ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠵᠠᠰᠠᠭ ᠤᠨ ᠣᠷᠳᠣᠨ ᠤ ᠳᠠᠷᠤᠭ᠎ᠠ ᠡᠷᠳᠡᠨᠢ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠲᠥᠷᠥᠯ ᠵᠦᠢᠯ ᠢ ᠵᠣᠯᠭᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/5
    ᠪᠥᠬᠦ ᠠᠶᠢᠮᠠᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠤᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 2 ᠰᠠᠷ᠎ᠠ ᠶᠢᠨ 29 ᠤ ᠡᠳᠦᠷ ᠠᠴᠠ 3 ᠰᠠᠷ᠎ᠠ ᠶᠢᠨ 2 ᠤᠨ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠡᠷᠳᠡᠨᠢ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠵᠦ᠂ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠲᠤᠬᠠᠢ ᠵᠥᠪᠳᠡᠯᠴᠡᠪᠡ᠃
微信图片_20240401152529_副本.jpg 
    ᠪᠡᠭᠡᠵᠢᠩ ᠤᠨ ᠳ᠋ᠦᠩ ᠹᠠᠩ ᠴᠡᠴᠡᠷᠯᠢᠭ ᠤᠨ ᠣᠷᠴᠢᠨ ᠲᠣᠭᠤᠷᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ᠂ ᠡᠷᠳᠡᠨᠢ ᠨᠠᠷ ᠪᠦᠯᠦᠭᠯᠡᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭᠠᠲᠠᠨ ᠯᠢᠦ ᠢᠦᠢ ᠳ᠋ᠦᠩ ᠲᠠᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠪᠠ ᠰᠢᠢᠳᠪᠦᠷᠢᠯᠡᠬᠦ ᠲᠥᠪ ᠤᠨ ᠲᠦᠷᠦᠯ ᠵᠦᠢᠯ ᠤᠨ ᠳᠠᠷᠠᠭᠠᠴᠢ ᠶᠢᠨ ᠠᠯᠬᠤᠮ ᠤᠨ ᠠᠬᠢᠭᠤᠯᠬᠤ ᠲᠥᠯᠥᠪᠯᠡᠭᠡ ᠪᠣᠯᠣᠨ ᠬᠦᠴᠢᠷ ᠠᠰᠠᠭᠤᠳᠠᠯ ᠢ ᠰᠢᠢᠳᠪᠦᠷᠢᠯᠡᠬᠦ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠠᠢ᠃ ᠵᠥᠪᠳᠡᠯᠴᠡᠬᠦ ᠪᠠᠷ ᠲᠠᠮᠵᠢᠨ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠲᠦᠷᠦᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠲᠤᠬᠠᠢ ᠰᠠᠨᠠᠯ ᠨᠢᠭᠡᠲᠡᠢ ᠪᠣᠯᠪᠠ᠃     ᠪᠡᠭᠡᠵᠢᠩ ᠤᠨ ᠢ ᠺᠧ ᠨᠥᠸᠧ ᠠᠮᠢᠳᠤ ᠪᠣᠳᠠᠰ ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠡᠷᠳᠡᠨᠢ ᠨᠠᠷ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠦᠢ ᠯᠢᠶᠠᠨ ᠰᠢ ᠲᠠᠢ ᠵᠣᠯᠭᠠᠵᠤ᠂ ᠬᠤᠶᠠᠷ ᠲᠠᠯ᠎ᠠ ᠪᠠᠷ ᠢᠶᠠᠨ ᠬᠤᠨᠢᠨ ᠤ ᠬᠦᠪᠦᠷᠡᠯ ᠤᠨ ᠡᠳ᠋ ᠪᠣᠯᠣᠨ ᠦᠬᠡᠷ ᠤᠨ ᠰᠥᠰᠥᠨ ᠤ ᠰᠢᠩᠭᠡᠨ ᠤ ᠠᠮᠢᠳᠤ ᠪᠣᠳᠠᠰ ᠤᠨ ᠰᠤᠳᠤᠯᠭᠠᠨ ᠤ ᠦᠢᠯᠡᠰ ᠢ ᠨᠠᠷᠢᠨ ᠨᠢᠭᠲᠠ ᠵᠣᠯᠭᠠᠭᠤᠯᠬᠤ ᠶᠢᠨ ᠬᠠᠮᠲᠤ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠶᠢ ᠲᠣᠬᠢᠷᠠᠯᠴᠠᠵᠤ᠂ ᠠᠵᠤ ᠠᠬᠤᠶᠢᠯᠠᠯ ᠤᠨ ᠬᠢᠨ 3 ᠰᠠᠷ᠎ᠠ ᠶᠢᠨ ᠰᠡᠭᠦᠯᠴᠢ ᠳᠤ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠᠷ ᠲᠥᠯᠥᠪᠯᠡᠵᠦ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠬᠤᠨᠢᠨ ᠤ ᠬᠦᠪᠦᠷᠡᠯ ᠤᠨ ᠡᠳ᠋ ᠤᠨ ᠠᠮᠢᠳᠤ ᠪᠣᠳᠠᠰ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠲᠦᠷᠦᠯ ᠵᠦᠢᠯ ᠢ ᠪᠠᠶᠢᠭᠤᠯᠬᠤ ᠪᠠᠷ ᠲᠥᠯᠥᠪᠯᠡᠵᠦ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ ᠥᠷᠭᠡᠳᠬᠡᠨ ᠪᠣᠶᠢᠵᠢᠭᠤᠯᠬᠤ ᠳᠤ ᠳᠡᠮᠵᠢᠯᠭᠡ ᠦᠵᠡᠭᠦᠯᠬᠦ ᠪᠣᠯᠣᠨ᠎ᠠ᠃     ᠪᠡᠭᠡᠵᠢᠩ ᠤᠨ ᠶᠢᠦ ᠮᠧᠢ ᠬᠤᠸ᠋ᠰᠢᠶᠠ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ᠂ ᠡᠷᠳᠡᠨᠢ ᠨᠠᠷ ᠲᠣᠭᠠᠴᠢᠯᠠᠭᠰᠠᠨ ᠰᠤᠶᠤᠯ ᠤᠨ ᠵᠤᠭᠠᠴᠠᠯ ᠬᠡᠭᠡᠷ᠎ᠡ ᠪᠠᠭᠤᠳᠠᠯᠯᠠᠬᠤ᠂ ᠲᠡᠷᠭᠡᠨ ᠭᠡᠷ ᠤᠨ ᠦᠷᠳᠡᠭᠡ ᠵᠡᠷᠭᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠤᠭᠠᠴᠠᠯ ᠤᠨ ᠦᠢᠯᠡᠰ ᠤᠨ ᠲᠡᠰ ᠳᠡᠪᠰᠢᠬᠦ ᠲᠦᠷᠦᠯ ᠵᠦᠢᠯ ᠪᠣᠯᠣᠨ ᠳᠤᠮᠳᠠᠳᠤ ᠤᠯᠤᠰ ᠤᠨ ᠮᠠᠰᠢᠨ ᠲᠡᠷᠭᠡᠨ ᠤ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠬᠠᠨᠳᠤᠰᠢ ᠶᠢ ᠨᠠᠷᠢᠨ ᠣᠶᠢᠯᠠᠭᠠᠵᠤ᠂ ᠬᠤᠶᠠᠷ ᠲᠠᠯ᠎ᠠ ᠪᠠᠷ ᠢᠶᠠᠨ ᠰᠤᠶᠤᠯ ᠤᠨ ᠵᠤᠭᠠᠴᠠᠯ ᠤᠨ ᠬᠡᠭᠡᠷ᠎ᠡ ᠪᠠᠭᠤᠳᠠᠯᠯᠠᠬᠤ᠂ ᠲᠡᠷᠭᠡᠨ ᠭᠡᠷ ᠤᠨ ᠦᠷᠲᠡᠬᠡᠨ ᠤ ᠲᠦᠷᠦᠯ ᠵᠦᠢᠯ ᠤᠨ ᠵᠢᠷᠤᠭ ᠲᠥᠯᠥᠪᠯᠡᠭᠡ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠪᠣᠯᠣᠨ ᠵᠤᠭᠠᠴᠠᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠨᠡᠭᠡᠭᠡᠨ ᠬᠥᠭᠵᠢᠭᠦᠯᠬᠦ ᠵᠡᠷᠭᠡ ᠲᠠᠯ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠠᠢ᠃ ᠡᠷᠳᠡᠨᠢ᠂ ᠰᠢᠯᠤᠭᠤᠨ ᠬᠥᠪᠡᠭᠡᠲᠦ ᠴᠠᠭᠠᠨ ᠬᠤᠰᠢᠭᠤ ᠤᠯᠠᠨ ᠠᠴᠠ ᠣᠨᠴᠠᠭᠠᠢ ᠪᠠᠶᠢᠭᠠᠯᠢ ᠶᠢᠨ ᠡᠬᠢ ᠪᠠᠶᠠᠯᠢᠭ ᠲᠠᠢ᠂ ᠲᠤᠰ ᠤᠳᠠᠭᠠᠨ ᠤ ᠰᠢᠨᠵᠢᠯᠡᠨ ᠪᠠᠶᠢᠴᠠᠭᠠᠵᠤ ᠵᠥᠪᠳᠡᠯᠴᠡᠬᠦ ᠪᠠᠷ ᠳᠠᠮᠵᠢᠨ᠂  ᠶᠢᠦ ᠮᠧᠢ ᠬᠤᠸ᠋ᠰᠢᠶᠠ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠬᠤᠶᠠᠷ ᠲᠠᠯ᠎ᠠ ᠶᠢᠨ ᠰᠣᠶᠣᠯ ᠵᠤᠭᠠᠴᠠᠯ ᠤᠨ ᠠᠵᠤ ᠦᠢᠯᠡᠰ ᠤᠨ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠵᠤ᠂ ᠵᠤᠭᠠᠴᠠᠯ ᠤᠨ ᠦᠢᠯᠡᠰ ᠤᠨ ᠪᠠᠶᠢᠳᠠᠯ ᠢ ᠪᠠᠶᠠᠯᠢᠭᠵᠢᠭᠤᠯᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃     ᠢ ᠪᠧᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠳᠤ᠂ ᠡᠷᠳᠡᠨᠢ ᠨᠠᠷ ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠽᠧᠩ ᠯᠢᠶᠠᠩ ᠲᠠᠢ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠢ ᠬᠤᠤ ᠠᠭᠤᠷᠬᠠᠢ ᠶᠢᠨ ᠦᠢᠯᠡᠰ ᠤᠨ ᠮᠥᠩᠭᠦ ᠬᠠᠷ᠎ᠠ ᠲᠤᠭᠤᠯᠭ᠎ᠠ ᠴᠠᠶᠢᠷ ᠣᠯᠠᠨ ᠲᠡᠮᠦᠷᠯᠢᠭ ᠤᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠲᠤᠬᠠᠢ ᠰᠠᠨᠠᠯ ᠨᠢᠭᠡᠳᠴᠦ᠂ ᠡᠷᠳᠡᠨᠢ ᠢᠯᠡᠷᠬᠡᠶᠢᠯᠡᠬᠦ ᠳᠡᠭᠡᠨ᠂ ᠰᠢᠯᠤᠭᠤᠨ ᠬᠥᠪᠡᠭᠡᠲᠦ ᠴᠠᠭᠠᠨ ᠬᠤᠰᠢᠭᠤ ᠪᠠᠶᠢᠴᠠ ᠵᠠᠮ ᠬᠠᠷᠢᠯᠴᠠᠭᠠᠨ ᠤ ᠳᠠᠪᠠᠭᠤᠯᠢᠭ ᠢᠯᠡᠷᠬᠡᠢ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠦᠷᠢᠨ ᠲᠡᠭᠦᠯᠳᠡᠷ᠂ ᠬᠥᠭᠵᠢᠯᠲᠡ ᠶᠢᠨ ᠣᠷᠣᠨ ᠵᠠᠢ ᠪᠠ ᠪᠡᠯᠡ ᠣᠷᠣᠭᠤᠯᠤᠯᠲᠠ ᠶᠢᠨ ᠳᠠᠯᠳᠠ ᠬᠦᠴᠦᠨ ᠲᠠᠢ᠂ ᠠᠵᠤ ᠠᠬᠤᠶᠢᠯᠠᠯ ᠢᠲᠡᠭᠡᠯ ᠵᠣᠷᠢᠭ ᠢᠶᠠᠨ ᠪᠠᠲᠤᠳᠬᠠᠵᠤ᠂ ᠣᠷᠣᠨ ᠨᠤᠲᠤᠭ ᠪᠠ ᠠᠵᠤ ᠠᠬᠤᠶᠢᠯᠠᠯ ᠠᠵᠠ ᠲᠣᠬᠢᠶᠠᠯ ᠢ ᠬᠠᠮᠲᠤ ᠪᠠᠷ ᠡᠳ᠋ᠯᠡᠬᠦ᠂ ᠬᠠᠮᠲᠤ ᠪᠠᠷ ᠬᠦᠭᠵᠢᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠶᠢ ᠬᠦᠰᠡᠵᠦ ᠪᠠᠶᠢᠨ᠎ᠠ ᠭᠡᠵᠡᠢ᠃     ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠠᠢ ᠯᠦᠩ᠂ ᠸᠠᠩ ᠰᠢᠶᠣᠣ ᠮᠧᠶ ᠵᠢᠴᠢ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠣᠶᠣᠯ ᠪᠡᠶ᠎ᠡ ᠲᠠᠮᠢᠷ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠵᠣᠯᠭᠠᠭᠤᠯᠬᠤ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号