ᠰᠢᠯᠤᠭᠤᠨ ᠬᠥᠪᠡᠭᠡᠲᠦ ᠴᠠᠭᠠᠨ ᠬᠤᠰᠢᠭᠤ ᠪᠥᠬᠦ ᠬᠤᠰᠢᠭᠤᠨ ᠤ 2024 ᠣᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/7/16
    ᠶᠡᠷᠦᠩᠬᠡᠶ ᠱᠦᠵᠢ ᠰᠢ ᠶᠢᠨ ᠫᠢᠩ ᠤᠨ ᠲᠠᠩᠰᠠ ᠡᠪᠬᠡᠮᠡᠯ ᠤᠨ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠶ ᠲᠤᠤᠱᠯᠠᠭᠤᠯᠵᠤ᠂ ᠪᠥᠬᠦ ᠬᠤᠰᠢᠭᠤᠨ ᠤ ᠲᠠᠩᠰᠠ ᠡᠪᠬᠡᠮᠡᠯ ᠤᠨ ᠬᠠᠮᠢᠶᠠᠷᠤᠯᠲᠠ ᠪᠠ ᠣᠷᠣᠨ ᠨᠤᠲᠤᠭ ᠤᠨ ᠶᠡᠷᠦᠩᠬᠡᠶᠢᠯᠡᠭᠰᠡᠨ ᠣᠨ ᠤ ᠣᠶᠢᠯᠠᠪᠤᠷᠢ ᠶᠢ ᠨᠠᠶᠢᠷᠠᠭᠤᠯᠤᠨ ᠪᠢᠴᠢᠬᠦ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 4᠎ ᠤ ᠡᠳᠦᠷ᠂ ᠬᠤᠰᠢᠭᠤᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ᠨᠢᠭᠡ ᠡᠳᠦᠷ ᠤᠨ ᠬᠤᠭᠤᠴᠠᠭ᠎ᠠ ᠲᠠᠢ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠭᠢᠯᠡᠪᠡ᠃ ᠲᠣᠰ ᠤᠳᠠᠭᠠᠨ ᠤ ᠪᠣᠯᠪᠠᠰᠤᠷᠠᠯ ᠤᠨ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠣᠨ ᠤ ᠣᠶᠢᠯᠠᠪᠤᠷᠢ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠣᠷᠳᠣᠨ ᠤ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠵᠢᠯᠣᠭᠤᠳᠬᠤ ᠭᠠᠵᠠᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠤᠷᠢᠵᠤ ᠣᠨ ᠤ ᠣᠶᠢᠯᠠᠪᠤᠷᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠ ᠨᠠᠶᠢᠷᠠᠭᠤᠯᠤᠨ ᠪᠢᠴᠢᠬᠦ ᠠᠷᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠰᠠ ᠡᠪᠬᠡᠮᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠰᠠ ᠡᠪᠬᠡᠮᠡᠯ ᠤᠨ ᠬᠠᠤᠯᠢ ᠶᠢ ᠬᠡᠷᠡᠭᠵᠢᠭᠦᠯᠬᠦ ᠲᠦᠷᠢᠮ︾᠂ ᠲᠠᠩᠰᠠ ᠡᠪᠬᠡᠮᠡᠯ ᠤᠨ ︽ᠭᠤᠷᠪᠠ ᠶᠢ ᠨᠢᠭᠡᠳᠬᠡᠵᠦ ᠨᠢᠭᠡ ᠪᠣᠯᠭᠠᠬᠤ︾ ᠲᠦᠷᠢᠮ ᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠬᠦ ᠵᠡᠷᠭᠡ ᠠᠭᠤᠯᠭ᠎ᠠ ᠶᠢᠨ ᠲᠣᠭᠤᠷᠢᠨ ᠳᠤ ᠬᠢᠴᠢᠶᠡᠯ ᠣᠷᠣᠭᠤᠯᠪᠠ᠃ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠪᠥᠬᠦ ᠬᠤᠰᠢᠭᠤᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠯᠪᠠᠨ ᠪᠠᠶᠢᠭᠤᠯᠤᠯᠭ᠎ᠠ ᠨᠢᠭᠡᠴᠡ ᠶᠢᠨ ᠲᠠᠩᠰᠠ ᠡᠪᠬᠡᠮᠡᠯ ᠢ ᠲᠥᠷᠥᠯ ᠬᠤᠪᠢᠶᠠᠬᠤ ᠲᠥᠰᠦᠯ᠂ ᠪᠢᠴᠢᠭ ᠮᠠᠲ᠋ᠧᠷᠢᠶᠠᠯ ᠤᠨ ᠲᠠᠩᠰᠠ ᠡᠪᠬᠡᠮᠡᠯ ᠳᠤ ᠣᠷᠣᠭᠤᠯᠬᠤ ᠬᠡᠪᠴᠢᠶ᠎ᠡ ᠪᠠ ᠲᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ ᠬᠤᠭᠤᠴᠠᠭᠠᠨ ᠤ ᠬᠦᠰᠦᠨᠦᠭᠲᠦ ᠶᠢ ᠭᠤᠷᠪᠠ ᠶᠢ ᠨᠢᠭᠡᠳᠦᠭᠦᠯᠦᠭᠰᠡᠨ ᠲᠦᠷᠢᠮ ᠵᠢᠴᠢ ᠣᠨ ᠤ ᠲᠣᠯᠢ ᠳᠤ ᠡᠬᠡ ᠪᠢᠴᠢᠭ ᠪᠢᠴᠢᠬᠦ ᠶᠠᠰᠤ ᠴᠢᠨᠠᠷ ᠢ ᠳᠡᠭᠡᠭᠰᠢᠯᠡᠭᠦᠯᠬᠦ ᠳᠤ ᠵᠢᠯᠣᠭᠤᠳᠣᠯᠭ᠎ᠠ ᠬᠠᠩᠭᠠᠵᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠠᠵᠢᠯ ᠤᠨ ᠵᠢᠷᠤᠮᠵᠢᠭᠰᠠᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠳᠤ ᠰᠠᠭᠤᠷᠢ ᠲᠠᠯᠪᠢᠵᠠᠶ᠃ ᠡᠯ᠎ᠡ ᠰᠤᠮᠤ ᠪᠠᠯᠭᠠᠰᠤ᠂ ᠬᠤᠰᠢᠭᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠪᠠᠶ ᠾᠧ ᠭᠤᠤᠯ ᠤᠨ ᠰᠢᠭᠤᠳ ᠬᠠᠷᠢᠶ᠎ᠠ ᠬᠠᠮᠢᠶᠠᠷᠤᠯᠲᠠ ᠶᠢᠨ ᠨᠢᠭᠡᠴᠡ ᠶᠢᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠵᠢᠴᠢ ᠠᠵᠢᠯᠲᠠᠨ ᠨᠡᠶᠢᠲᠡ 150 ᠬᠥᠮᠦᠨ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号