ᠰᠢᠯᠤᠭᠤᠨ ᠬᠥᠪᠡᠭᠡᠲᠦ ᠴᠠᠭᠠᠨ ᠬᠤᠰᠢᠭᠤ ︽ᠤᠯᠠᠭᠠᠨ ᠬᠥᠬᠡ ᠠᠭᠤᠰᠤᠯᠴᠠᠭᠰᠠᠨ ᠬᠦᠴᠦᠷᠬᠡᠭ ᠤᠯᠤᠰ ᠤᠨ ᠰᠡᠷᠭᠦᠨ ᠮᠠᠨᠳᠤᠯᠲᠠ ᠳᠤ ᠪᠢ ᠪᠠᠶᠢᠨ᠎ᠠ︾ ᠭᠤᠣᠯ ᠰᠡᠳᠦᠪᠲᠦ ᠮᠡᠳᠡᠯᠭᠡ ᠶᠢᠨ ᠤᠷᠤᠯᠳᠤᠭᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/4/3
  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠳᠣᠭᠤᠰᠢᠯᠠᠭᠤᠯᠠᠨ ᠨᠠᠶᠢᠳᠠᠪᠤᠷᠢᠵᠢᠭᠤᠯᠵᠤ᠂  ᠪᠦᠬᠦ ᠲᠠᠯ᠎ᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠭᠦᠨᠵᠡᠭᠡᠢ ᠪᠣᠶᠢᠵᠢᠭᠤᠯᠤᠨ ᠦᠢᠯᠡᠳᠦᠯᠭᠡᠵᠢᠭᠦᠯᠵᠦ᠂ ᠨᠢᠭᠡᠳᠦᠭᠰᠡᠨ ᠣᠯᠠᠨ ᠦᠨᠳᠦᠰᠦᠲᠡᠨ ᠲᠠᠢ ᠤᠯᠤᠰ ᠤᠨ ᠪᠠᠶᠢᠳᠠᠯ ᠤᠨ ᠤᠬᠠᠭᠤᠯᠭ᠎ᠠ ᠬᠥᠮᠦᠵᠢᠯ ᠢ ᠥᠷᠭᠡᠨ ᠳᠡᠯᠭᠡᠷ ᠦᠷᠨᠢᠬᠦᠯᠬᠦ ᠶᠢᠨ ᠲᠥᠯᠥᠭᠡ᠂ 4 ᠰᠠᠷ᠎ᠠ ᠶᠢᠨ 1᠎ ᠤ ᠡᠳᠦᠷ᠂  ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂  ᠬᠤᠰᠢᠭᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠵᠥᠪᠯᠡᠯ᠂ ᠠᠵᠢᠯᠴᠢᠨ ᠤ ᠶᠡᠷᠦᠩᠬᠡᠢ ᠡᠪᠯᠡᠯ᠂ ᠬᠠᠮ ᠵᠠᠭᠤᠴᠢᠯᠠᠭᠤᠷ ᠤᠨ ᠲᠥᠪ ︽ᠤᠯᠠᠭᠠᠨ ᠬᠥᠬᠡ ᠠᠭᠤᠰᠤᠯᠴᠠᠭᠰᠠᠨ ᠬᠦᠴᠦᠷᠬᠡᠭ ᠤᠯᠤᠰ ᠤᠨ ᠰᠡᠷᠭᠦᠨ ᠮᠠᠨᠳᠤᠯᠲᠠ ᠳᠤ ᠪᠢ ᠪᠠᠶᠢᠨ᠎ᠠ︾ ᠭᠡᠬᠦ ᠭᠤᠣᠯ ᠰᠡᠳᠦᠪ ᠢᠶᠠᠷ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠳᠡᠦᠬᠡ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ ᠬᠠᠮᠲᠤᠷᠠᠨ ᠵᠣᠬᠢᠶᠠᠨ ᠪᠠᠶᠢᠭᠤᠯᠵᠤ ᠥᠷᠨᠢᠭᠦᠯᠪᠡ᠃ ᠬᠤᠰᠢᠭᠤᠨ ᠤ ᠤᠳᠤᠷᠢᠳᠤᠯᠭ᠎ᠠ ᠨᠠᠷᠠᠨᠮᠠᠨᠳᠤᠬᠤ᠂ ᠴᠧᠨ ᠬᠠᠢ ᠯᠢᠩ᠂ ᠭᠤᠸ ᡁᠢ ᠶᠢᠨ ᠠᠵᠢᠯᠯᠠᠭ᠎ᠠ ᠳᠤ ᠣᠷᠣᠯᠴᠠᠵᠠᠢ᠃
微信图片_20240402163738_副本.jpg
      ᠲᠣᠰ ᠤᠳᠠᠭᠠᠨ ᠤ ᠤᠷᠤᠯᠳᠤᠭᠠᠨ ᠢ ᠠᠩᠬᠠᠨ ᠤ ᠤᠷᠤᠯᠳᠤᠭᠠᠨ ᠪᠠ ᠬᠤᠶᠠᠳᠠᠭᠢ ᠤᠷᠤᠯᠳᠤᠭᠠᠨ ᠭᠡᠵᠦ ᠬᠤᠶᠠᠷ ᠱᠠᠲᠤ ᠬᠤᠪᠢᠶᠠᠵᠤ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ ᠠᠴᠠ ᠢᠷᠡᠭᠰᠡᠨ 11 ᠲᠥᠯᠥᠭᠡᠯᠡᠭᠴᠢ ᠶᠢᠨ ᠠᠩᠭᠢ ᠶᠢᠨ 33 ᠤᠷᠤᠯᠴᠠᠭᠰᠠᠳ ᠬᠤᠶᠠᠷ ᠳᠤᠭᠤᠶᠢᠯᠠᠩ ᠬᠤᠪᠢᠶᠠᠨ ᠠᠩᠬᠠᠨ ᠤ ᠤᠷᠤᠯᠳᠤᠭᠠᠨ ᠶᠠᠪᠤᠭᠤᠯᠵᠤ᠂ ᠠᠩᠬᠠᠨ ᠤ ᠤᠷᠤᠯᠳᠤᠭᠠᠨ ᠤ ᠰᠢᠷᠦᠭᠦᠨ ᠥᠷᠢᠰᠦᠯᠳᠦᠭᠡᠨ ᠢᠶᠠᠷ ᠳᠡᠮᠵᠢᠨ ᠡᠴᠦᠰ ᠲᠡᠭᠡᠨ 7 ᠲᠥᠯᠥᠭᠡᠯᠡᠭᠴᠢ ᠶᠢᠨ ᠠᠩᠭᠢ ᠬᠤᠶᠠᠳᠠᠭᠢ ᠤᠷᠤᠯᠳᠤᠭᠠᠨ ᠳᠤ ᠣᠷᠣᠪᠠ᠃    ᠤᠷᠤᠯᠳᠤᠭᠠᠨ ᠳᠤᠭᠤᠶᠢᠯᠠᠩ ᠤᠨ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ ᠬᠦᠴᠢᠷᠲᠦ ᠰᠡᠳᠦᠪ ᠵᠡᠷᠭᠡ ᠭᠤᠷᠪᠠᠨ ᠭᠤᠭᠴᠤᠭ᠎ᠠ ᠶᠢ ᠲᠣᠬᠢᠷᠠᠭᠤᠯᠵᠤ᠂ ᠤᠷᠤᠯᠳᠤᠭᠠᠨ ᠳᠤ ᠣᠷᠣᠯᠴᠠᠭᠰᠠᠳ ᠴᠤᠭ ᠵᠢᠪᠬᠤᠭ᠎ᠠ ᠪᠠᠷ ᠪᠢᠯᠬᠠᠮ᠎ᠠ᠂ ᠯᠠᠪᠳᠠᠭᠤᠨ ᠲᠣᠭᠲᠠᠭᠤᠨ᠂ ᠪᠤᠳᠤᠯᠬᠢᠯᠠᠨ ᠰᠡᠳᠬᠢᠵᠦ᠂ ᠨᠠᠷᠢᠨ ᠬᠢᠨᠠᠮᠠᠭᠠᠢ ᠬᠠᠷᠢᠭᠤᠯᠵᠤ᠂ ᠯᠠᠪᠳᠠᠭᠤᠨ ᠪᠠᠲᠤᠲᠠᠢ ᠮᠡᠳᠡᠯᠭᠡ ᠶᠢᠨ ᠨᠥᠭᠡᠴᠡ ᠪᠣᠯᠣᠨ ᠤᠨᠤᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠭᠦᠢᠴᠡᠳ ᠢᠯᠡᠷᠡᠭᠦᠯᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠠᠢ᠃ ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠡᠴᠦᠰ ᠲᠡᠭᠡᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠪᠤᠯᠠᠭᠠᠨᠳᠤᠬᠠᠢ ᠰᠤᠮᠤ᠂ ᠶᠡᠬᠡᠨᠠᠭᠤᠷ ᠰᠤᠮᠤ ᠶᠢᠨ ᠲᠥᠯᠥᠭᠡᠯᠡᠭᠴᠢᠳ ᠤᠨ ᠠᠩᠭᠢ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠬᠤᠶᠠᠳᠤᠭᠠᠷ ᠳᠤᠮᠳᠠᠳᠤ ᠰᠤᠷᠭᠠᠭᠤᠯᠢ᠂ ᠮᠢᠩᠭᠠᠲᠤ ᠪᠠᠯᠭᠠᠰᠤ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠲᠥᠯᠥᠭᠡᠯᠡᠭᠴᠢᠳ ᠤᠨ ᠠᠩᠭᠢ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ ᠤᠷᠤᠯᠳᠤᠭᠠᠨ ᠳᠤ ᠨᠢᠭᠡᠳᠦᠭᠡᠷ ᠲᠤ ᠣᠷᠣᠭᠰᠠᠨ ᠠᠩᠭᠢ ᠰᠢᠯᠤᠭᠤᠨ ᠬᠥᠪᠡᠭᠡᠲᠦ ᠴᠠᠭᠠᠨ ᠬᠤᠰᠢᠭᠤ ᠶᠢ ᠲᠥᠯᠥᠭᠡᠯᠡᠨ ᠠᠶᠢᠮᠠᠭ ᠤᠨ ᠲᠡᠰ ᠤᠨ ᠰᠢᠢᠳᠪᠦᠷᠢᠲᠦ ᠤᠷᠤᠯᠳᠤᠭᠠᠨ ᠳᠤ  ᠤᠷᠤᠯᠴᠠᠨ᠎ᠠ᠃   ᠲᠤᠰ ᠤᠳᠠᠭ᠎ᠠ ᠶᠢᠨ ᠤᠷᠤᠯᠳᠤᠭᠠᠨ ᠢᠶᠠᠷ ᠲᠠᠮᠵᠢᠨ᠂ ᠤᠷᠤᠯᠴᠠᠭᠰᠠᠳ ᠲᠤᠰ ᠤᠳᠠᠭᠠᠨ ᠤ ᠤᠷᠤᠯᠳᠤᠭᠠᠨ ᠳᠤ ᠬᠤᠷᠠᠮᠳᠤᠭᠤᠯᠤᠭᠰᠠᠨ ᠮᠡᠳᠡᠯᠭᠡ ᠪᠣᠯᠣᠨ ᠲᠤᠷᠰᠢᠯᠭ᠎ᠠ ᠪᠠᠨ ᠪᠠᠳᠠᠷᠠᠭᠤᠯᠤᠨ᠂ ᠲᠡᠦᠬᠡ ᠶᠢ ᠮᠡᠳᠡᠵᠤ ᠨᠠᠮ ᠢᠶᠠᠨ ᠬᠠᠶᠢᠷᠠᠯᠠᠵᠤ᠂ ᠲᠡᠦᠬᠡ ᠶᠢ ᠮᠡᠳᠡᠵᠤ ᠤᠯᠤᠰ ᠢᠶᠠᠨ ᠬᠠᠶᠢᠷᠠᠯᠠᠵᠤ᠂ ᠨᠡᠩ ᠴᠢᠩ ᠰᠡᠳᠬᠢᠯ ᠠᠴᠠ ᠪᠠᠨ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠥ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠥᠭᠵᠢᠯᠲᠡ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠢᠯᠡᠳᠬᠡᠵᠡᠭᠡᠪᠡ  
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号