ᠸᠠᠩ ᠯᠢ ᠰᠢᠶᠠ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠳᠠᠷᠤᠭ᠎ᠠ ᠯᠢ ᠶᠦᠨ ᠽᠧ ᠲᠠᠢ ᠠᠭᠤᠯᠵᠠᠵᠠᠢ
ᠨᠡᠶᠢᠲᠡᠯᠡᠭᠰᠡᠨ ᠴᠠᠭ᠄
2024/4/10
 ᠸᠠᠩ ᠯᠢ ᠰᠢᠶᠠ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠳᠠᠷᠤᠭ᠎ᠠ ᠯᠢ ᠶᠦᠨ ᠽᠧ ᠲᠠᠢ ᠠᠭᠤᠯᠵᠠᠵᠠᠢ       4 ᠰᠠᠷ᠎ᠠ ᠶᠢᠨ 7᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢ ᠶᠦᠨ ᠽᠧ ᠲᠠᠢ ᠠᠭᠤᠯᠵᠠᠪᠠ᠃
微信图片_20240408155057_副本.jpg        
    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠯᠢ ᠶᠦᠨ ᠽᠧ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠥᠪᠥᠷ ᠮᠣᠩᠭᠤᠯ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠴᠢᠩᠭ᠎ᠠ ᠡᠵᠡᠮᠳᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠵᠠᠮ ᠢ ᠨᠡᠭᠡᠭᠡᠵᠦ ᠂ ᠳᠤᠮᠳᠠ ᠲᠦᠪᠰᠢᠨ ᠳᠤ ᠣᠷᠣᠵᠤ ᠪᠤᠢ᠃ ᠡᠨᠡ ᠵᠢᠯ ᠪᠢᠳᠡ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠰᠢᠭ ᠦᠭᠡᠢ ᠪᠠᠶᠢᠳᠠᠯ ᠢᠶᠠᠨ ᠬᠤᠪᠢᠷᠠᠭᠤᠯᠬᠤ ᠲᠡᠮᠡᠴᠡᠯ ᠢ ᠰᠠᠶᠢᠲᠤᠷ ᠬᠢᠵᠦ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠡᠷᠡᠭᠦᠯ ᠪᠤᠰᠤ ᠬᠥᠷᠥᠩᠭᠡ ᠶᠢ ᠴᠡᠪᠡᠷᠯᠡᠨ ᠬᠤᠷᠢᠶᠠᠵᠤ ᠰᠢᠢᠳᠪᠦᠷᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠂ ᠠᠶᠤᠯ ᠲᠦᠭᠰᠢᠭᠦᠷᠢ ᠶᠡᠬᠡᠲᠡᠢ ᠪᠠᠶᠢᠭᠤᠯᠤᠮᠵᠢ ᠶᠢ ᠤᠰᠠᠳᠬᠠᠬᠤ ᠳᠠᠶᠢᠯᠠᠯᠳᠤᠭᠠᠨ᠂ ᠵᠠᠬ᠎ᠠ ᠬᠥᠪᠡᠭᠡᠳᠡᠭᠰᠡᠨ ᠠᠶᠤᠯ ᠲᠦᠭᠰᠢᠭᠦᠷᠢ ᠶᠡᠬᠡᠲᠡᠢ ᠪᠠᠶᠢᠭᠤᠯᠤᠮᠵᠢ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ ᠭᠦᠨᠵᠡᠭᠡᠢ ᠥᠷᠨᠢᠭᠦᠯᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠥᠪᠥᠷ ᠮᠣᠩᠭᠤᠯ ᠢ ᠬᠠᠯᠠᠮᠵᠢᠯᠠᠨ ᠳᠡᠮᠵᠢᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠮᠥᠩᠭᠦᠨ ᠭᠦᠢᠯᠭᠡᠭᠡᠨ ᠤ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠲᠠᠯ᠎ᠠ ᠪᠠᠷ ᠨᠠᠩ ᠣᠯᠠᠨ ᠳᠡᠮᠵᠢᠯᠭᠡ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠬᠡᠯᠡᠪᠡ᠃    
微信图片_20240408155101_副本.jpg    ᠯᠢ ᠶᠦᠨ ᠽᠧ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠮᠥᠩᠭᠦᠨ
ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠠᠯ᠎ᠠ ᠪᠠᠷ ᠣᠯᠣᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠵᠤ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠲᠤ ᠪᠠᠷ ᠬᠠᠷᠢᠭᠤᠴᠠᠯᠭ᠎ᠠ ᠡᠭᠦᠷᠭᠡᠯᠡᠵᠦ᠂ ᠬᠠᠮᠲᠤ ᠪᠠᠷ ᠰᠡᠳᠦᠪ ᠬᠠᠷᠢᠭᠤᠯᠵᠤ᠂ ᠬᠠᠮᠲᠤ ᠪᠠᠷ ᠬᠦᠴᠦᠯᠡᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠨ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠨ᠎ᠠ ᠭᠡᠵᠦ ᠢᠯᠡᠳᠬᠡᠪᠡ᠃    ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号