ ᠪᠣᠳᠠᠲᠠᠢ ᠶᠢ | ᠡᠷᠭᠢᠮᠯᠡᠭᠦ ᠶᠢ ᠪᠠᠷᠢᠮᠲᠠᠯᠠᠵᠤ᠂ ᠤᠯᠤᠰ ᠤᠨ ᠴᠢᠬᠤᠯᠠ ᠲᠡᠷᠢᠭᠦᠨ ᠤ ᠦᠢᠯᠡᠳᠬᠦ ᠦᠢᠯᠡᠰ ᠤᠨ ᠥᠨᠳᠦᠷᠯᠢᠭ᠂ ᠭᠤᠣᠯᠯᠠᠬᠤ | ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ᠂ | ᠳᠣᠲᠣᠭᠠᠳᠤ ᠬᠠᠭᠤᠷᠠᠢ ᠶᠢᠨ ᠭᠠᠵᠠᠷ ᠣᠷᠣᠨ ᠤ ᠥᠭᠡᠷᠡᠴᠢᠯᠡᠯᠲᠡ ᠨᠡᠭᠡᠭᠡᠯᠲᠡ ᠶᠢᠨ ᠥᠨᠳᠦᠷᠯᠢᠭ ᠢ ᠴᠣᠭᠴᠠᠯᠠᠬᠤ ᠲᠠᠯ᠎ᠠ ᠪᠠᠷ | ᠦᠷᠭᠦᠯᠵᠢᠯᠡᠨ ᠬᠦᠴᠦᠯᠡᠵᠦ᠂ ᠳᠤᠮᠳᠠ ᠣᠷᠣᠨ ᠤ ᠭᠠᠵᠠᠷ ᠣᠷᠣᠨ ᠤ ᠬᠥᠭᠵᠢᠯ ᠮᠠᠨᠳᠤᠯ ᠪᠠ ᠬᠥᠬᠡᠮᠥ᠋ᠷᠡᠨ ᠤ ᠠᠵᠤ | ᠠᠬᠤᠢ ᠶᠢᠨ ᠪᠦᠰᠡ ᠶᠢᠨ ᠬᠥᠭᠵᠢᠯᠲᠡ ᠶᠢ ᠠᠬᠢᠭᠤᠯᠬᠤ ᠳᠤᠮᠳᠠ ᠭᠠᠪᠰᠢᠭᠠᠶᠢᠯᠠᠨ ᠲᠡᠮᠡᠴᠡᠵᠦ ᠲᠡᠷᠢᠭᠦᠨ ᠤ ᠬᠢ ᠪᠤᠯᠬᠤ ᠪᠠᠷ | ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠤᠨᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ | ᠬᠡᠷᠡᠭᠲᠡᠢ ᠭᠡᠵᠦ ᠴᠢᠬᠤᠯᠠᠴᠢᠯᠠᠪᠠ᠃ | | | 3 ᠰᠠᠷ᠎ᠠ ᠶᠢᠨ 18 ᠠᠴᠠ 21 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠬᠤᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 18 ᠤ ᠦᠳᠡ ᠶᠢᠨ ᠬᠤᠶᠢᠨ᠎ᠠ᠂ ᠰᠢ ᠶᠢᠨ ᠫᠢᠩ ᠳᠤᠮᠳᠠᠳᠤ ᠭᠧᠷᠮᠠᠨ ᠤ | ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠪᠤᠯᠬᠤ ᠪᠠᠰᠹ ᠱᠠᠨ ᠱᠠᠨ ᠳ᠋ᠢᠶᠠᠨ ᡂᠢ ᠶᠢᠨ ᠮᠠᠲ᠋ᠧᠷᠢᠶᠠᠯ ᠤᠨ ᠬᠢᠵᠠᠭᠠᠷᠲᠤ | ᠺᠤᠮᠫᠠᠨᠢ ᠳᠤ ᠰᠢᠨᠵᠢᠯᠡᠨ ᠪᠠᠶᠢᠴᠠᠭᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | 3 ᠰᠠᠷ᠎ᠠ ᠶᠢᠨ 18 ᠠᠴᠠ 21 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠨᠠᠨ ᠳᠤ ᠰᠢᠨᠵᠢᠯᠡᠨ | ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ᠂ ᠰᠢ ᠶᠢᠨ ᠫᠢᠩ ᠴᠠᠩᠳᠧ ᠬᠤᠳᠠ ᠶᠢᠨ ᠳ᠋ᠢᠩᠴᠧᠩ | ᠲᠣᠭᠤᠷᠢᠭ ᠤᠨ ᠰᠢᠶᠧ ᠵᠢᠶᠠ ᠫᠦ᠋ ᠪᠠᠯᠭᠠᠰᠤ ᠶᠢᠨ ᠭᠠᠩ ᠵᠦᠩ ᠫᠢᠩ ᠲᠣᠰᠬᠤᠨ ᠳᠤ ᠠᠮᠤ ᠪᠤᠳᠠᠭ᠎ᠠ ᠲᠠᠷᠢᠬᠤ ᠲᠣᠮᠣ ᠡᠷᠦᠭᠡ᠂ | ᠲᠠᠷᠢᠶᠠᠯᠠᠩ ᠤᠨ ᠮᠡᠷᠭᠡᠵᠢᠯᠲᠡᠨ᠂ ᠦᠨᠳᠦᠰᠦᠨ ᠱᠠᠲᠤᠨᠤ ᠺᠠᠳ᠋ᠷ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | 3 ᠰᠠᠷ᠎ᠠ ᠶᠢᠨ 18 ᠠᠴᠠ 21 ᠤ ᠡᠳᠦᠷ ᠪᠤᠯᠲᠠᠯ᠎ᠠ᠂ ᠰᠢ ᠶᠢᠨ ᠫᠢᠩ ᠬᠤᠨᠠᠨ ᠮᠤᠵᠢ ᠶᠢᠨ ᠨᠠᠮ ᠤᠨ ᠬᠤᠷᠢᠶ᠎ᠠ ᠶᠢᠨ | ᠱᠦᠵᠢ ᠱᠧᠨ ᠰᠢᠶᠣᠣ ᠮᠢᠩ ᠪᠣᠯᠣᠨ ᠮᠤᠵᠢ ᠶᠢᠨ ᠳᠠᠷᠤᠭ᠎ᠠ ᠮᠣᠣ ᠸᠧᠢ ᠮᠢᠩ ᠤᠨ ᠪᠠᠷ᠎ᠠ ᠪᠤᠯᠣᠯᠭ᠎ᠠ ᠪᠠᠷ ᠤᠷᠢᠳ ᠬᠤᠵᠢᠳ | ᠴᠠᠩᠱᠠ᠂ ᠴᠠᠩᠳᠧ ᠵᠡᠷᠭᠡ ᠭᠠᠵᠠᠷ ᠲᠤ ᠬᠦᠷᠴᠦ᠂ ᠰᠤᠷᠭᠠᠭᠤᠯᠢ᠂ ᠠᠵᠤ ᠠᠬᠤᠶᠢᠯᠠᠯ᠂ ᠲᠡᠦᠬᠡ ᠰᠣᠶᠣᠯ ᠤᠨ ᠵᠡᠭᠡᠯᠢ | ᠲᠣᠭᠤᠷᠢᠭ᠂ ᠬᠥᠳᠡᠭᠡ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ | 18 ᠤ ᠦᠳᠡ ᠶᠢᠨ ᠬᠤᠶᠢᠨ᠎ᠠ᠂ ᠰᠢ ᠶᠢᠨ ᠫᠢᠩ ᠬᠤᠨᠠᠨ ᠤ ᠨᠢᠭᠡᠳᠦᠭᠡᠷ ᠪᠠᠭᠰᠢ ᠶᠢᠨ ᠳᠡᠭᠡᠳᠦ ᠰᠤᠷᠭᠠᠭᠤᠯᠢ ︵ᠴᠧᠩ | ᠨᠠᠨ ᠪᠢᠴᠢᠭ ᠤᠨ ᠬᠦᠷᠢᠶᠡᠯᠡᠩ ᠰᠤᠷᠭᠠᠭᠤᠯᠢ ᠶᠢᠨ ᠲᠣᠭᠤᠷᠢᠭ︶ ᠳᠤ ᠬᠦᠷᠴᠦ ᠰᠢᠨᠵᠢᠯᠡᠨ ᠪᠠᠶᠢᠴᠠᠭᠠᠪᠠ᠃ ᠲᠤᠰ | ᠰᠤᠷᠭᠠᠭᠤᠯᠢ ᠰᠦᠩ ᠤᠯᠤᠰ ᠤᠨ ᠦᠶ᠎ᠡ ᠳᠤ ᠪᠠᠶᠢᠭᠤᠯᠤᠭᠰᠠᠨ ᠴᠧᠩ ᠨᠠᠨ ᠪᠢᠴᠢᠭ ᠤᠨ ᠬᠦᠷᠢᠶᠡᠯᠡᠩ ᠪᠠᠶᠢᠵᠤ᠂ ᠣᠶᠢᠷ᠎ᠠ | ᠦᠶ᠎ᠡ ᠠᠴᠠ ᠨᠠᠭᠠᠰᠢ ᠨᠢᠭᠡ ᠪᠦᠯᠦᠭ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢ ᠪᠠ ᠨᠡᠷᠡᠳᠤ | ᠪᠠᠭᠰᠢ ᠮᠡᠷᠭᠡᠵᠢᠯᠲᠡᠨ ᠢ ᠬᠥᠮᠥᠵᠢᠭᠦᠯᠵᠡᠢ᠃ ᠰᠢ ᠶᠢᠨ ᠫᠢᠩ ᠵᠠᠯᠠᠭᠤ ᠨᠠᠰᠤᠨ ᠤ ᠮᠠᠤ ᠽᠧ ᠳ᠋ᠦᠩ ᠭᠤᠣᠯ ᠰᠡᠳᠦᠪᠲᠦ | ᠥᠵᠡᠰᠭᠦᠯᠡᠩ ᠢ ᠲᠣᠭᠤᠷᠢᠨ ᠦᠵᠡᠵᠦ᠂ ᠳᠡᠭᠡᠳᠦ ᠰᠤᠷᠭᠠᠭᠤᠯᠢ ᠶᠢᠨ ᠬᠥᠭᠵᠢᠯᠲᠡ ᠶᠢᠨ ᠤᠯᠠᠷᠢᠯ ᠬᠤᠪᠢᠰᠤᠯ ᠪᠣᠯᠣᠨ | ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ ᠪᠠᠶᠢᠬᠤ ᠵᠡᠷᠭᠡ ᠪᠠᠶᠢᠳᠠᠯ ᠢ ᠣᠶᠢᠯᠠᠭᠠᠪᠠ᠃ ᠳᠡᠭᠡᠳᠦ | ᠰᠤᠷᠭᠠᠭᠤᠯᠢ ᠶᠢᠨ ᠶᠡᠭᠡ ᠲᠢᠩᠬᠢᠮ ᠳᠤ᠂ ᠰᠢ ᠶᠢᠨ ᠫᠢᠩ ᠪᠠᠭᠰᠢ ᠰᠤᠷᠤᠬᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ | ᠶᠠᠷᠢᠯᠴᠠᠪᠠ᠃ ᠲᠡᠷᠡ᠂ ᠤᠯᠤᠰ ᠣᠷᠣᠨ ᠢᠶᠠᠨ ᠬᠦᠴᠦᠷᠬᠡᠭᠵᠢᠭᠦᠯᠬᠦ ᠳᠤ ᠡᠷᠬᠡᠪᠰᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠭᠦ | ᠬᠡᠷᠡᠭᠲᠡᠢ᠃ ᠬᠤᠨᠠᠨ ᠤ ᠨᠢᠭᠡᠳᠦᠭᠡᠷ ᠪᠠᠭᠰᠢ ᠶᠢᠨ ᠳᠡᠭᠡᠳᠦ ᠰᠤᠷᠭᠠᠭᠤᠯᠢ ᠪᠣᠯ ᠤᠯᠤᠰ ᠢᠶᠠᠨ ᠬᠠᠶᠢᠷᠠᠯᠠᠬᠤ ᠦᠵᠡᠯ ᠤᠨ | ᠬᠥᠮᠦᠵᠢᠯ ᠥᠷᠨᠢᠭᠦᠯᠬᠦ᠂ ᠬᠤᠪᠢᠰᠬᠠᠯ ᠤᠨ ᠤᠳᠤᠮᠰᠢᠯ ᠢ ᠤᠯᠠᠮᠵᠢᠯᠠᠬᠤ ᠰᠠᠶᠢᠨ ᠭᠠᠵᠠᠷ ᠮᠥᠨ᠂ ᠡᠨᠡ ᠬᠦ ᠬᠤᠪᠢᠰᠬᠠᠯ ᠤᠨ | ᠡᠬᠢ ᠪᠠᠶᠠᠯᠢᠭ ᠢ ᠰᠠᠶᠢᠲᠤᠷ ᠬᠠᠮᠠᠭᠠᠯᠠᠵᠤ ᠬᠡᠷᠡᠭᠯᠡᠬᠦ ᠬᠡᠷᠡᠭᠲᠡᠢ᠃ ᠰᠤᠷᠭᠠᠭᠤᠯᠢ ᠶᠢᠨ ᠬᠢᠨ ᠶᠣᠰᠣ ᠰᠤᠷᠲᠠᠬᠤᠨ ᠢᠶᠠᠷ ᠬᠥᠮᠥᠨ ᠢ | ᠬᠥᠮᠥᠵᠢᠭᠦᠯᠵᠦ᠂ ᠪᠠᠭᠰᠢ ᠨᠠᠷ ᠰᠢᠯᠢᠳᠡᠭ ᠰᠠᠶᠢᠨ ᠪᠠᠭᠰᠢ ᠪᠤᠯᠬᠤ ᠳᠤ᠂ ᠰᠤᠷᠤᠬᠴᠢᠳ ᠤᠨ ᠮᠡᠳᠡᠯᠭᠡ ᠰᠣᠶᠣᠯ ᠤᠨ ᠬᠡᠪ | ᠪᠣᠯᠪᠠᠰᠤᠷᠠᠯ ᠢ ᠳᠡᠭᠡᠭᠰᠢᠯᠡᠭᠦᠯᠭᠦ ᠶᠢ ᠴᠢᠬᠤᠯᠠᠴᠢᠯᠠᠬᠤ ᠪᠠᠷ ᠪᠠᠷᠠᠬᠤ ᠦᠭᠡᠢ ᠨᠡᠩ ᠴᠤ ᠦᠵᠡᠯ ᠰᠠᠨᠠᠭ᠎ᠠ ᠤᠯᠤᠰ ᠲᠦᠷᠦ ᠶᠢᠨ | ᠬᠢᠴᠢᠶᠡᠯ ᠢ ᠰᠠᠶᠢᠲᠤᠷ ᠣᠷᠣᠵᠤ᠂ ᠰᠤᠷᠤᠬᠴᠢᠳ ᠤᠨ ᠡᠷᠬᠢᠮ ᠮᠣᠷᠠᠯ ᠲᠠᠢ ᠪᠣᠯᠵᠤ ᠢᠴᠢᠭᠦᠷᠢ ᠭᠤᠲᠤᠮᠰᠢᠭ ᠢ ᠮᠡᠳᠡᠵᠦ᠂ | ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠲᠤ ᠪᠤᠢ ᠪᠤᠯᠭᠠᠵᠤ᠂ ᠡᠬᠡ ᠤᠯᠤᠰ ᠤᠨ ᠢᠶᠠᠨ ᠲᠥᠯᠥᠭᠡ | ᠵᠢᠳᠬᠦᠵᠦ ᠤᠯᠤᠰ ᠢᠶᠠᠨ ᠬᠦᠴᠦᠷᠬᠡᠭᠵᠢᠭᠦᠯᠬᠦ ᠶᠡᠭᠡ ᠬᠦᠰᠡᠯ ᠵᠣᠷᠢᠯᠲᠠ ᠶᠢ ᠪᠤᠢ ᠪᠤᠯᠭᠠᠵᠤ᠂ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ | ᠡᠭᠦᠷᠭᠡᠯᠡᠵᠦ ᠳᠡᠶᠢᠯᠭᠦ ᠲᠤᠯᠭᠠᠭᠤᠷᠢ ᠬᠦᠴᠦᠨ ᠪᠤᠯᠬᠤ ᠪᠠᠷ ᠴᠢᠷᠮᠠᠶᠢᠬᠤ ᠶᠢ ᠬᠥᠮᠥᠵᠢᠭᠦᠯᠵᠦ ᠬᠥᠲᠥᠯᠥᠨ ᠵᠢᠯᠤᠭᠤᠳᠬᠤ | ᠬᠡᠷᠡᠭᠲᠡᠢ ᠭᠡᠵᠡᠢ᠃ | ᠲᠠᠷᠠᠭ᠎ᠠ ᠨᠢ᠂ ᠰᠢ ᠶᠢᠨ ᠫᠢᠩ ᠪᠠᠰᠹ ᠱᠠᠨ ᠱᠠᠨ ᠳ᠋ᠢᠶᠠᠨ ᡂᠢ ᠶᠢᠨ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠳᠤ ᠬᠦᠷᠴᠦ | ᠰᠢᠨᠵᠢᠯᠡᠨ ᠪᠠᠶᠢᠴᠠᠭᠠᠪᠠ᠃ ᠡᠨᠡ ᠪᠣᠯ ᠯᠢᠲ᠋ᠢ ᠢᠶᠤᠨ ᠳ᠋ᠢᠶᠠᠨ ᡂᠢ ᠶᠢᠨ ᠡᠶᠡᠷᠭᠦ ᠲᠦᠢᠯ ᠤᠨ ᠮᠠᠲ᠋ᠧᠷᠢᠶᠠᠯ ᠢ ᠰᠤᠳᠤᠯᠤᠨ | ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠶᠢ ᠭᠤᠣᠯᠯᠠᠨ ᠡᠵᠡᠩᠨᠡᠵᠦ ᠪᠠᠶᠢᠭ᠎ᠠ ᠳᠤᠮᠳᠠᠳᠤ ᠭᠧᠷᠮᠠᠨ ᠤ ᠪᠡᠯᠡ | ᠨᠡᠶᠢᠯᠡᠭᠦᠯᠦᠭᠰᠡᠨ ᠠᠵᠤ ᠠᠬᠤᠶᠢᠯᠠᠯ ᠪᠣᠯᠣᠨ᠎ᠠ᠃ ᠰᠢ ᠶᠢᠨ ᠫᠢᠩ ᠲᠤᠬᠠᠢ ᠶᠢᠨ ᠭᠠᠵᠠᠷ ᠤᠨ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠥᠷᠭᠡᠳᠬᠡᠭᠰᠡᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠠᠵᠤ ᠠᠬᠤᠶᠢᠯᠠᠯ ᠤᠨ ᠦᠢᠯᠡᠳᠬᠦᠨ ᠤ | ᠦᠵᠡᠭᠦᠯᠭᠡ ᠶᠢ ᠪᠠᠶᠢᠴᠠᠭᠠᠨ ᠦᠵᠡᠵᠦ᠂ ᠮᠠᠲ᠋ᠧᠷᠢᠶᠠᠯ ᠤᠨ ᠴᠢᠳᠠᠪᠬᠢ ᠶᠢᠨ ᠰᠢᠯᠭᠠᠯᠲᠠ ᠶᠢᠨ ᠪᠠᠶᠢᠳᠠᠯ ᠪᠣᠯᠣᠨ ᠳ᠋ᠢᠶᠠᠨ | ᡂᠢ ᠶᠢᠨ ᠦᠢᠯᠡᠳᠪᠦᠷᠢᠯᠡᠯ ᠤᠨ ᠶᠠᠪᠤᠴᠠ ᠶᠢ ᠣᠶᠢᠯᠠᠭᠠᠪᠠ᠃ ᠲᠡᠷᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ᠂ ᠴᠢᠨᠠᠷ ᠰᠠᠶᠢᠲᠠᠢ ᠬᠥᠭᠵᠢᠯᠲᠡ ᠪᠣᠯ ᠠᠵᠤ ᠠᠬᠤᠶᠢᠯᠠᠯ ᠤᠨ ᠲᠠᠰᠤᠷᠠᠯᠲᠠ ᠦᠭᠡᠢ ᠦᠰᠦᠨ | ᠪᠤᠵᠠᠭᠠᠶᠢᠷᠠᠵᠤ᠂ ᠢᠯᠠᠭᠳᠠᠰᠢ ᠦᠭᠡᠢ ᠪᠠᠶᠢᠷᠢᠨ ᠳᠤ ᠪᠠᠶᠢᠬᠤ ᠶᠢᠨ ᠵᠠᠩᠭᠢᠯᠠᠭ᠎ᠠ ᠪᠣᠯᠣᠨ᠎ᠠ᠂ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ᠂ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠡᠨᠡ ᠲᠠᠯ᠎ᠠ ᠪᠠᠷ ᠴᠥᠮ ᠶᠡᠭᠡ ᠵᠢᠳᠬᠦᠯ ᠴᠢᠷᠮᠠᠶᠢᠯᠭ᠎ᠠ | ᠭᠠᠷᠭᠠᠵᠤ ᠪᠣᠯᠣᠨ᠎ᠠ᠃ ᠳᠤᠮᠳᠠᠳᠤ ᠤᠯᠤᠰ ᠨᠡᠭᠡᠭᠡᠯᠲᠡ ᠬᠢᠬᠦ ᠡᠭᠦᠳᠡ ᠪᠠᠨ ᠶᠠᠪᠤᠬᠤ ᠳᠤᠳᠤᠮ ᠶᠡᠭᠡ ᠨᠡᠭᠡᠭᠡᠨ᠎ᠡ᠂ ᠪᠢᠳᠡ | ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ᠂ ᠨᠡᠩ ᠤᠯᠠᠨ | ᠭᠠᠳᠠᠭᠠᠳᠤ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠤᠨ ᠬᠥᠭᠵᠢᠬᠦ ᠶᠢ ᠪᠠᠶᠠᠷᠯᠠᠨ | ᠤᠭᠲᠤᠨ᠎ᠠ ᠭᠡᠵᠦ ᠴᠢᠬᠤᠯᠠᠴᠢᠯᠠᠪᠠ᠃ | 19 ᠤ ᠡᠳᠦᠷ᠂ ᠰᠢ ᠶᠢᠨ ᠫᠢᠩ ᠴᠠᠩᠳᠧ ᠬᠤᠳᠠ ᠳᠤ ᠰᠢᠨᠵᠢᠯᠡᠨ ᠪᠠᠶᠢᠴᠠᠭᠠᠪᠠ᠃ ᠶᠤᠸᠠᠨᠵᠢᠶᠠᠩ ᠮᠥᠷᠡᠨ ᠤ | ᠬᠥᠪᠡᠭᠡᠨ ᠳᠤ ᠪᠠᠶᠢᠷᠢᠯᠠᠭᠰᠠᠨ ᠴᠠᠩ ᠳ᠋ᠧ ᠭᠤᠣᠯ ᠤᠨ ᠵᠡᠭᠡᠯᠢ ᠨᠢ ᠥᠨᠢ ᠤᠳᠠᠭᠠᠨ ᠲᠡᠦᠬᠡ ᠲᠠᠢ ᠪᠠᠶᠢᠵᠤ᠂ 1943 ᠣᠨ ᠤ | ᠴᠠᠩᠳᠧ ᠶᠢᠨ ᠳᠠᠶᠢᠯᠠᠯᠳᠤᠭᠠᠨ ᠳᠤ ᠡᠪᠳᠡᠭᠳᠡᠵᠦ ᠥᠩᠭᠡᠷᠡᠵᠡᠢ᠃ ᠣᠶᠢᠷ᠎ᠠ ᠶᠢᠨ ᠵᠢᠯ ᠠᠴᠠ᠂ ᠴᠠᠩᠳᠧ ᠬᠤᠳᠠ ᠬᠠᠭᠤᠴᠢᠨ | ᠵᠡᠭᠡᠯᠢ ᠶᠢᠨ ᠳᠦᠷᠰᠦ ᠪᠠᠶᠢᠳᠠᠯ ᠢ ᠰᠡᠷᠭᠦᠭᠡᠵᠦ᠂ ᠲᠤᠰ ᠭᠠᠵᠠᠷ ᠢ ᠲᠡᠦᠬᠡ ᠰᠣᠶᠣᠯ ᠤᠨ ᠵᠡᠭᠡᠯᠢ ᠲᠣᠭᠤᠷᠢᠭ ᠪᠣᠯᠭᠠᠨ | ᠴᠣᠭᠴᠠᠯᠠᠪᠠ᠃ ᠲᠤᠰ ᠡᠳᠦᠷ ᠤᠨ ᠦᠳᠡ ᠶᠢᠨ ᠡᠮᠦᠨ᠎ᠡ᠂ ᠰᠢ ᠶᠢᠨ ᠫᠢᠩ ᠴᠠᠩ ᠳ᠋ᠧ ᠭᠤᠣᠯ ᠤᠨ ᠵᠡᠭᠡᠯᠢ ᠳᠤ ᠬᠦᠷᠴᠦ᠂ | ᠡᠯ᠎ᠡ ᠵᠦᠢᠯ ᠤᠨ ᠣᠨᠴᠠᠯᠢᠭᠲᠤ ᠢᠳᠡᠭᠡᠨ᠂ ᠣᠨᠴᠠ ᠭᠠᠷᠤᠯᠲᠠ᠂ ᠣᠨᠴᠠᠯᠢᠭᠲᠤ ᠭᠠᠷ ᠤᠷᠠᠯᠠᠯ ᠤᠨ ᠪᠦᠲᠦᠭᠡᠭᠳᠡᠬᠦᠨ ᠢ | ᠪᠠᠶᠢᠴᠠᠭᠠᠨ ᠦᠵᠡᠵᠦ᠂ ᠳᠡᠯᠭᠡᠭᠦᠷ ᠤᠨ ᠡᠵᠡᠨ ᠪᠣᠯᠣᠨ ᠵᠢᠭᠤᠯᠴᠢᠯᠠᠬᠰᠡᠳ ᠲᠠᠢ ᠳᠣᠲᠣᠨᠣ ᠪᠠᠷ ᠶᠠᠷᠢᠯᠴᠠᠭᠰᠠᠨ ᠪᠥᠭᠡᠳ | ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ ᠦᠵᠡᠭᠦᠯᠭᠡ ᠶᠢ ᠰᠣᠨᠢᠷᠬᠠᠵᠤ᠂ ᠴᠠᠩᠳᠧ ᠶᠢᠨ ᠬᠠᠭᠤᠴᠢᠨ | ᠬᠤᠳᠠ ᠶᠢᠨ ᠵᠡᠭᠡᠯᠢ ᠭᠤᠳᠤᠮᠵᠢ ᠶᠢᠨ ᠰᠡᠷᠭᠦᠭᠡᠨ ᠵᠠᠰᠠᠯᠲᠠ ᠪᠠ ᠠᠰᠢᠭᠯᠠᠯᠲᠠ᠂ ᠬᠤᠳᠠ ᠶᠢᠨ ᠲᠥᠯᠦᠪᠵᠢᠭᠦᠯᠭᠡ᠂ ᠤᠰᠤᠨ ᠤ | ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠰᠢ ᠶᠢᠨ ᠫᠢᠩ᠂ ᠤᠯᠠᠨ | ᠶᠠᠩᠵᠤ ᠶᠢᠨ ᠣᠷᠣᠨ ᠨᠤᠲᠤᠭ ᠤᠨ ᠣᠨᠴᠠᠯᠢᠭᠲᠤ ᠤᠯᠠᠮᠵᠢᠯᠠᠯᠲᠤ ᠰᠣᠶᠣᠯ ᠨᠢ ᠭᠡᠷᠡᠯ ᠰᠠᠴᠤᠷᠠᠩᠭᠤᠢ ᠳᠤᠮᠳᠠᠳᠤ ᠶᠢᠨ | ᠪᠣᠯᠪᠠᠰᠤᠨ ᠢ ᠬᠠᠮᠲᠤ ᠪᠠᠷ ᠪᠦᠷᠢᠯᠳᠦᠭᠦᠯᠦᠭᠰᠡᠨ ᠪᠥᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢ ᠴᠦ ᠠᠬᠢᠭᠤᠯᠪᠠ᠃ | ᠴᠠᠩᠳᠧ ᠪᠣᠯ ᠰᠣᠶᠣᠯ ᠤᠨ ᠤᠯᠠᠮᠵᠢᠯᠠᠯ ᠵᠠᠯᠭᠠᠮᠵᠢᠯᠠᠯ ᠲᠠᠢ ᠭᠠᠵᠠᠷ ᠪᠣᠯᠣᠨ᠎ᠠ᠂ ᠠᠳᠡᠬᠢ ᠴᠤᠭᠤᠷ ᠵᠦᠴᠦᠭᠡ᠂ ᠥᠨᠳᠥᠷ | ᠠᠶᠠᠯᠭᠤᠲᠤ ᠵᠦᠴᠦᠭᠡ᠂ ᠪᠦᠷᠢᠶ᠎ᠡ ᠵᠡᠷᠭᠡ ᠶᠢ ᠵᠣᠬᠢᠰᠲᠠᠢ ᠠᠴᠢᠶᠠᠯᠠᠪᠤᠷᠢ ᠪᠠᠷ ᠰᠠᠶᠢᠲᠤᠷ ᠤᠯᠠᠮᠵᠢᠯᠠᠨ ᠠᠰᠢᠭᠯᠠᠵᠤ᠂ ᠴᠠᠭ | ᠦᠶ᠎ᠡ ᠲᠠᠢ ᠵᠡᠷᠭᠡᠪᠡᠷ ᠤᠷᠤᠭᠰᠢᠯᠠᠨ ᠰᠠᠶᠢᠲᠤᠷ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠨᠠᠨ ᠪᠣᠯ ᠪᠦᠭᠦ ᠤᠯᠤᠰ ᠤᠨ 13 ᠠᠮᠤ ᠪᠤᠳᠠᠭᠠᠨ ᠤ ᠭᠤᠣᠯ ᠭᠠᠷᠤᠯᠲᠠ ᠶᠢᠨ ᠮᠤᠵᠢ ᠶᠢᠨ ᠨᠢᠭᠡ ᠪᠠᠶᠢᠵᠤ᠂ ᠤᠰᠤᠨ | ᠲᠤᠲᠤᠷᠭ᠎ᠠ ᠲᠠᠷᠢᠬᠤ ᠲᠠᠯᠠᠪᠠᠢ᠂ ᠶᠡᠷᠦᠩᠬᠡᠢ ᠤᠨᠠᠯᠲᠠ ᠨᠢ ᠴᠥᠮ ᠪᠦᠭᠦ ᠤᠯᠤᠰ ᠤᠨ ᠲᠡᠷᠢᠭᠦᠨ ᠳᠤ ᠣᠷᠣᠨ᠎ᠠ᠃ ᠲᠤᠰ | ᠡᠳᠦᠷ ᠤᠨ ᠦᠳᠡ ᠶᠢᠨ ᠬᠤᠶᠢᠨ᠎ᠠ᠂ ᠰᠢ ᠶᠢᠨ ᠫᠢᠩ ᠴᠠᠩᠳᠧ ᠬᠤᠳᠠ ᠶᠢᠨ ᠳ᠋ᠢᠩᠴᠧᠩ ᠲᠣᠭᠤᠷᠢᠭ ᠤᠨ ᠰᠢᠶᠧ ᠵᠢᠶᠠ ᠫᠦ᠋ | ᠪᠠᠯᠭᠠᠰᠤ ᠶᠢᠨ ᠭᠠᠩ ᠵᠦᠩ ᠫᠢᠩ ᠲᠣᠰᠬᠤᠨ ᠳᠤ ᠬᠦᠷᠴᠦ᠂ ᠲᠤᠬᠠᠢ ᠶᠢᠨ ᠭᠠᠵᠠᠷ ᠤᠨ ᠠᠮᠤ ᠪᠤᠳᠠᠭᠠᠨ ᠤ | ᠦᠢᠯᠡᠳᠪᠦᠷᠢᠯᠡᠯ ᠤᠨ ᠲᠦᠮᠡᠨ ᠮᠦ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠭᠦ ᠲᠣᠭᠤᠷᠢᠭ ᠲᠤ ᠬᠦᠷᠴᠦ᠂ ᠴᠢᠬᠢ | ᠪᠤᠶᠢᠵᠢᠭᠤᠯᠬᠤ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠠᠬᠢᠴᠠ ᠶᠢ ᠪᠠᠶᠢᠴᠠᠭᠠᠨ ᠦᠵᠡᠵᠦ᠂ | ᠲᠠᠷᠢᠶᠠᠯᠠᠩ ᠤᠨ ᠣᠳᠣᠬᠢᠴᠢᠯᠠᠯᠲᠠ ᠶᠢ ᠴᠢᠨᠠᠷ ᠰᠠᠶᠢᠲᠠᠢ ᠠᠬᠢᠭᠤᠯᠵᠤ ᠪᠠᠶᠢᠭ᠎ᠠ ᠪᠠᠶᠢᠳᠠᠯ ᠤᠨ ᠲᠠᠨᠢᠯᠴᠠᠭᠤᠯᠭ᠎ᠠ ᠶᠢ | ᠰᠣᠨᠣᠰᠤᠭᠰᠠᠨ ᠪᠥᠭᠡᠳ ᠠᠮᠤ ᠪᠤᠳᠠᠭ᠎ᠠ ᠲᠠᠷᠢᠬᠤ ᠲᠣᠮᠣ ᠡᠷᠦᠭᠡ᠂ ᠲᠠᠷᠢᠶᠠᠯᠠᠩ ᠤᠨ ᠮᠡᠷᠭᠡᠵᠢᠯᠲᠡᠨ᠂ ᠦᠨᠳᠦᠰᠦᠨ | ᠱᠠᠲᠤᠨ ᠤ ᠺᠠᠳ᠋ᠷ ᠲᠠᠢ ᠨᠢᠭᠡᠳ ᠨᠢᠭᠡ ᠪᠠᠷ ᠣᠷᠣᠭᠤᠯᠤᠯᠲᠠ ᠭᠠᠷᠭᠠᠯᠲᠠ ᠶᠢᠨ ᠲᠠᠩᠰᠠ ᠶᠢ ᠪᠤᠳᠤᠵᠠᠢ᠃ ᠰᠢ ᠶᠢᠨ ᠫᠢᠩ᠂ | ᠮᠠᠨ ᠤ ᠤᠯᠤᠰ 14 ᠳ᠋ᠦᠩᠰᠢᠭᠤᠷ ᠭᠠᠷᠤᠢ ᠬᠥᠮᠥᠨ ᠠᠮᠠ ᠲᠠᠢ᠂ ᠠᠮᠤ ᠪᠤᠳᠠᠭᠠᠨ ᠤ ᠠᠮᠤᠷ ᠲᠦᠪᠰᠢᠨ ᠢ ᠡᠷᠬᠡᠪᠰᠢ | ᠥᠪᠡᠷ ᠤᠨ ᠪᠡᠶ᠎ᠡ ᠳᠡᠭᠡᠨ ᠲᠦᠰᠢᠭᠯᠡᠵᠦ ᠪᠠᠲᠤᠯᠠᠬᠤ ᠬᠡᠷᠡᠭᠲᠡᠢ᠂ ᠳᠤᠮᠳᠠᠳᠤᠴᠤᠳ ᠤᠨ ᠪᠤᠳᠠᠭᠠᠨ ᠠᠶᠠᠭ᠎ᠠ ᠳᠤ ᠭᠤᠣᠯᠳᠠᠭᠤ | ᠳᠤᠮᠳᠠᠳᠤ ᠤᠯᠤᠰ ᠤᠨ ᠠᠮᠤ ᠪᠤᠳᠠᠭ᠎ᠠ ᠶᠢ ᠠᠶᠠᠭᠠᠯᠠᠪᠠᠯ ᠵᠣᠬᠢᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠠᠶᠢᠲᠤᠷ | ᠪᠦᠲᠦᠭᠡᠨ ᠪᠠᠶᠢᠭᠤᠯᠵᠤ᠂ ᠵᠣᠬᠢᠰᠲᠠᠢ ᠭᠡᠪᠴᠢᠶᠡᠵᠢᠯᠳᠤ ᠡᠵᠡᠩᠨᠡᠯᠲᠡ ᠶᠢ ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢᠨ | ᠳᠡᠮᠵᠢᠯᠭᠡ ᠪᠠ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠰᠠᠶᠢᠨ ᠦᠷ᠎ᠡ᠂ ᠰᠠᠶᠢᠨ ᠠᠵᠠ | ᠲᠣᠭᠢᠶᠠᠯ᠂ ᠰᠠᠶᠢᠨ ᠠᠷᠭ᠎ᠠ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠨᠠᠷᠢᠯᠢᠭ ᠲᠠᠷᠢᠵᠤ ᠨᠢᠮᠪᠠᠢ ᠠᠷᠠᠴᠢᠯᠠᠬᠤ | ᠳᠡᠭᠡᠷ᠎ᠡ ᠬᠦᠴᠦ ᠲᠠᠯᠪᠢᠵᠤ᠂ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠪᠠ ᠶᠠᠰᠤ ᠴᠢᠨᠠᠷ ᠢ ᠴᠢᠨᠠᠭᠰᠢᠳᠠ | ᠳᠡᠭᠡᠭᠰᠢᠯᠡᠭᠦᠯᠵᠦ᠂ ᠠᠮᠤ ᠪᠤᠳᠠᠭ᠎ᠠ ᠲᠠᠷᠢᠭᠠᠳ ᠴᠦ ᠪᠠᠶᠠᠵᠢᠵᠤ ᠳᠡᠶᠢᠯᠭᠦ ᠪᠤᠯᠭᠠᠵᠤ᠂ ᠡᠭᠦᠨ ᠤ ᠤᠯᠠᠮ ᠢᠶᠠᠷ ᠨᠡᠩ ᠤᠯᠠᠨ | ᠲᠠᠷᠢᠶᠠᠴᠢᠨ ᠡᠷᠦᠭᠡ ᠶᠢ ᠲᠠᠲᠠᠵᠤ ᠣᠳᠣᠬᠢᠴᠢᠯᠠᠭᠰᠠᠨ ᠬᠠᠮ ᠬᠥᠳᠡᠭᠡ ᠠᠵᠤ ᠠᠬᠤᠢ ᠶᠢ ᠬᠥᠭᠵᠢᠭᠦᠯᠬᠦ ᠳᠤ ᠣᠷᠣᠯᠴᠠᠭᠤᠯᠵᠤ᠂ | ᠳᠤᠮᠳᠠᠳᠤ ᠤᠯᠤᠰ ᠤᠨ ᠣᠨᠴᠠᠯᠢᠭ ᠲᠠᠢ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢᠨ ᠵᠠᠮ ᠢᠶᠠᠷ ᠯᠠᠪᠳᠠᠭᠤᠨ | ᠪᠠᠲᠤᠲᠠᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠠᠷᠠᠭ᠎ᠠ ᠨᠢ ᠰᠢ ᠶᠢᠨ ᠫᠢᠩ ᠠᠮᠤ ᠪᠤᠳᠠᠭ᠎ᠠ ᠶᠢᠨ ᠲᠣᠮᠣ ᠲᠠᠷᠢᠶᠠᠴᠢᠨ ᠡᠷᠦᠭᠡ ᠳ᠋ᠠᠢ ᠬᠤᠩ ᠤᠨ ᠬᠢᠨ ᠳᠤ ᠬᠦᠷᠴᠦ᠂ | ᠲᠠᠷᠢᠶᠠᠯᠠᠩ ᠤᠨ ᠮᠠᠰᠢᠨ ᠪᠠᠭᠠᠵᠢ ᠪᠣᠯᠣᠨ ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠤᠨ ᠪᠡᠯᠡᠳᠬᠡᠯ ᠢ ᠪᠠᠶᠢᠴᠠᠭᠠᠨ | ᠦᠵᠡᠭᠰᠡᠨ ᠪᠥᠭᠡᠳ ᠲᠣᠰᠬᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ | ᠲᠤᠬᠠᠢ ᠶᠢᠨ ᠭᠠᠵᠠᠷ ᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠬᠡᠯᠪᠡᠷᠢᠴᠢ ᠦᠵᠡᠯ᠂ ᠨᠣᠶᠠᠨᠴᠢ | ᠰᠤᠷᠲᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠴᠡᠷᠢᠭ ᠢ ᠰᠢᠯᠢᠳᠡᠭᠵᠢᠭᠦᠯᠦᠨ ᠵᠠᠰᠠᠭ ᠢ ᠴᠣᠮᠬᠠᠳᠬᠠᠵᠤ᠂ ᠡᠨᠡ ᠬᠦ | ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ ᠲᠡᠷᠡ᠂ ᠦᠨᠳᠦᠰᠦᠨ | ᠱᠠᠲᠤᠨ ᠤ ᠺᠠᠳ᠋ᠷᠴᠤᠳ ᠢ ᠠᠵᠤ ᠦᠢᠯᠡᠰ ᠤᠨ ᠬᠥᠭᠵᠢᠯᠲᠡ ᠪᠣᠯᠣᠨ ᠬᠥᠳᠡᠭᠡ ᠲᠣᠰᠬᠤᠨ ᠤ ᠵᠠᠰᠠᠯᠲᠠ ᠶᠢᠨ ᠲᠠᠯ᠎ᠠ ᠪᠠᠷ | ᠤᠯᠠᠨ ᠤ ᠤᠬᠠᠭᠠᠨ ᠬᠠᠮᠲᠤ ᠶᠢᠨ ᠬᠦᠴᠦᠨ ᠳᠤ ᠲᠦᠰᠢᠭᠯᠡᠨ᠂ ᠲᠠᠷᠢᠶᠠᠴᠢᠨ ᠤᠯᠠᠨ ᠲᠦᠮᠡᠨ ᠳᠤ ᠮᠡᠳᠡᠷᠡᠭᠳᠡᠭᠰᠡᠨ ᠪᠣᠳᠠᠲᠠᠢ | ᠠᠮᠵᠢᠯᠲᠠ ᠶᠢ ᠲᠠᠰᠤᠷᠠᠯᠲᠠ ᠦᠭᠡᠢ ᠭᠠᠷᠭᠠᠭᠠᠷᠠᠢ ᠭᠡᠵᠦ ᠵᠣᠷᠢᠭᠵᠢᠭᠤᠯᠪᠠ᠃ | ᠠᠶᠠᠷᠯᠠᠬᠤ ᠦᠶ᠎ᠡ ᠳᠤ᠂ ᠲᠣᠰᠬᠤᠨ ᠤ ᠠᠷᠠᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠤ ᠶᠡᠷᠦᠩᠬᠡᠢ | ᠱᠦᠵᠢ ᠶᠢ ᠦᠳᠡᠨ ᠮᠣᠷᠳᠠᠭᠤᠯᠪᠠ᠃ ᠰᠢ ᠶᠢᠨ ᠫᠢᠩ ᠭᠦᠨ ᠰᠡᠳᠬᠢᠯᠭᠡ ᠲᠠᠢ ᠪᠠᠷ ᠤᠯᠠᠨ ᠳᠤ᠂ ᠨᠠᠮ ᠤᠨ ᠲᠥᠪ ᠬᠤᠷᠢᠶ᠎ᠠ | ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠪᠠᠶᠢᠨ᠎ᠠ᠂ ᠯᠠᠪᠲᠠᠢ ᠦᠨᠡᠨ ᠬᠦ ᠬᠦᠴᠦᠲᠡᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠠᠪᠴᠤ᠂ ᠤᠯᠠᠨ ᠲᠦᠮᠡᠨ ᠤ | ᠠᠩᠬᠠᠷᠴᠤ ᠪᠠᠶᠢᠭ᠎ᠠ ᠠᠰᠠᠭᠤᠳᠠᠯ ᠪᠠ ᠬᠡᠷᠡᠭᠴᠡᠭᠡ ᠱᠠᠭᠠᠷᠳᠠᠯᠭ᠎ᠠ ᠳᠤ ᠬᠠᠷᠢᠭᠤᠯᠲᠠ ᠥᠭᠴᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠵᠢᠷᠤᠭ ᠲᠥᠰᠥᠪ ᠢ ᠪᠣᠳᠠᠲᠤ ᠠᠬᠤᠢ ᠪᠣᠯᠭᠠᠨ ᠬᠤᠪᠢᠷᠠᠭᠤᠯᠤᠨ᠎ᠠ ᠭᠡᠵᠦ | ᠬᠡᠯᠡᠪᠡ᠃ ᠠᠯᠠᠭ᠎ᠠ ᠲᠡᠰᠢᠯᠲᠡ ᠶᠢᠨ ᠲᠠᠭᠤᠨ ᠲᠣᠰᠬᠤᠨ ᠳᠤ ᠤᠳᠠᠲᠠᠯ᠎ᠠ ᠴᠤᠤᠷᠢᠶᠠᠲᠤᠪᠠ᠃ | 21 ᠤ ᠦᠳᠡ ᠶᠢᠨ ᠡᠮᠦᠨ᠎ᠡ᠂ ᠰᠢ ᠶᠢᠨ ᠫᠢᠩ ᠬᠤᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ | ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠨᠠᠨ ᠤ ᠡᠯ᠎ᠡ ᠵᠦᠢᠯ ᠤᠨ ᠠᠵᠢᠯ ᠳᠤ ᠣᠯᠣᠭᠰᠠᠨ | ᠠᠮᠵᠢᠯᠲᠠ ᠶᠢ ᠨᠤᠲᠠᠯᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯ ᠡᠯᠧᠮᠧᠨ᠋ᠲ ᠮᠥᠨ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠲᠠᠯ᠎ᠠ ᠪᠠᠷ ᠨᠡᠩ ᠶᠡᠭᠡ | ᠬᠦᠴᠦ ᠣᠷᠣᠭᠤᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠬᠦᠴᠦᠨ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ | ᠰᠤᠳᠤᠯᠤᠨ ᠨᠡᠭᠡᠭᠡᠬᠦ ᠪᠠᠶᠢᠭᠤᠯᠤᠮᠵᠢ ᠶᠢ ᠢᠳᠡᠪᠬᠢᠲᠡᠢ ᠣᠷᠣᠭᠤᠯᠤᠨ ᠠᠪᠴᠢᠷᠠᠵᠤ᠂ ᠵᠠᠩᠭᠢᠯᠠᠭ᠎ᠠ ᠶᠢᠨ ᠬᠦᠷᠢᠶᠡᠨ ᠤ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠢᠨ᠎ᠡ ᠶᠢ | ᠡᠭᠦᠳᠬᠦ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ | ᠲᠦᠷᠭᠡᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ | ᠠᠵᠤ ᠦᠢᠯᠡᠰ ᠤᠨ ᠰᠠᠭᠤᠷᠢ ᠶᠢ ᠲᠠᠭᠢᠨ ᠴᠣᠭᠴᠠᠯᠠᠬᠤ ᠪᠠ ᠴᠢᠬᠤᠯᠠ ᠶᠡᠭᠡ ᠮᠡᠷᠭᠡᠵᠢᠯ ᠲᠣᠨᠣᠭᠯᠠᠯ ᠤᠨ ᠪᠣᠭᠤᠮᠲᠠ | ᠰᠢᠪᠲᠤᠯᠬᠤ ᠶᠢ ᠴᠢᠩᠭᠠᠳᠬᠠᠵᠤ᠂ ᠲᠡᠷᠢᠭᠦᠨ ᠤ ᠦᠢᠯᠡᠳᠬᠦ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠠᠵᠤ ᠦᠢᠯᠡᠰ ᠢ ᠳᠡᠭᠡᠳᠦ ᠲᠡᠰᠵᠢᠭᠦᠯᠭᠦ᠂ ᠣᠶᠤᠨᠴᠢᠯᠠᠬᠤ᠂ ᠪᠣᠬᠢᠷᠳᠤᠯ ᠦᠭᠡᠶᠢᠵᠢᠭᠦᠯᠭᠦ | ᠬᠥᠭᠵᠢᠯᠲᠡ ᠶᠢ ᠠᠬᠢᠭᠤᠯᠵᠤ᠂ ᠤᠯᠤᠰ ᠤᠨ ᠲᠡᠰ ᠤᠨ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠠᠰᠠᠭᠤᠳᠠᠯ ᠢᠶᠠᠷ | ᠤᠳᠤᠷᠢᠳᠤᠮᠵᠢ ᠪᠤᠯᠭᠠᠬᠤ ᠶᠢ ᠳᠤᠪᠤᠶᠢᠯᠭᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠰᠠᠭᠠᠳ ᠲᠦᠭᠵᠢᠷᠡᠯ ᠤᠨ ᠠᠰᠠᠭᠤᠳᠠᠯ᠂ ᠬᠥᠭᠵᠢᠯᠲᠡ ᠶᠢᠨ ᠣᠷᠴᠢᠨ ᠪᠠ ᠠᠷᠠᠳ ᠤᠨ | ᠠᠮᠢᠳᠤᠷᠠᠯ ᠤᠨ ᠬᠦᠷᠢᠶᠡᠨ ᠳᠠᠬᠢ ᠡᠪᠡᠷᠰᠢᠶᠡᠯ ᠬᠦᠴᠢᠷᠳᠡᠯ ᠤᠨ ᠠᠰᠠᠭᠤᠳᠠᠯ᠂ ᠨᠡᠶᠢᠭᠡᠮ ᠤᠨ ᠲᠥᠪ ᠭᠤᠣᠯᠴᠢ ᠰᠢᠳᠤᠷᠭᠤ | ᠶᠣᠰᠣ ᠠᠴᠠ ᠲᠡᠷᠰᠯᠡᠭᠰᠡᠨ ᠭᠤᠣᠯᠳᠠᠯᠭ᠎ᠠ ᠬᠠᠯᠠᠮᠰᠢᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠦᠨᠳᠦ ᠶᠡᠭᠡ ᠠᠶᠤᠯ | ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠠᠰᠤᠷᠠᠯᠲᠠ | ᠦᠭᠡᠢ ᠬᠥᠳᠡᠯᠭᠡᠬᠦ ᠬᠦᠴᠦᠨ᠂ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠬᠤᠨᠠᠨ ᠤ ᠬᠢᠨ ᠥᠭᠡᠷᠡᠴᠢᠯᠡᠯᠲᠡ ᠶᠢ | ᠰᠢᠰᠲ᠋ᠧᠮ ᠲᠠᠢ ᠨᠡᠶᠢᠳᠬᠡᠬᠦ ᠶᠢ ᠴᠢᠩᠭᠠᠳᠬᠠᠵᠤ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠳᠤ ᠨᠡᠩ ᠰᠠᠶᠢᠨ ᠣᠷᠣᠯᠴᠠᠵᠤ᠂ ᠳᠤᠮᠳᠠ ᠣᠷᠣᠨ ᠤ ᠬᠥᠭᠵᠢᠯ ᠮᠠᠨᠳᠤᠯ ᠪᠣᠯᠣᠨ ᠬᠥᠬᠡᠮᠥ᠋ᠷᠡᠨ ᠤ ᠠᠵᠤ | ᠠᠬᠤᠢ ᠶᠢᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠪᠦᠭᠦ ᠲᠠᠯ᠎ᠠ ᠪᠠᠷ ᠠᠭᠤᠰᠤᠯᠴᠠᠵᠤ᠂ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠳᠦᠷᠢᠮ ᠤᠨ ᠭᠡᠯᠪᠡᠷᠢ ᠶᠢᠨ | ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠥᠨᠳᠥᠷ | ᠪᠠᠷᠢᠮᠵᠢᠶ᠎ᠠ ᠪᠠᠷ ᠰᠠᠶᠢᠲᠤᠷ ᠪᠦᠲᠦᠭᠡᠨ ᠪᠠᠶᠢᠭᠤᠯᠵᠤ᠂ ᠳᠤᠮᠳᠠᠳᠤ ᠠᠹᠷᠢᠺᠠ ᠶᠢᠨ ᠠᠵᠤ ᠠᠬᠤᠢ ᠠᠷᠠᠯᠵᠢᠶᠠᠨ ᠤ ᠭᠦᠨᠵᠡᠭᠡᠢ | ᠬᠠᠮᠲᠤᠷᠠᠯᠴᠠᠭᠠᠨ ᠤ ᠤᠷᠢᠳ ᠢᠶᠠᠷ ᠬᠡᠷᠡᠭᠵᠢᠭᠦᠯᠬᠦ ᠣᠷᠣᠨ ᠢ ᠬᠦᠴᠦᠯᠡᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠵᠠᠢ᠃ | ᠰᠢ ᠶᠢᠨ ᠫᠢᠩ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠰᠢᠨ᠎ᠡ | ᠴᠠᠭ ᠦᠶ᠎ᠡ ᠰᠢᠨ᠎ᠡ ᠠᠶᠠᠨ ᠳᠠᠬᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠶᠡᠷᠦᠩᠬᠡᠢ | ᠭᠠᠷᠳᠠᠴᠠ ᠮᠥᠨ᠃ ᠬᠤᠨᠠᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠬᠦᠨᠳᠦ ᠡᠭᠦᠷᠭᠡ ᠶᠢ | ᠡᠭᠦᠷᠭᠡᠯᠡᠵᠦ᠂ ᠦᠷ᠎ᠡ ᠪᠣᠯᠣᠨ ᠲᠠᠷᠢᠶᠠᠨ ᠭᠠᠵᠠᠷ ᠭᠡᠬᠦ ᠬᠤᠶᠠᠷ ᠠᠮᠢᠨ ᠭᠠᠵᠠᠷ ᠢ ᠠᠳᠬᠤᠵᠤ᠂ ᠦᠷ᠎ᠡ ᠶᠢᠨ ᠦᠢᠯᠡᠰ᠂ | ᠲᠠᠷᠢᠶᠠᠯᠠᠩ ᠤᠨ ᠮᠠᠰᠢᠨ ᠤ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠲᠦᠷᠭᠡᠳᠬᠡᠬᠦ | ᠬᠡᠷᠡᠭᠲᠡᠢ᠃ ᠬᠠᠮ ᠬᠥᠳᠡᠭᠡ ᠠᠵᠤ ᠠᠬᠤᠢ ᠶᠢᠨ ᠦᠵᠡᠯᠲᠡ᠂ ᠬᠠᠮ ᠢᠳᠡᠭᠡᠨ ᠤ ᠦᠵᠡᠯᠲᠡ ᠶᠢ ᠪᠠᠷᠢᠮᠲᠠᠯᠠᠵᠤ᠂ ᠣᠨᠴᠠᠯᠢᠭᠲᠤ | ᠲᠠᠷᠢᠶᠠᠯᠠᠩ ᠪᠠ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠦᠢᠯᠡᠰ ᠢ ᠢᠳᠡᠪᠬᠢᠲᠡᠢ ᠬᠥᠭᠵᠢᠭᠦᠯᠵᠦ᠂ | ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠬᠤᠲᠠ ᠬᠥᠳᠡᠭᠡ ᠶᠢᠨ | ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ᠂ ᠬᠤᠰᠢᠭᠤ ᠰᠢᠶᠠᠨ ᠤ ᠠᠵᠤ ᠠᠬᠤᠢ ᠶᠢ ᠪᠤᠵᠠᠭᠠᠶᠢᠷᠠᠭᠤᠯᠤᠨ᠂ | ᠬᠤᠲᠠ ᠬᠥᠳᠡᠭᠡ ᠶᠢᠨ ᠬᠦᠴᠦᠨ ᠵᠦᠢᠯ ᠤᠨ ᠬᠤᠣᠰ ᠴᠢᠭᠯᠡᠯ ᠢᠶᠠᠷ ᠰᠢᠯᠵᠢᠭᠦ ᠶᠢ ᠰᠢᠯᠤᠭᠤᠳᠬᠠᠵᠤ᠂ ᠬᠥᠳᠡᠭᠡ ᠲᠣᠰᠬᠤᠨ ᠤ | ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ | ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠦᠨᠡᠨ ᠬᠦ | ᠴᠢᠩᠭᠠᠳᠬᠠᠵᠤ᠂ ᠬᠡᠪ ᠵᠠᠩᠰᠢᠯ ᠢ ᠥᠭᠡᠷᠡᠴᠢᠯᠡᠬᠦ ᠶᠢ ᠶᠡᠭᠡ ᠪᠠᠷ ᠠᠬᠢᠭᠤᠯᠬᠤ ᠬᠡᠷᠡᠭᠲᠡᠢ᠃ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ | ᠤᠶᠠᠯᠳᠤᠭᠤᠯᠤᠭᠰᠠᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠢᠨ᠎ᠡ ᠴᠠᠭ ᠦᠶ᠎ᠡ ᠶᠢᠨ ︽ | ᠹᠸᠡᠭᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠬᠦ ᠬᠡᠷᠡᠭᠲᠡᠢ᠃ ᠳᠠᠭᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ | ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠭᠡᠪᠴᠢᠶᠡᠵᠢᠲᠤ ᠴᠢᠨᠠᠷᠲᠠᠢ ᠳᠠᠭᠢᠨ ᠶᠠᠳᠠᠭᠤᠷᠠᠬᠤ | ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠤᠨᠠᠨ ᠰᠣᠶᠣᠯ ᠤᠨ ᠰᠢᠨ᠎ᠡ ᠡᠭᠦᠷᠭᠡ ᠶᠢ ᠨᠡᠩ ᠰᠠᠶᠢᠲᠤᠷ ᠡᠭᠦᠷᠭᠡᠯᠡᠵᠦ᠂ ᠳᠤᠮᠳᠠᠳᠤ ᠶᠢᠨ | ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ | ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠰᠠᠶᠢᠲᠤᠷ ᠬᠡᠷᠡᠭᠯᠡᠵᠦ᠂ ᠬᠤᠪᠢᠰᠬᠠᠯᠲᠤ ᠤᠯᠠᠮᠵᠢᠯᠠᠯ ᠪᠣᠯᠣᠨ | ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠴᠢᠩᠭᠠᠳᠬᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ | ᠬᠥᠲᠥᠯᠥᠨ ᠳᠠᠭᠠᠭᠤᠯᠵᠤ ᠪᠠᠶᠢᠭᠠᠳ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠬᠤᠪᠢᠰᠬᠠᠯᠲᠤ ᠤᠯᠠᠮᠵᠢᠯᠠᠯ ᠢ ᠦᠷᠭᠦᠯᠵᠢᠯᠡᠨ | ᠵᠠᠯᠭᠠᠮᠵᠢᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠴᠠᠭ ᠦᠶ᠎ᠡ ᠶᠢᠨ | ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶᠢᠳᠠᠯ ᠢ ᠪᠤᠢ ᠪᠤᠯᠭᠠᠬᠤ ᠬᠡᠷᠡᠭᠲᠡᠢ᠃ ᠰᠣᠶᠣᠯ ᠪᠠ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠠᠭᠤᠰᠤᠯᠴᠠᠯ ᠤᠨ ᠪᠦᠲᠦᠮᠵᠢᠲᠡᠢ ᠲᠣᠭᠲᠠᠴᠠ ᠶᠢ ᠬᠠᠶᠢᠨ ᠰᠦᠪᠡᠭᠴᠢᠯᠡᠵᠦ᠂ ᠰᠢᠨ᠎ᠡ ᠮᠠᠶ᠋ᠢᠭ ᠤᠨ ᠰᠣᠶᠣᠯ ᠤᠨ | ᠡᠵᠡᠩᠨᠡᠯᠲᠡ ᠶᠢᠨ ᠭᠡᠯᠪᠡᠷᠢ ᠪᠠᠶᠢᠳᠠᠯ ᠢ ᠲᠦᠷᠭᠡᠳᠬᠡᠨ ᠬᠥᠭᠵᠢᠭᠦᠯᠵᠦ᠂ ᠨᠡᠩ ᠤᠯᠠᠨ ᠰᠢᠨ᠎ᠡ ᠰᠣᠶᠣᠯ ᠤᠨ ᠠᠵᠤ ᠦᠢᠯᠡᠰ ᠤᠨ | ᠨᠡᠮᠡᠭᠳᠡᠯ ᠤᠨ ᠴᠡᠭ ᠢ ᠪᠤᠢ ᠪᠤᠯᠭᠠᠬᠤ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ | ᠬᠤᠨᠠᠨ ᠤ ᠡᠬᠡ ᠭᠠᠵᠠᠷ ᠤᠨ ᠬᠥᠬᠡᠮᠳᠦᠭ ᠨᠣᠭᠤᠭᠠᠨ ᠠᠭᠤᠯᠠ ᠤᠰᠤ᠂ ᠴᠡᠯᠮᠡᠭ ᠲᠡᠭᠷᠢ ᠴᠡᠪᠡᠷ ᠬᠥᠷᠥᠰᠥ ᠶᠢ ᠰᠠᠶᠢᠲᠤᠷ | ᠰᠠᠬᠢᠨ ᠬᠠᠮᠠᠭᠠᠯᠠᠵᠤ᠂ ᠪᠠᠶᠢᠭᠠᠯᠢ ᠶᠢᠨ ᠥᠩᠭᠡ ᠦᠵᠡᠮᠵᠢ ᠪᠠ ᠰᠣᠶᠣᠯ ᠢᠷᠭᠡᠨᠰᠢᠯ ᠵᠠᠩ ᠵᠠᠩᠰᠢᠯ ᠢ ᠵᠢᠭᠤᠯᠴᠢᠯᠠᠯ ᠤᠨ | ᠦᠢᠯᠡᠰ ᠤᠨ ᠥᠨᠢᠳᠡ ᠶᠢᠨ ᠲᠠᠲᠠᠬᠤ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠨᠠᠮ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ | ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠥᠪ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢ | ᠪᠤᠢ ᠪᠣᠯᠭᠠᠨ ᠦᠢᠯᠡᠳᠦᠯᠭᠡᠵᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ | ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ | ᠬᠥᠲᠥᠯᠥᠨ ᠵᠢᠯᠤᠭᠤᠳᠴᠤ᠂ ᠤᠳᠤᠷᠢᠳᠬᠤ ᠺᠠᠳ᠋ᠷᠴᠤᠳ ᠤᠨ ᠵᠥᠪ ᠡᠷᠬᠡ ᠶᠢᠨ ᠦᠵᠡᠯᠲᠡ ᠶᠢ ᠪᠤᠢ ᠪᠤᠯᠭᠠᠬᠤ᠂ ᠲᠥᠪ | ᠭᠤᠣᠯᠴᠢ ᠪᠠᠷ ᠡᠷᠬᠡ ᠪᠠᠨ ᠬᠡᠷᠡᠭᠯᠡᠬᠦ᠂ ᠬᠠᠤᠯᠢ ᠶᠣᠰᠣᠭᠠᠷ ᠡᠷᠬᠡ ᠪᠠᠨ ᠬᠡᠷᠡᠭᠯᠡᠬᠦ᠂ ᠠᠷᠠᠳ ᠤᠨ ᠲᠥᠯᠥᠭᠡ ᠡᠷᠬᠡ ᠪᠠᠨ | ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ ᠱᠠᠯᠠᠪᠳᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ | ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | 3 ᠰᠠᠷ᠎ᠠ ᠶᠢᠨ 20 ᠤ ᠦᠳᠡ ᠶᠢᠨ ᠡᠮᠦᠨ᠎ᠡ᠂ ᠰᠢ ᠶᠢᠨ ᠫᠢᠩ ᠴᠠᠩᠱᠠ ᠳᠤ ᠰᠠᠭᠤᠭ᠎ᠠ ᠴᠡᠷᠢᠭ ᠠᠩᠭᠢ ᠶᠢᠨ | ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠲᠠᠢ ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ | ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢ ᠲᠥᠯᠥᠭᠡᠯᠡᠨ ᠴᠠᠩᠱᠠ ᠳᠤ ᠰᠠᠭᠤᠭ᠎ᠠ ᠴᠡᠷᠢᠭ ᠠᠩᠭᠢ ᠶᠢᠨ ᠪᠦᠭᠦ | ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠤᠯᠠᠨ ᠲᠠᠢ ᠬᠠᠮᠲᠤ ᠭᠡᠷᠡᠯ | ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠵᠠᠩ ᠶᠢᠤ ᠰᠢᠶᠠ ᠪᠠᠷ᠎ᠠ ᠪᠣᠯᠵᠤ ᠠᠭᠤᠯᠵᠠᠵᠠᠢ᠃ |