ᠸᠠᠩ ᠯᠢ ᠰᠢᠶᠠ ᠰᠣᠶᠣᠯ ᠵᠢᠭᠤᠯᠴᠢᠯᠠᠯ ᠤᠨ ᠠᠵᠤ ᠦᠢᠯᠡᠰ ᠢ ᠪᠠᠶᠢᠴᠠᠭᠠᠨ ᠰᠤᠳᠤᠯᠵᠠᠢ
ᠨᠡᠶᠢᠲᠡᠯᠡᠭᠰᠡᠨ ᠴᠠᠭ᠄
2024/4/10
  ᠸᠠᠩ ᠯᠢ ᠰᠢᠶᠠ ᠰᠣᠶᠣᠯ ᠵᠢᠭᠤᠯᠴᠢᠯᠠᠯ ᠤᠨ ᠠᠵᠤ ᠦᠢᠯᠡᠰ ᠢ ᠪᠠᠶᠢᠴᠠᠭᠠᠨ ᠰᠤᠳᠤᠯᠵᠠᠢ        4 ᠰᠠᠷ᠎ᠠ ᠶᠢᠨ 7᠎ ᠤ ᠡᠳᠦᠷ᠂ ᠸᠠᠩ ᠯᠢ ᠰᠢᠶᠠ ᠭᠦᠭᠡᠬᠤᠲᠠ ᠳᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠪᠠᠶᠢᠴᠠᠭᠠᠨ ᠰᠤᠳᠤᠯᠪᠠ᠃    
微信图片_20240408155126_副本.jpg   
     ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ᠂ ᠸᠠᠩ ᠯᠢ ᠰᠢᠶᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠳᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠪᠠᠨ ᠴᠢᠩᠭᠠᠳᠬᠠᠬᠤ᠂ ᠦᠨ᠎ᠡ ᠥᠷᠲᠡᠭ ᠢ ᠨᠢ ᠠᠭᠤᠳᠠᠯᠬᠤ᠂ ᠪᠦᠲᠦᠮᠵᠢᠲᠡᠶ ᠠᠰᠢᠭᠯᠠᠬᠤ ᠶᠢ ᠪᠠᠷᠢᠮᠲᠠᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠢᠯᠠᠩᠭᠤᠶ᠎ᠠ ᠤᠮᠠᠷᠠᠲᠤ ᠬᠢᠯᠢ ᠶᠢᠨ ᠰᠣᠶᠣᠯ ᠢ ᠭᠦᠨᠵᠡᠭᠡᠢ ᠰᠤᠳᠤᠯᠤᠨ ᠲᠠᠶᠢᠯᠪᠤᠷᠢᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠦᠨᠡᠨ ᠬᠦ ᠠᠮᠢᠳᠤᠯᠢᠭ ᠪᠤᠯᠭᠠᠬᠤ ᠬᠡᠷᠡᠭᠲᠡᠢ ᠭᠡᠪᠡ᠃    ᠸᠠᠩ ᠯᠢ ᠰᠢᠶᠠ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ︽ᠪᠢᠳᠡᠨ ᠤ ᠰᠠᠶᠢᠨ ᠰᠠᠶᠢᠬᠠᠨ ᠠᠮᠢᠳᠤᠷᠠᠯ︾ ᠭᠡᠬᠦ ᠼᠢᠷᠺ ᠤᠨ ᠵᠦᠴᠦᠭᠡ ᠶᠢᠨ ᠪᠣᠯᠪᠠᠰᠤᠷᠠᠯ ᠤᠨ ᠲᠠᠯᠠᠪᠠᠢ ᠳᠤ ᠬᠦᠷᠴᠦ᠂ ᠲᠣᠭᠯᠠᠭᠴᠢᠳ ᠲᠠᠢ ᠰᠠᠨᠠᠯ ᠢᠶᠠᠨ ᠰᠣᠯᠢᠯᠴᠠᠪᠠ᠃ ᠲᠡᠷᠡ ᠵᠦᠴᠦᠭᠡ ᠶᠢᠨ ᠬᠦᠷᠢᠶᠡᠯᠡᠩ ᠤᠨ ᠬᠢᠨ ᠢ ᠵᠣᠬᠢᠶᠠᠨ ᠪᠦᠲᠦᠭᠡᠬᠦ ᠳᠠᠪᠠᠭᠤᠯᠢᠭ ᠢᠶᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠰᠢᠨ᠎ᠡ ᠪᠠᠷ ᠵᠦᠴᠦᠭᠡ ᠵᠣᠬᠢᠶᠠᠨ ᠪᠦᠲᠦᠭᠡᠵᠦ ᠪᠣᠯᠪᠠᠰᠤᠷᠠᠬᠤ ᠪᠠ ᠰᠣᠩᠭᠤᠳᠠᠭ ᠵᠦᠴᠦᠭᠡ ᠶᠢ ᠳᠠᠪᠲᠠᠨ ᠪᠣᠯᠪᠠᠰᠤᠷᠠᠬᠤ ᠶᠢ ᠰᠠᠶᠢᠲᠤᠷ ᠠᠳᠬᠤᠵᠤ᠂ ᠠᠷᠠᠳ ᠤᠯᠠᠨ ᠳᠤ ᠨᠡᠩ ᠤᠯᠠᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ ᠥᠭᠭᠦᠭᠡᠷᠡᠢ ᠭᠡᠵᠦ ᠵᠣᠷᠢᠭᠵᠢᠭᠤᠯᠪᠠ᠃ ᠰᠣᠶᠣᠯ ᠤᠨ ᠪᠦᠲᠦᠭᠡᠯᠴᠢ ᠦᠢᠯᠡᠳᠬᠦᠨ ᠤ ᠲᠤᠰᠬᠠᠢ ᠯᠠᠩᠭᠦᠢ ᠳᠤ᠂ ᠸᠠᠩ ᠯᠢ ᠰᠢᠶᠠ ᠦᠢᠯᠡᠳᠬᠦᠨ ᠤ ᠰᠤᠳᠤᠯᠤᠨ ᠨᠡᠭᠡᠭᠡᠯᠲᠡ ᠪᠠ ᠪᠣᠷᠤᠯᠠᠭᠤᠯᠭ᠎ᠠ ᠶᠢᠨ ᠪᠠᠶᠢᠳᠠᠯ ᠢ ᠯᠠᠪᠯᠠᠨ ᠠᠰᠠᠭᠤᠪᠠ᠃ ᠲᠡᠷᠡ᠂ ᠰᠣᠶᠣᠯ ᠤᠨ ᠪᠦᠲᠦᠭᠡᠯᠴᠢ ᠦᠢᠯᠡᠳᠬᠦᠨ ᠢ ᠵᠢᠭᠤᠯᠴᠢᠯᠠᠬᠰᠠᠳ ᠤᠨ ᠵᠣᠭᠰᠣᠴᠠ ᠠᠴᠠ ᠵᠢᠷᠤᠵᠤ ᠲᠥᠯᠥᠪᠯᠡᠬᠦ ᠬᠡᠷᠡᠭᠲᠡᠢ᠂ ᠣᠨᠴᠠᠯᠢᠭ ᠢᠯᠡ ᠲᠣᠳᠣ᠂ ᠬᠥᠮᠥᠰ ᠤᠨ ᠠᠩᠬᠠᠷᠤᠯ ᠢ ᠲᠠᠲᠠᠵᠤ ᠴᠢᠳᠠᠬᠤ ᠪᠠᠷ ᠦᠯᠦ ᠪᠠᠷᠠᠮ ᠪᠠᠰᠠ ᠪᠣᠷᠤᠯᠠᠭᠤᠯᠭ᠎ᠠ ᠶᠢᠨ ᠠᠷᠭ᠎ᠠ ᠵᠠᠮ ᠢᠶᠠᠨ ᠰᠢᠯᠢᠳᠡᠭᠵᠢᠭᠦᠯᠵᠦ᠂ ᠬᠠᠷᠠᠯᠲᠠᠲᠤ ᠬᠥᠮᠥᠰ ᠲᠤ ᠣᠨᠣᠴᠠᠲᠠᠢ ᠬᠦᠷᠭᠡᠬᠦ ᠬᠡᠷᠡᠭᠲᠡᠢ ᠭᠡᠵᠦ ᠬᠡᠯᠡᠪᠡ᠃    ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠨᠠᠰᠤᠵᠢᠯ ᠤᠨ ᠠᠰᠠᠷᠠᠮᠵᠢ ᠶᠢᠨ ᠨᠡᠶᠢᠲᠡ ᠶᠢᠨ ᠰᠠᠭᠤᠴᠠ ᠳᠤ᠂ ᠸᠠᠩ ᠯᠢ ᠰᠢᠶᠠ ᠬᠤᠨᠣᠭᠯᠠᠬᠤ ᠨᠥᠬᠦᠴᠡᠯ᠂ ᠡᠮᠴᠢᠯᠡᠭᠡᠨ ᠤ ᠦᠢᠯᠡᠴᠢᠯᠡᠭᠡ᠂ ᠠᠵᠢᠯᠲᠠᠨ ᠤ ᠬᠠᠮᠢᠶᠠᠷᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠢᠯᠲᠠᠳ ᠲᠤ ᠡᠮᠴᠢᠯᠡᠭᠡ ᠰᠤᠪᠢᠯᠠᠯᠲᠠ ᠶᠢ ᠨᠢᠭᠡ ᠴᠣᠭᠴᠠᠵᠢᠭᠤᠯᠬᠤ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠰᠤᠲᠠᠳ ᠢ ᠨᠠᠷᠢᠯᠢᠭ ᠠᠰᠠᠷᠠᠨ ᠬᠠᠮᠠᠭᠠᠯᠠᠵᠤ᠂ ᠲᠡᠳᠡᠨ ᠤ ᠡᠷᠡᠭᠦᠯ ᠮᠡᠨᠳᠦ ᠪᠠ ᠠᠮᠤᠷ ᠲᠦᠪᠰᠢᠨ ᠢ ᠰᠠᠶᠢᠲᠤᠷ ᠪᠠᠲᠤᠯᠠᠬᠤ ᠬᠡᠷᠡᠭᠲᠡᠢ ᠭᠡᠵᠦ ᠵᠠᠬᠢᠪᠠ᠃ ᠲᠡᠷᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠢᠷᠡᠭᠡᠳᠦᠢ ᠭᠡᠭᠡᠨ ᠰᠠᠷᠠᠭᠤᠯ ᠪᠠᠶᠢᠨ᠎ᠠ᠂ ᠡᠷᠡᠭᠦᠯᠵᠢᠯ ᠰᠤᠪᠢᠯᠠᠯᠲᠠ ᠬᠢᠭᠡᠳ ᠵᠢᠭᠤᠯᠴᠢᠯᠠᠯ᠂ ᠰᠡᠯᠡᠭᠦᠴᠡᠯ᠂ ᠰᠣᠶᠣᠯ ᠵᠡᠷᠭᠡ ᠣᠯᠠᠨ ᠡᠵᠡᠩᠨᠡᠯᠲᠡ ᠶᠢᠨ ᠭᠡᠯᠪᠡᠷᠢ ᠶᠢᠨ ᠠᠭᠤᠰᠤᠯᠴᠠᠯ ᠢ ᠠᠬᠢᠭᠤᠯᠵᠤ᠂ ᠴᠢᠨᠠᠷ ᠰᠠᠶᠢᠲᠠᠢ ᠡᠷᠡᠭᠦᠯᠵᠢᠯ ᠰᠤᠪᠢᠯᠠᠯᠲᠠ ᠶᠢᠨ ᠲᠥᠷᠥᠯ ᠲᠡᠮᠳᠡᠭ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃    ᠲᠠᠷᠠᠭ᠎ᠠ ᠨᠢ᠂ ᠸᠠᠩ ᠯᠢ ᠰᠢᠶᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠥᠬᠦᠳ ᠲᠠᠢ ᠭᠦᠨᠵᠡᠭᠡᠢ ᠶᠠᠷᠢᠯᠴᠠᠵᠤ᠂ ᠠᠵᠢᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠲᠡᠷᠡ᠂ ᠵᠢᠭᠤᠯᠴᠢᠯᠠᠯ ᠤᠨ ᠦᠢᠯᠡᠰ ᠨᠢ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠵᠤ᠂ ᠠᠵᠢᠯᠯᠠᠭ᠎ᠠ ᠨᠢᠭᠡᠪᠦᠷᠢ ᠶᠢ ᠨᠠᠷᠢᠨ ᠨᠢᠮᠪᠠᠢ ᠤᠬᠠᠭᠠᠯᠠᠨ ᠲᠥᠰᠥᠪᠯᠡᠵᠦ᠂ ᠵᠢᠭᠤᠯᠴᠢᠯᠠᠬᠰᠠᠳ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠢᠷᠡᠪᠡᠯ ᠶᠠᠭᠤ ᠢᠳᠡᠬᠦ᠂ ᠶᠠᠭᠤ ᠤᠤᠭᠤᠬᠤ᠂ ᠶᠠᠭᠤ ᠨᠠᠭᠠᠳᠬᠤ᠂ ᠶᠠᠭᠤ ᠬᠤᠳᠠᠯᠳᠤᠨ ᠠᠪᠬᠤ᠂ ᠶᠠᠭᠤ ᠠᠪᠴᠤ ᠶᠠᠪᠤᠬᠤ ᠶᠢᠨ ᠲᠣᠭᠤᠷᠢᠨ ᠳᠤ ᠡᠵᠡᠩᠨᠡᠯᠲᠡ ᠶᠢᠨ ᠭᠡᠯᠪᠡᠷᠢ ᠪᠠᠨ ᠪᠠᠶᠠᠯᠢᠭᠵᠢᠭᠤᠯᠵᠤ᠂ ᠠᠬᠤᠢ ᠳᠠᠯᠠᠪᠠᠢ ᠶᠢ ᠪᠠᠶᠢᠷᠢᠯᠠᠭᠤᠯᠵᠤ᠂ ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠰ ᠢ ᠬᠥᠭᠵᠢᠶᠡᠨ ᠲᠠᠢ ᠪᠤᠯᠭᠠᠬᠤ ᠬᠡᠷᠡᠭᠲᠡᠢ᠃ ᠵᠢᠭᠤᠯᠴᠢᠯᠠᠯ ᠤᠨ ᠦᠢᠯᠡᠴᠢᠯᠡᠭᠡᠨ ᠤ ᠦᠢᠯᠡᠰ ᠤᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠪᠦᠭᠦ ᠣᠷᠣᠨ ᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠶᠠᠩ ᠶᠢᠨ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号