ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠠᠩᠬᠠᠳᠤᠭᠠᠷ ᠤᠳᠠᠭ᠎ᠠ ᠶᠢᠨ ᠠᠵᠢᠯ ᠤᠨ ᠵᠤᠷᠰᠢᠯᠲᠤ ᠬᠤᠷᠠᠯ ᠵᠢᠴᠢ ᠭᠠᠯ ᠤᠨᠲᠠᠷᠠᠭᠠᠬᠤ ᠠᠮᠤᠷ ᠲᠦᠪᠰᠢᠨ ᠤ ᠭᠠᠮᠰᠢᠭ ᠢ ᠲᠥᠪᠯᠡᠷᠡᠭᠦᠯᠦᠨ ᠠᠷᠢᠯᠭᠠᠬᠤ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/3/7
ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠠᠩᠬᠠᠳᠤᠭᠠᠷ ᠤᠳᠠᠭ᠎ᠠ ᠶᠢᠨ ᠠᠵᠢᠯ ᠤᠨ ᠵᠤᠷᠰᠢᠯᠲᠤ ᠬᠤᠷᠠᠯ ᠵᠢᠴᠢ ᠭᠠᠯ ᠤᠨᠲᠠᠷᠠᠭᠠᠬᠤ ᠠᠮᠤᠷ ᠲᠦᠪᠰᠢᠨ ᠤ ᠭᠠᠮᠰᠢᠭ ᠢ ᠲᠥᠪᠯᠡᠷᠡᠭᠦᠯᠦᠨ ᠠᠷᠢᠯᠭᠠᠬᠤ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠪᠡ    1 ᠳ᠋ᠦᠭᠡᠷ ᠰᠠᠷ᠎ᠠ ᠶᠢᠨ 31 ᠤ ᠡᠳᠦᠷ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠠᠩᠬᠠᠳᠤᠭᠠᠷ ᠤᠳᠠᠭᠠᠨ ᠤ ᠠᠵᠢᠯ ᠤᠨ ᠡᠭᠡᠯᠵᠢᠲᠦ ᠬᠤᠷᠠᠯ ᠵᠢᠴᠢ ᠭᠠᠯ ᠰᠡᠷᠬᠡᠶᠢᠯᠡᠬᠦ ᠠᠮᠤᠷ ᠲᠦᠪᠰᠢᠨ ᠤ ᠬᠡᠮ ᠰᠤᠬᠠᠭ ᠢ ᠲᠥᠪᠯᠡᠷᠡᠭᠦᠯᠦᠨ ᠠᠷᠢᠯᠭᠠᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠪᠡ᠃ ᠬᠤᠷᠠᠯ ᠳᠡᠭᠡᠷ᠎ᠡ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠬᠦᠨᠳᠦ ᠣᠨᠴᠠ ᠶᠡᠭᠡ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠬᠤᠯᠪᠣᠭᠳᠠᠯ ᠪᠦᠬᠦᠢ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ︽ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠲᠠᠯ᠎ᠠ ᠪᠠᠷ ᠬᠢ ᠭᠠᠮᠰᠢᠭ ᠢ ᠲᠥᠪᠯᠡᠷᠡᠭᠦᠯᠦᠨ ᠠᠷᠢᠯᠭᠠᠬᠤ ᠪᠡᠷᠬᠡ ᠰᠡᠳᠦᠪ ᠢ ᠰᠢᠢᠳᠪᠦᠷᠢᠯᠡᠬᠦ ᠶᠡᠭᠡ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠶᠢᠨ ᠵᠥᠪᠯᠡᠯ ᠤᠨ ᠠᠯᠪᠠᠨ ᠭᠡᠷ ᠤᠨ ᠮᠡᠳᠡᠭᠳᠡᠯ︾ ᠤᠨ ᠠᠵᠢᠯ ᠤᠨ ᠱᠠᠭᠠᠷᠳᠠᠯᠭ᠎ᠠ ᠶᠢ ᠤᠯᠠᠮᠵᠢᠯᠠᠪᠠ᠃ ᠮᠠᠨ ᠤ ᠬᠤᠰᠢᠭᠤᠨ ᠤ ᠠᠶᠤᠯᠭᠦᠢ ᠦᠢᠯᠡᠳᠪᠦᠷᠢᠯᠡᠯ ᠪᠣᠯᠣᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠮᠡᠳᠡᠭᠳᠡᠵᠦ᠂ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠭᠰᠠᠨ ᠪᠥᠭᠡᠳ ᠪᠦᠭᠦ ᠬᠤᠰᠢᠭᠤᠨ ᠤ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠭᠠᠮᠰᠢᠭ ᠢ ᠲᠥᠪᠯᠡᠷᠡᠭᠦᠯᠦᠨ ᠠᠷᠢᠯᠭᠠᠵᠤ᠂ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢ ᠲᠠᠶᠢᠴᠢᠯᠠᠨ ᠪᠠᠶᠢᠷᠢᠯᠠᠭᠤᠯᠵᠠᠢ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠯᠢ ᠳ᠋ᠦᠩ ᠯᠢᠨ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ  ᠴᠡᠩᠬᠡᠯ᠂  ᠦᠯᠵᠠᠶᠢᠮᠡᠨᠳᠦ᠂ ᠵᠠᠩ ᠠᠢ ᠯᠦᠩ ᠬᠤᠷᠠᠯ ᠳᠤ ᠣᠷᠣᠯᠴᠠᠵᠤ ᠠᠵᠢᠯ ᠪᠠᠶᠢᠷᠢᠯᠠᠭᠤᠯᠵᠠᠢ᠃     ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠶᠢᠷ᠎ᠠ ᠶᠢᠨ ᠬᠤᠭᠤᠴᠠᠭᠠᠨ ᠤ ᠾᠧᠨᠠᠨ ᠤ ᠨᠠᠨᠶᠠᠩ ᠤᠨ︽1.20︾᠂ ᠵᠢᠶᠠᠩᠰᠢ ᠶᠢᠨ ᠰᠢᠨ ᠢᠦᠢ ᠶᠢᠨ ︽1.24︾ ᠬᠤᠶᠠᠷ ᠤᠳᠠᠭ᠎ᠠ ᠶᠢᠨ ᠠᠶᠤᠯᠭᠦᠢ ᠦᠢᠯᠡᠳᠪᠦᠷᠢᠯᠡᠯ ᠤᠨ ᠠᠳᠡᠯ ᠤᠨ ᠰᠤᠷᠭᠠᠮᠵᠢ ᠶᠢ ᠭᠦᠨᠵᠡᠭᠡᠢ ᠬᠦᠯᠢᠶᠡᠨ ᠠᠪᠴᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠤᠯᠠᠭᠠᠨ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠬᠤ ᠬᠡᠷᠡᠭᠲᠡᠢ᠃ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠣᠯᠣᠨ ᠴᠠᠭ ᠪᠢᠳᠡᠨ ᠢ ᠬᠦᠯᠢᠶᠡᠬᠦ ᠦᠭᠡᠢ ᠲᠤᠯᠭᠠᠮ᠎ᠠ ᠰᠡᠳᠬᠢᠯᠭᠡ ᠪᠠᠷ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠤᠷᠢᠳᠴᠢᠯᠠᠨ ᠰᠤᠳᠤᠯᠤᠨ ᠮᠠᠭᠠᠳᠯᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠪᠦᠬᠦ ᠬᠦᠴᠦᠨ ᠢᠶᠠᠷ ᠢᠶᠠᠨ ᠴᠢᠩᠭ᠎ᠠ ᠠᠳᠬᠤᠨ ᠪᠣᠳᠠᠲᠠᠢ ᠠᠳᠬᠤᠬᠤ ᠬᠡᠷᠡᠭᠲᠡᠢ᠃ ᠬᠤᠶᠠᠷ ᠲᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠡ᠂ ᠡᠯ᠎ᠡ ᠠᠵᠤ ᠠᠬᠤᠶᠢᠯᠠᠯ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠤᠬᠠᠮᠰᠠᠷ ᠪᠠ ᠬᠠᠷᠢᠭᠤᠴᠠᠯᠭ᠎ᠠ ᠪᠠᠨ ᠴᠢᠩᠭᠠᠳᠬᠠᠵᠤ᠂ ᠬᠤᠲᠠ ᠪᠠᠯᠭᠠᠰᠤᠨ ᠤ ᠰᠢᠲᠠᠮᠠᠬᠠᠢ ᠬᠡᠢ᠂ ᠵᠠᠮ ᠬᠠᠷᠢᠯᠴᠠᠭ᠎ᠠ᠂ ᠬᠤᠸᠠᠷ ᠫᠤᠤᠵᠢᠩ᠂ ᠬᠤᠲᠠ ᠪᠠᠯᠭᠠᠰᠤᠨ ᠤ ᠢᠯᠴᠢ ᠬᠠᠩᠭᠠᠬᠤ ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠵᠡᠷᠭᠡ ᠠᠵᠢᠯ ᠢ ᠦᠨᠡᠨᠬᠦ ᠰᠠᠶᠢᠲᠤᠷ ᠬᠢᠵᠦ᠂ ᠪᠥᠬᠦ ᠬᠤᠰᠢᠭᠤᠨ ᠤ ᠠᠮᠤᠷ ᠲᠣᠭᠲᠠᠭᠤᠨ ᠤ ᠶᠡᠭᠡ ᠲᠠᠯ᠎ᠠ ᠪᠠ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠣᠳᠣᠬᠠᠨ ᠤ ᠲᠤᠶᠢᠯ ᠤᠨ ᠬᠦᠨᠳᠦ ᠨᠣᠴᠢᠲᠠᠢ ᠭᠠᠯ ᠤᠨ ᠭᠠᠮᠰᠢᠭ ᠤᠨ ᠪᠠᠶᠢᠳᠠᠯ ᠢ ᠭᠦᠢᠴᠡᠳ ᠲᠠᠨᠢᠵᠤ᠂ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠬᠦᠨᠳᠦ ᠠᠷᠭ᠎ᠠ ᠬᠡᠮᠵᠢᠶ᠎ᠡ ᠪᠠᠷ ᠠᠶᠤᠯ ᠲᠦᠭᠰᠢᠭᠦᠷᠢ ᠶᠢ ᠠᠷᠢᠯᠭᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠠᠯ ᠰᠡᠷᠬᠡᠶᠢᠯᠡᠬᠦ ᠠᠮᠤᠷ ᠲᠦᠪᠰᠢᠨ ᠤ ᠬᠦᠨᠳᠦ ᠶᠡᠭᠡ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠢᠳᠪᠦᠷᠢᠯᠡᠬᠦ ᠴᠢᠩᠭ᠎ᠠ ᠬᠦᠰᠡᠯ ᠡᠷᠡᠮᠡᠯᠵᠡᠯ ᠪᠠ ᠴᠢᠳᠠᠪᠤᠷᠢ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠲᠥᠪᠯᠡᠷᠡᠭᠦᠯᠦᠨ ᠠᠶᠤᠯ ᠲᠦᠭᠰᠢᠭᠦᠷᠢ ᠶᠢ ᠠᠷᠢᠯᠭᠠᠬᠤ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠶᠡᠭᠡ ᠪᠠᠷ ᠵᠢᠭᠰᠠᠭᠠᠨ ᠪᠠᠶᠢᠴᠠᠭᠠᠬᠤ᠂ ᠶᠡᠭᠡ ᠪᠠᠷ ᠴᠡᠭᠴᠡᠯᠡᠨ ᠵᠠᠰᠠᠬᠤ᠂ ᠶᠡᠭᠡ ᠪᠠᠷ ᠢᠯᠡᠴᠢᠯᠡᠬᠦ᠂ ᠶᠡᠭᠡ ᠪᠠᠷ ᠰᠣᠷᠢᠬᠤ᠂ ᠶᠡᠭᠡ ᠪᠠᠷ ᠶᠠᠷᠢᠯᠴᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠬᠦ ᠪᠠᠷ ᠳᠠᠮᠵᠢᠭᠤᠯᠤᠨ᠂ ᠵᠣᠴᠢᠳ ᠤᠨ ᠪᠠᠭᠤᠳᠠᠯ᠂ ᠬᠤᠳᠠᠯᠳᠤᠭᠠᠨ ᠤ ᠬᠡᠲᠦ ᠳᠡᠯᠭᠡᠭᠦᠷ᠂ ᠰᠦᠯᠵᠢᠶᠡᠨ ᠤ ᠪᠠᠭᠠᠷ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠬᠥᠮᠥᠨ ᠣᠯᠠᠨ ᠴᠤᠭᠯᠠᠷᠠᠬᠤ ᠭᠠᠵᠠᠷ ᠲᠠᠯᠠᠪᠤᠷ ᠵᠢᠴᠢ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠬᠦᠷᠭᠡᠬᠦ ᠠᠵᠤ ᠠᠬᠤᠶᠢᠯᠠᠯ᠂ ︽ᠭᠤᠷᠪᠠ ᠶᠢ ᠨᠢᠭᠡᠳᠬᠡᠭᠰᠡᠨ︾ ︽ᠶᠢᠰᠦᠨ ᠪᠠᠭ᠎ᠠ︾ ᠭᠠᠵᠠᠷ ᠲᠠᠯᠠᠪᠤᠷ ᠵᠡᠷᠭᠡ ᠠᠶᠤᠯ ᠲᠦᠭᠰᠢᠭᠦᠷᠢ ᠶᠡᠬᠡᠲᠡᠢ ᠭᠠᠵᠠᠷ ᠲᠠᠯᠠᠪᠤᠷ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠬᠤ ᠳᠤ ᠪᠠᠯᠠᠢ ᠭᠠᠵᠠᠷ ᠦᠯᠡᠳᠡᠭᠡᠬᠦ ᠦᠭᠡᠢ ᠪᠠᠶᠢᠵᠤ᠂ ᠡᠯ᠎ᠡ ᠲᠥᠷᠥᠯ ᠤᠨ ᠭᠠᠯ ᠤᠨ ᠭᠠᠮᠰᠢᠭ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ ᠬᠤᠷᠢᠭᠯᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃    ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ᠂ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ  
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号