ᠮᠠᠨ ᠤ ᠣᠷᠣᠨ 52 ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/3/28
    ᠲᠦᠷᠦᠭᠦᠬᠡᠨ᠂ ᠰᠤᠷᠭᠠᠨ ᠬᠥᠮᠦᠵᠢᠯ ᠤᠨ ᠶᠠᠮᠤᠨ 2023 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ ᠳᠠᠩᠰᠠᠯᠠᠭᠤᠯᠤᠭᠰᠠᠨ ᠪᠠ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠨᠡᠶᠢᠲᠡᠯᠡᠪᠡ᠂ ᠲᠤᠰ ᠦᠷ᠎ᠡ ᠳ᠋ᠦᠩ ᠢ ᠦᠨᠳᠦᠰᠦᠯᠡᠪᠡᠯ᠂ ᠮᠠᠨ ᠤ ᠣᠷᠣᠨ 52 ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠳᠤ ᠲᠣᠬᠢᠷᠠᠭᠤᠯᠤᠯᠲᠠ ᠬᠢᠵᠦ᠂ 11 ᠶᠡᠭᠡ ᠳᠡᠭᠡᠳᠦ ᠰᠤᠷᠭᠠᠭᠤᠯᠢ ᠳᠤ 22 ᠵᠢᠩᠬᠢᠨᠢ ᠠᠩᠭᠢ ᠶᠢᠨ ᠲᠤᠰᠬᠠᠢ ᠮᠡᠷᠭᠡᠵᠢᠯ ︵ᠡᠭᠦᠨ ᠳᠤ ᠪᠠᠶᠢᠭᠠᠯᠢ ᠲᠧᠭᠨᠢᠭ ᠤᠨ ᠤᠬᠠᠭᠠᠨ ᠲᠠᠷᠢᠶᠠᠯᠠᠩ ᠡᠮᠴᠢᠯᠡᠭᠡᠨ ᠤ ᠲᠥᠷᠥᠯ ᠤᠨ ᠲᠤᠰᠬᠠᠢ ᠮᠡᠷᠭᠡᠵᠢᠯ 16 ᠪᠤᠶ︶ ᠨᠡᠮᠡᠵᠦ᠂ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ 30 ᠬᠠᠰᠤᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠲᠠᠢ ᠨᠢᠭᠲᠠ ᠵᠣᠯᠭᠠᠭᠤᠯᠪᠠ᠃    ᠣᠶᠢᠷ᠎ᠠ ᠶᠢᠨ ᠵᠢᠯ ᠠᠴᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠲᠤᠰᠬᠠᠢ ᠮᠡᠷᠭᠡᠵᠢᠯ ᠤᠨ ᠵᠣᠬᠢᠴᠠᠬᠤ ᠴᠢᠨᠠᠷᠲᠠᠢ ᠲᠣᠬᠢᠷᠠᠭᠤᠯᠤᠯᠲᠠ᠂ ᠪᠠᠷᠠᠯᠠᠯᠳᠤ ᠴᠢᠨᠠᠷᠲᠠᠢ ᠪᠠᠶᠢᠷᠢᠰᠢᠭᠤᠯᠤᠯᠲᠠ ᠪᠣᠯᠣᠨ ᠪᠦᠲᠦᠴᠡ ᠶᠢᠨ ᠴᠢᠨᠠᠷᠲᠠᠢ ᠬᠤᠪᠢᠰᠤᠯᠲᠠ ᠶᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠲᠠᠰᠤᠷᠠᠯᠲᠠ ᠦᠭᠡᠢ ᠬᠦᠴᠦᠨ ᠨᠡᠮᠡᠷᠢᠯᠡᠵᠦ᠂ ᠶᠡᠭᠡ ᠳᠡᠭᠡᠳᠦ ᠰᠤᠷᠭᠠᠭᠤᠯᠢ ᠶᠢᠨ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠪᠡ᠃ ᠲᠣᠰ ᠤᠳᠠᠭᠠᠨ ᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠳᠤ᠂ ᠰᠠᠭᠤᠷᠢ ᠰᠢᠨᠵᠢᠯᠡᠭᠡᠨ ᠤ ᠰᠠᠯᠠᠭ᠎ᠠ ᠶᠢᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠲᠣᠭᠲᠠᠪᠤᠷᠢᠵᠢᠭᠤᠯᠬᠤ ᠶᠢᠨ ᠬᠠᠮᠲᠤ᠂ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠳᠤ ᠦᠢᠯᠡᠴᠢᠯᠡᠬᠦ ᠲᠣᠭᠤᠷᠢᠨ ᠳᠤ᠂ ᠣᠲᠣ ᠶᠢᠨ ᠪᠠᠶᠢᠭ᠎ᠠ ᠲᠤᠰᠬᠠᠢ ᠮᠡᠷᠭᠡᠵᠢᠯ ᠵᠢᠴᠢ ᠲᠠᠷᠬᠠᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠲᠣᠬᠢᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠬᠠᠮᠢᠶ᠎ᠠ ᠪᠦᠬᠦᠢ ᠠᠵᠤ ᠦᠢᠯᠡᠰ ᠤᠨ ᠲᠤᠰᠬᠠᠢ ᠮᠡᠷᠭᠡᠵᠢᠯ᠂ ᠳᠠᠪᠠᠭᠤᠯᠢᠭ ᠪᠠ ᠣᠨᠴᠠᠯᠢᠭᠲᠤ ᠲᠤᠰᠬᠠᠢ ᠮᠡᠷᠭᠡᠵᠢᠯ ᠢ ᠭᠤᠣᠯᠳᠠᠯᠭ᠎ᠠ ᠲᠠᠢ ᠲᠡᠳᠬᠦᠨ ᠳᠡᠮᠵᠢᠵᠦ᠂ ᠳᠠᠪᠠᠭᠤᠯᠢᠭ ᠣᠨᠴᠠᠯᠢᠭᠲᠤ ᠲᠤᠰᠬᠠᠢ ᠮᠡᠷᠭᠡᠵᠢᠯ ᠤᠨ ᠪᠦᠯᠦᠭᠵᠢᠯ ᠢ ᠡᠭᠦᠳᠪᠡ᠃    ᠡᠭᠦᠨ ᠳᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠥᠪᠡᠷᠲᠡᠭᠡᠨ ᠵᠠᠰᠠᠬᠤ ᠣᠷᠣᠨ ᠤ ᠬᠤᠪᠣᠷ ᠰᠢᠷᠣᠢ ᠶᠢᠨ ᠮᠠᠲ᠋ᠧᠷᠢᠶᠠᠯ ᠤᠨ ᠠᠵᠤ ᠦᠢᠯᠡᠰ ᠲᠤ ᠦᠢᠯᠡᠴᠢᠯᠡᠬᠦ ᠲᠣᠭᠤᠷᠢᠨ ᠳᠤ᠂ ᠬᠤᠪᠣᠷ ᠰᠢᠷᠣᠢ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ ᠲᠤᠰᠬᠠᠢ ᠮᠡᠷᠭᠡᠵᠢᠯ ᠢ ᠰᠢᠨ᠎ᠡ ᠪᠠᠷ ᠨᠡᠮᠡᠪᠡ︔ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠯᠤᠰ ᠰᠡᠷᠡᠯ ᠤᠨ ᠰᠢᠨᠵᠢᠯᠡᠬᠦ ᠤᠬᠠᠭᠠᠨ ᠬᠢᠭᠡᠳ ᠮᠡᠷᠭᠡᠵᠢᠯ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠰᠢᠨᠵᠢᠯᠡᠬᠦ ᠤᠬᠠᠭᠠᠨ᠂ ᠭᠠᠵᠠᠷ ᠰᠢᠷᠣᠢ ᠶᠢᠨ ᠰᠢᠨᠵᠢᠯᠡᠬᠦ ᠤᠬᠠᠭᠠᠨ ᠬᠢᠭᠡᠳ ᠮᠡᠷᠭᠡᠵᠢᠯ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠡᠨᠧᠷᠭᠢ ᠶᠢᠨ ᠬᠢᠮᠢ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠠᠮᠢᠳᠤ ᠪᠣᠳᠠᠰ ᠤᠨ ᠡᠮ ᠦᠢᠯᠡᠳᠬᠦ᠂ ᠥᠪᠥᠷ ᠮᠣᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠰᠢᠨ᠎ᠡ ᠵᠠᠭᠤᠴᠢᠯᠠᠭᠤᠷ ᠤᠨ ᠮᠡᠷᠭᠡᠵᠢᠯ ᠵᠡᠷᠭᠡ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠯᠦᠭᠡ ᠬᠤᠯᠪᠣᠭᠳᠠᠬᠤ ᠬᠡᠮᠵᠢᠶ᠎ᠡ ᠪᠠᠷ ᠨᠡᠯᠢᠶᠡᠳ ᠥᠨᠳᠥᠷ 6 ᠲᠤᠰᠬᠠᠢ ᠮᠡᠷᠭᠡᠵᠢᠯ ᠢ ᠮᠠᠨ ᠤ ᠣᠷᠣᠨ ᠳᠤ ᠠᠩᠬ᠎ᠠ ᠤᠳᠠᠭ᠎ᠠ ᠪᠠᠶᠢᠷᠢᠯᠠᠭᠤᠯᠪᠠ᠃ ᠡᠭᠦᠨ ᠤ ᠬᠠᠮᠲᠤ᠂ ᠣᠶᠢᠷ᠎ᠠ ᠶᠢᠨ ᠵᠢᠯ ᠠᠴᠠ ᠨᠠᠭᠠᠰᠢᠬᠢ ᠠᠵᠢᠯ ᠣᠯᠭᠤᠯᠲᠠ ᠶᠢᠨ ᠨᠣᠷᠮ᠎ᠠ ᠪᠠᠷ ᠨᠡᠯᠢᠶᠡᠳ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠯᠦᠭᠡ ᠲᠣᠬᠢᠷᠠᠯᠴᠠᠬᠤ ᠪᠠᠷ ᠠᠨᠠᠢ᠂ ᠰᠤᠷᠭᠠᠭᠤᠯᠢ ᠡᠷᠭᠢᠯᠡᠭᠦ ᠰᠠᠭᠤᠷᠢ ᠪᠠᠭᠤᠷᠠᠢ 30 ᠲᠤᠰᠬᠠᠢ ᠮᠡᠷᠭᠡᠵᠢᠯ ᠢ ᠬᠠᠰᠤᠪᠠ᠃ ᠡᠭᠦᠨ ᠤ ᠤᠯᠠᠮ ᠢᠶᠠᠷ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠤᠨ ᠪᠦᠲᠦᠴᠡ ᠰᠢᠯᠢᠳᠡᠭᠵᠢᠵᠦ᠂ ᠳᠠᠪᠠᠭᠤᠯᠢᠭ ᠣᠨᠴᠠᠯᠢᠭ ᠤᠯᠠᠮ ᠨᠢᠭᠡ ᠠᠯᠬᠤᠮ ᠲᠣᠪᠤᠶᠢᠮ᠎ᠠ ᠪᠣᠯᠪᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号