ᠸᠠᠩ ᠯᠢ ᠰᠢᠶᠠ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠪᠠ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/3
ᠸᠠᠩ ᠯᠢ ᠰᠢᠶᠠ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠪᠠ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ       4 ᠰᠠᠷ᠎ᠠ ᠶᠢᠨ 1᠎ ᠤ ᠡᠳᠦᠷ᠂ ᠸᠠᠩ ᠯᠢ ᠰᠢᠶᠠ ᠬᠥᠬᠡᠬᠤᠲᠠ ᠳᠤ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠪᠠ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃
微信图片_20240402163738_副本.jpg   
    ᠲᠡᠷᠡ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠳᠤ ᠬᠦᠷᠴᠦ᠂ ᠴᠠᠬᠢᠯᠭᠠᠨ ᠲᠣᠣᠷ ᠤᠨ ᠡᠳᠦᠷ ᠪᠦᠷᠢ ᠶᠢᠨ ᠬᠠᠮᠤᠭ ᠤᠨ ᠶᠡᠭᠡ ᠳᠠᠭᠠᠭᠠᠴᠠ᠂ ᠴᠠᠬᠢᠯᠭᠠᠨ ᠬᠦᠴᠦᠨ ᠤ ᠪᠡᠯᠡᠨ ᠪᠠᠷᠠᠭᠠᠨ ᠤ ᠠᠷᠠᠯᠵᠢᠶ᠎ᠠ ᠪᠠ ᠳᠤᠮᠳᠠ ᠤᠷᠲᠤ ᠬᠤᠭᠤᠴᠠᠭᠠᠨ ᠤ ᠠᠷᠠᠯᠵᠢᠶ᠎ᠠ ᠬᠡᠳᠦᠢ ᠪᠠᠶᠢᠬᠤ ᠶᠢ ᠨᠠᠷᠢᠨ ᠠᠰᠠᠭᠤᠵᠤ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠪᠠ ᠤᠰᠤᠲᠥ᠋ᠷᠥᠭᠴᠢᠵᠢᠭᠤᠯᠤᠨ ᠬᠠᠳᠠᠭᠠᠯᠠᠬᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠵᠤ᠂ ᠨᠢᠭᠡ ᠲᠠᠯ᠎ᠠ ᠪᠠᠷ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢ ᠠᠳᠬᠤᠵᠤ᠂ ᠨᠥᠭᠦᠭᠡ ᠲᠠᠯ᠎ᠠ ᠪᠠᠷ ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢ ᠠᠳᠬᠤᠵᠤ᠂ ᠲᠣᠨᠣᠭᠯᠠᠯ ᠦᠢᠯᠡᠳᠬᠦ ᠠᠵᠤ ᠦᠢᠯᠡᠰ ᠤᠨ ᠬᠡᠯᠬᠢᠶ᠎ᠡ ᠶᠢᠨ ᠲᠠᠰᠤᠯᠳᠠᠭᠰᠠᠨ ᠬᠡᠰᠡᠭ᠂ ᠲᠦᠭᠵᠢᠷᠡᠯ ᠤᠨ ᠲᠣᠭᠤᠷᠢᠨ ᠳᠤ ᠠᠷᠠᠯᠵᠢᠶᠠᠴᠢᠨ ᠤᠷᠢᠬᠤ ᠠᠵᠢᠯ ᠢ ᠥᠷᠨᠢᠭᠦᠯᠵᠦ᠂ ᠨᠡᠩ ᠣᠯᠠᠨ ᠲᠦᠷᠦᠭᠦᠯᠡᠭᠴᠢ ᠠᠵᠤ ᠠᠬᠤᠶᠢᠯᠠᠯ ᠢ ᠲᠠᠲᠠᠵᠤ ᠣᠷᠣᠭᠤᠯᠤᠨ ᠮᠠᠨ ᠤ ᠣᠷᠣᠨ ᠳᠤ ᠨᠤᠲᠤᠭᠰᠢᠭᠤᠯᠵᠤ᠂ ᠢᠵᠢ ᠪᠦᠷᠢᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠨᠡᠭᠦᠷᠡᠰᠦᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠶᠠᠪᠤᠴᠠ ᠶᠢ ᠣᠶᠢᠯᠠᠭᠠᠭᠰᠠᠨ ᠤ ᠳᠠᠷᠠᠭ᠎ᠠ᠂ ᠸᠠᠩ ᠯᠢ ᠰᠢᠶᠠ᠂ ᠭᠠᠷᠳᠠᠮ ᠭᠦᠢᠴᠡᠳᠬᠡᠬᠦ ᠳᠤ ᠠᠵᠤ ᠠᠬᠤᠶᠢᠯᠠᠯ ᠤᠨ ᠲᠣᠭᠤᠷᠢᠨ ᠳᠤ ᠶᠠᠪᠤᠭᠳᠠᠭᠤᠯᠵᠤ᠂ ᠶᠠᠭᠠᠬᠢᠵᠤ ᠲᠦᠷᠭᠡᠨ ᠪᠣᠯ ᠶᠠᠭᠠᠬᠢᠵᠤ ᠬᠢᠵᠦ᠂ ᠠᠵᠤ ᠠᠬᠤᠶᠢᠯᠠᠯ ᠳᠤ ᠶᠠᠭᠠᠬᠢᠵᠤ ᠳᠥᠭᠦᠮ ᠪᠣᠯ ᠶᠠᠭᠠᠬᠢᠵᠤ ᠬᠢᠬᠦ ᠬᠡᠷᠡᠭᠲᠡᠢ᠃ ᠲᠦᠭᠦᠬᠡᠢ ᠮᠠᠲ᠋ᠧᠷᠢᠶᠠᠯ ᠪᠣᠯᠭᠠᠬᠤ ᠨᠡᠭᠦᠷᠡᠰᠦᠨ ᠤ ᠬᠠᠩᠭᠠᠯᠭ᠎ᠠ ᠶᠢ ᠴᠢᠩᠭ᠎ᠠ ᠠᠩᠬᠠᠷᠴᠤ᠂ ᠨᠡᠩ ᠣᠯᠠᠨ ᠨᠡᠭᠦᠷᠡᠰᠦ ᠶᠢ ᠲᠦᠯᠡᠰᠢ ᠠᠴᠠ ᠲᠦᠭᠦᠬᠡᠢ ᠮᠠᠲ᠋ᠧᠷᠢᠶᠠᠯ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠰᠢᠨ᠎ᠡ ᠨᠢᠭᠡ ᠡᠭᠡᠯᠵᠢ ᠶᠢᠨ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠠᠵᠠ ᠲᠣᠬᠢᠶᠠᠯ ᠢ ᠠᠮᠵᠢᠵᠤ᠂ ᠨᠡᠭᠦᠷᠡᠰᠦ ᠵᠡᠷᠭᠡ ᠤᠯᠠᠮᠵᠢᠯᠠᠯᠲᠤ ᠠᠵᠤ ᠦᠢᠯᠡᠰ ᠤᠨ ᠣᠶᠤᠨᠴᠢᠯᠠᠭᠰᠠᠨ ᠲᠡᠶᠢᠰᠢ ᠥᠭᠡᠷᠡᠴᠢᠯᠡᠬᠦ᠂ ᠲᠣᠭᠠᠴᠢᠯᠠᠯᠲᠠ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃    ᠴᠠᠬᠢᠯᠭᠠᠨ ᠬᠦᠴᠦᠨ ᠤ ᠦᠢᠯᠡᠴᠢᠯᠡᠭᠡᠨ ᠤ 95598 ᠬᠠᠯᠠᠮᠰᠢᠯ ᠤᠲᠠᠰᠤᠨ ᠤ ᠲᠥᠪ ᠤᠨ ᠬᠢᠨ ᠶᠠᠭᠠᠷᠠᠯᠲᠠᠢ ᠠᠵᠢᠯᠯᠠᠵᠤ ᠪᠠᠶᠢᠯ᠎ᠠ᠃ ᠣᠯᠠᠨ ᠲᠦᠮᠡᠨ ᠤ ᠲᠤᠰᠬᠠᠯ ᠢᠶᠠᠷ ᠬᠠᠮᠤᠭ ᠤᠨ ᠣᠯᠠᠨ ᠠᠰᠠᠭᠤᠳᠠᠯ ᠶᠠᠭᠤ ᠶᠠᠭᠤ ᠪᠠᠶᠢᠬᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ ᠬᠡᠳᠦᠢ ᠪᠣᠯᠬᠤ᠂ ᠬᠡᠳᠦᠢ ᠤᠳᠠᠭᠠᠳ ᠰᠢᠢᠳᠪᠦᠷᠢᠯᠡᠵᠦ ᠳᠠᠭᠤᠰᠬᠠᠵᠤ ᠪᠠᠶᠢᠬᠤ ᠵᠡᠷᠭᠡ ᠣᠯᠠᠨ ᠲᠦᠮᠡᠨ ᠪᠠ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠸᠠᠩ ᠯᠢ ᠰᠢᠶᠠ ᠬᠠᠮᠤᠭ ᠠᠴᠠ ᠢᠯᠡᠭᠦᠦ ᠠᠩᠬᠠᠷᠴᠤ ᠪᠠᠶᠢᠪᠠ᠃ ᠲᠡᠷᠡ ᠴᠠᠬᠢᠯᠭᠠᠨ ᠬᠦᠴᠦᠨ ᠤ ᠦᠢᠯᠡᠴᠢᠯᠡᠭᠡ ᠶᠢᠨ ᠨᠢᠭᠡ ᠲᠠᠯ᠎ᠠ ᠨᠢ ᠬᠡᠷᠡᠭᠯᠡᠭᠴᠢ ᠲᠠᠢ ᠬᠤᠯᠪᠣᠯᠳᠤᠵᠤ᠂ ᠨᠥᠭᠦᠭᠡ ᠲᠠᠯ᠎ᠠ ᠨᠢ ᠵᠠᠰᠠᠭ ᠤᠨ ᠣᠷᠳᠣᠨ ᠲᠠᠢ ᠬᠤᠯᠪᠣᠯᠳᠤᠵᠤ ᠪᠠᠶᠢᠨ᠎ᠠ ᠭᠡᠵᠦ ᠴᠢᠬᠤᠯᠠᠴᠢᠯᠠᠵᠤ᠂ ᠠᠵᠢᠯᠲᠠᠨ ᠢ ᠵᠠᠬᠢᠶᠠᠯᠠᠭ᠎ᠠ ᠪᠠᠨ ᠲᠦᠷᠭᠡᠨ ᠶᠠᠪᠤᠭᠤᠯᠵᠤ᠂ ᠲᠦᠷᠭᠡᠨ ᠰᠢᠢᠳᠪᠦᠷᠢᠯᠡᠵᠦ᠂ ᠴᠠᠭ ᠲᠤᠬᠠᠢ ᠳᠤᠨᠢ ᠬᠠᠷᠢᠭᠤ ᠰᠤᠷᠪᠤᠯᠵᠢᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠢ ᠦᠨᠡᠨ ᠬᠦ ᠬᠠᠨᠤᠮᠵᠢᠲᠠᠢ ᠪᠠᠶᠢᠯᠭᠠᠬᠤ ᠬᠡᠷᠡᠭᠲᠡᠢ ᠭᠡᠵᠦ ᠵᠠᠬᠢᠪᠠ᠃    ᠳᠠᠷᠠᠭ᠎ᠠ ᠨᠢ᠂ ᠸᠠᠩ ᠯᠢ ᠰᠢᠶᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠴᠤᠭᠯᠠᠭᠤᠯᠤᠨ ᠲᠤᠬᠠᠢ ᠶᠢᠨ ᠲᠠᠯᠠᠪᠠᠢ ᠳᠤ ᠠᠯᠪᠠᠯᠠᠵᠤ᠂ ᠣᠳᠣᠬᠠᠨ ᠤ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠠᠵᠢᠯ ᠳᠤ ᠪᠠᠶᠢᠷᠢᠯᠠᠭᠤᠯᠤᠯᠲᠠ ᠬᠢᠪᠡ᠃ ᠲᠡᠷᠡ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠴᠠᠬᠢᠯᠭᠠᠨ ᠬᠦᠴᠦᠨ ᠤ ᠲᠣᠬᠢᠷᠠᠭᠤᠯᠤᠯᠲᠠ ᠶᠢ ᠨᠠᠷᠢᠯᠢᠭ ᠣᠨᠣᠪᠴᠢᠲᠠᠢ ᠪᠠᠶᠢᠯᠭᠠᠬᠤ ᠶᠢ ᠴᠢᠷᠮᠠᠶᠢᠨ ᠪᠡᠶᠡᠯᠡᠭᠦᠯᠵᠦ᠂ ᠠᠵᠤ ᠠᠬᠤᠶᠢᠯᠠᠯ ᠢ ᠬᠠᠪᠰᠤᠷᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠵᠦ᠂ ᠲᠣᠭᠲᠠᠭᠤᠨ ᠵᠢᠱᠢᠯᠲᠡ ᠲᠠᠢ ᠪᠠᠶᠢᠯᠭᠠᠵᠤ᠂ ᠪᠥᠬᠦ ᠣᠷᠣᠨ ᠤ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃    ᠪᠠᠢ ᠴᠢᠩ ᠶᠤᠸᠠᠨ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号