ᠰᠢ ᠶᠢᠨ ᠫᠢᠩ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠴᠢᠬᠤᠯᠠ ᠵᠢᠭᠠᠪᠤᠷᠢ ᠥᠭᠴᠦ ᠱᠠᠭᠠᠷᠳᠠᠭᠰᠠᠨ ᠨᠢ — ᠭᠠᠮᠰᠢᠭ ᠤᠨ ᠪᠠᠶᠢᠳᠠᠯ ᠢ ᠪᠦᠭᠦ ᠬᠦᠴᠦ ᠪᠠᠷ ᠢᠶᠠᠨ ᠠᠷᠭᠠᠴᠠᠭᠠᠵᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠵᠦ ᠠᠶᠤᠯ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2024/6/24
    ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 18᠎ ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠴᠢᠬᠤᠯᠠ ᠵᠢᠭᠠᠪᠤᠷᠢ ᠥᠭᠴᠡᠢ᠃    ᠰᠢ ᠶᠢᠨ ᠫᠢᠩ᠂ ᠣᠶᠢᠷ᠎ᠠ ᠶᠢᠨ ᠬᠤᠭᠤᠴᠠᠭᠠᠨ ᠳᠤ᠂ ᠡᠮᠦᠨᠡᠲᠦ ᠣᠷᠣᠨ ᠤ ᠤᠯᠠᠨ ᠭᠠᠵᠠᠷ ᠲᠤ ᠦᠷᠭᠦᠯᠵᠢᠯᠡᠨ ᠰᠢᠷᠦᠭᠦᠨ ᠪᠣᠷᠣᠭᠠᠯᠠᠵᠤ᠂ ᠭᠤᠸᠠᠩᠳᠦ᠋ᠩ᠂ ᠹᠦᠵᠢᠶᠠᠨ ᠵᠡᠷᠭᠡ ᠭᠠᠵᠠᠷ ᠲᠤ ᠦᠶᠡᠷ ᠤᠰᠤᠲᠤᠯ ᠪᠠ ᠭᠠᠵᠠᠷ ᠤᠨ ᠭᠠᠮᠰᠢᠭ ᠡᠭᠦᠰᠴᠦ᠂ ᠬᠥᠮᠥᠨ ᠬᠠᠷ᠎ᠠ ᠠᠳᠡᠵᠦ ᠰᠢᠷᠬᠠᠲᠤᠭᠰᠠᠨ ᠪᠠ ᠡᠳ᠋ ᠬᠥᠷᠥᠩᠭᠡ ᠰᠦᠢᠳᠦᠨ ᠬᠤᠬᠢᠷᠠᠵᠤ᠂ ᠤᠮᠠᠷᠠᠲᠤ ᠣᠷᠣᠨ ᠤ ᠬᠡᠰᠡᠭ ᠭᠠᠵᠠᠷ ᠣᠷᠣᠨ ᠤ ᠭᠠᠩ ᠬᠠᠭᠰᠠᠷᠠᠭᠠᠨ ᠤ ᠪᠠᠶᠢᠳᠠᠯ ᠰᠢᠷᠦᠭᠦᠰᠴᠦ᠂ ᠡᠮᠦᠨᠡᠲᠦ ᠣᠷᠣᠨ ᠤᠰᠤᠲᠤᠵᠤ ᠤᠮᠠᠷᠠᠲᠤ ᠣᠷᠣᠨ ᠭᠠᠩᠳᠠᠭᠰᠠᠨ ᠣᠨᠴᠠᠯᠢᠭ ᠢᠯᠡᠷᠬᠡᠢ ᠪᠣᠯᠵᠠᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠭᠠᠮᠰᠢᠭ ᠤᠨ ᠪᠠᠶᠢᠳᠠᠯ ᠢ ᠪᠦᠭᠦ ᠬᠦᠴᠦ ᠪᠠᠷ ᠢᠶᠠᠨ ᠠᠷᠭᠠᠴᠠᠭᠠᠵᠤ᠂ ᠠᠷᠭ᠎ᠠ ᠪᠦᠭᠦᠨ ᠢ ᠰᠦᠪᠡᠭᠴᠢᠯᠡᠨ ᠬᠠᠷᠢᠯᠴᠠᠭ᠎ᠠ ᠲᠠᠰᠤᠷᠠᠬᠰᠠᠨ ᠬᠥᠮᠥᠰ ᠢ ᠡᠷᠢᠨ ᠠᠪᠤᠷᠠᠵᠤ᠂ ᠭᠠᠮᠰᠢᠭᠳᠠᠭᠰᠠᠨ ᠤᠯᠠᠨ ᠲᠦᠮᠡᠨ ᠢ ᠲᠣᠬᠢᠲᠠᠢ ᠲᠥᠪᠬᠢᠨᠡᠭᠦᠯᠵᠦ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠪᠠᠲᠤᠯᠠᠵᠤ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠵᠦ ᠱᠠᠭᠠᠷᠳᠠᠪᠠ᠃    ᠰᠢ ᠶᠢᠨ ᠫᠢᠩ᠂ ᠮᠠᠨ ᠤ ᠤᠯᠤᠰ ᠪᠦᠭᠦ ᠲᠠᠯ᠎ᠠ ᠪᠠᠷ ᠦᠶᠡᠷ ᠤᠨ ᠴᠢᠬᠤᠯᠠ ᠬᠤᠭᠤᠴᠠᠭᠠᠨ ᠳᠤ ᠣᠷᠣᠬᠤ ᠶᠢ ᠳᠠᠭᠠᠯᠳᠤᠨ ᠂ ᠦᠶᠡᠷ ᠢ ᠰᠡᠷᠭᠡᠶᠢᠯᠡᠬᠦ ᠪᠠᠶᠢᠳᠠᠯ ᠡᠳᠦᠷ ᠢᠷᠡᠬᠦᠶ᠎ᠡ ᠬᠦᠨᠳᠦ ᠬᠡᠴᠡᠭᠦᠦ ᠪᠣᠯᠵᠤ ᠪᠠᠶᠢᠨ᠎ᠠ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠶᠤᠯ ᠲᠦᠭᠰᠢᠭᠦᠷᠢ ᠶᠢᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠨᠠᠭᠰᠢᠳᠠ ᠴᠢᠩᠭᠠᠳᠬᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠠᠶᠤᠯ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠶᠢ ᠴᠢᠩᠭᠠᠳᠬᠠᠵᠤ᠂ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠵᠤ᠂ ᠲᠣᠨᠣᠭᠯᠠᠯ ᠡᠳ᠋ ᠪᠣᠳᠠᠰ ᠢ ᠭᠦᠢᠴᠡᠳ ᠪᠡᠯᠡᠳᠬᠡᠵᠦ᠂ ᠠᠵᠢᠯ ᠤᠨ ᠲᠥᠰᠥᠯ ᠢᠶᠠᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠭᠡᠨᠡᠳᠲᠡ ᠶᠢᠨ ᠬᠡᠷᠡᠭ ᠢ ᠪᠦᠲᠦᠮᠵᠢᠲᠡᠢ ᠠᠷᠭᠠᠴᠠᠭᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号