ᠬᠤᠸᠠ ᠰᠢ ᠦᠬᠡᠷ ᠤᠨ ᠡᠭᠦᠯᠳᠡᠷ ᠪᠤᠶᠢᠵᠢᠭᠤᠯᠬᠤ ᠰᠦᠷᠦᠭ ᠢ ᠮᠠᠭᠠᠳᠯᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠪᠦᠯᠬᠦᠮ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠬᠦᠷᠴᠦ ᠮᠠᠭᠠᠳᠯᠠᠨ ᠲᠣᠭᠲᠠᠭᠠᠬᠤ ᠠᠵᠢᠯ ᠥᠷᠨᠢᠭᠦᠯᠪᠡ᠃
ᠨᠡᠶᠢᠲᠡᠯᠡᠭᠰᠡᠨ ᠴᠠᠭ᠄
2024/7/16
     ᠠᠯᠠᠰᠢᠨ ᠦᠬᠡᠷ ᠤᠨ ᠠᠵᠤ ᠦᠶ᠋ᠯᠡᠰ ᠤᠨ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠵᠤ᠂ ᠮᠠᠨ ᠤ ᠬᠤᠰᠢᠭᠤᠨ ᠤ ᠬᠤᠸᠠ ᠰᠢ ᠦᠬᠡᠷ ᠤᠨ ᠰᠦᠷᠦᠭ ᠢ ᠥᠷᠭᠡᠳᠬᠡᠨ ᠦᠷᠡᠵᠢᠭᠦᠯᠦᠨ ᠪᠤᠶᠢᠵᠢᠭᠤᠯᠬᠤ ᠶᠢ ᠲᠦᠷᠭᠡᠳᠬᠡᠬᠦ ᠶᠢᠨ ᠲᠥᠯᠥᠭᠡ᠃ ᠣᠶᠢᠷ᠎ᠠ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠭᠡᠵᠢᠩ ᠤᠨ ᠮᠠᠯ ᠠᠵᠤ ᠠᠬᠤᠶ ᠮᠠᠯ ᠡᠮᠨᠡᠯᠭᠡ ᠶᠢᠨ ᠰᠤᠳᠤᠯᠬᠤ ᠭᠠᠵᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ᠂ ᠰᠢᠯᠢ ᠶᠢᠨ ᠭᠤᠤᠯ ᠠᠶᠢᠮᠠᠭ ᠤᠨ ᠮᠠᠯ ᠠᠵᠤ ᠠᠬᠤᠶ ᠶᠢᠨ ᠠᠵᠢᠯᠯᠠᠬᠤ ᠥᠷᠲᠡᠭᠡ ᠶᠢᠨ ᠲᠤᠰᠬᠠᠶ ᠮᠡᠷᠭᠡᠵᠢᠯᠲᠡᠨ ᠢᠶᠠᠷ ᠪᠦᠷᠢᠯᠳᠦᠭᠰᠡᠨ ᠲᠤᠰᠬᠠᠶ ᠮᠡᠷᠭᠡᠵᠢᠯᠲᠡᠨ ᠤ ᠪᠦᠯᠬᠦᠮ ᠮᠠᠨ ᠤ ᠬᠤᠰᠢᠭᠤᠨ ᠳᠤ ᠬᠦᠷᠴᠦ 2024 ᠣᠨ ᠳᠤ ᠰᠢᠨ᠎ᠡ ᠪᠠᠷ ᠭᠤᠶᠤᠴᠢᠯᠠᠭᠰᠠᠨ ᠬᠤᠸᠠ ᠰᠢ ᠦᠬᠡᠷ ᠤᠨ ᠡᠭᠦᠯᠳᠡᠷ ᠪᠤᠶᠢᠵᠢᠭᠤᠯᠬᠤ ᠰᠦᠷᠦᠭ ᠵᠢᠴᠢ ᠰᠦᠷᠦᠭ ᠥᠷᠭᠡᠳᠬᠡᠬᠦ ᠡᠷᠦᠬᠡ ᠳᠤ ᠲᠤᠬᠠᠶ ᠶᠢᠨ ᠭᠠᠵᠠᠷ ᠲᠤᠨᠢ ᠮᠠᠭᠠᠳᠯᠠᠨ ᠲᠣᠭᠲᠠᠭᠠᠬᠤ ᠠᠵᠢᠯ ᠥᠷᠨᠢᠭᠦᠯᠪᠡ᠃ ᠲᠤᠰᠬᠠᠶ ᠮᠡᠷᠭᠡᠵᠢᠯᠲᠡᠨ ᠤ ᠪᠦᠯᠬᠦᠮ ᠤᠷᠢᠳ ᠬᠤᠵᠢᠳ ᠮᠠᠨ ᠤ ᠬᠤᠰᠢᠭᠤᠨ ᠤ ᠬᠤᠸᠠ ᠰᠢ ᠦᠬᠡᠷ ᠤᠨ ᠡᠭᠦᠯᠳᠡᠷ ᠪᠤᠶᠢᠵᠢᠭᠤᠯᠬᠤ ᠰᠦᠷᠦᠭ ᠪᠠ ᠰᠦᠷᠦᠭ ᠢᠶᠠᠨ ᠥᠷᠭᠡᠳᠬᠡᠬᠦ ᠡᠷᠦᠬᠡ ᠳᠤ ᠭᠦᠨᠵᠡᠭᠡᠶᠢᠷᠡᠵᠦ᠂ ᠰᠠᠭᠤᠷᠢ ᠡᠬᠡ ᠮᠠᠯ ᠤᠨ ᠠᠯᠭᠦᠪᠷᠠ᠂ ᠲᠤᠭ᠎ᠠ ᠲᠣᠯᠣᠭᠠᠶ ᠶᠢ ᠨᠠᠷᠢᠨ ᠪᠠᠶᠢᠴᠠᠭᠠᠨ ᠦᠵᠡᠵᠦ᠂ ᠤᠳᠤᠮ ᠤᠨ ᠴᠠᠳᠢᠭ᠂ ᠬᠡᠭᠡᠯᠲᠦᠭᠦᠯᠭᠡ᠂ ᠲᠤᠭᠤᠯ ᠵᠡᠷᠭᠡ ᠬᠠᠮᠢᠶ᠎ᠠ ᠪᠥᠬᠦᠶ ᠲᠠᠩᠰᠠ ᠡᠪᠬᠡᠮᠡᠯ ᠤᠨ ᠲᠡᠮᠳᠡᠭᠯᠡᠯ ᠢ ᠤᠷᠪᠠᠭᠤᠯᠤᠨ ᠦᠵᠡᠵᠦ᠂ ᠲᠤᠭᠤᠯ ᠤᠨ ᠥᠰᠥᠯᠲᠡ ᠪᠤᠶᠢᠵᠢᠯᠲᠠ᠂ ᠬᠤᠶᠢᠴᠢ ᠦᠶ᠎ᠡ ᠶᠢᠨ ᠤᠳᠤᠮᠯᠠᠯ ᠤᠨ ᠲᠣᠭᠲᠠᠪᠤᠷᠢᠲᠤ ᠴᠢᠨᠠᠷ ᠵᠢᠴᠢ ᠲᠡᠵᠢᠭᠡᠨ ᠠᠷᠠᠴᠢᠯᠠᠬᠤ ᠬᠠᠮᠢᠶᠠᠷᠤᠯᠲᠠ ᠵᠡᠷᠭᠡ ᠪᠠᠶᠢᠳᠠᠯ ᠢ ᠣᠶᠢᠯᠠᠭᠠᠵᠤ᠂ ᠭᠤᠤᠯᠯᠠᠭᠴᠢ ᠰᠦᠷᠦᠭ ᠢ ᠰᠢᠮᠳᠠᠭᠤᠯᠤᠨ ᠪᠥᠬᠦ ᠠᠶᠢᠮᠠᠭ ᠤᠨ ᠬᠤᠸᠠ ᠰᠢ ᠦᠬᠡᠷ ᠤᠨ ᠡᠭᠦᠯᠳᠡᠷ ᠪᠤᠶᠢᠵᠢᠭᠤᠯᠬᠤ ᠰᠦᠷᠦᠭ ᠢ ᠪᠥᠲᠥᠭᠡᠨ ᠪᠠᠶᠢᠭᠤᠯᠬᠤ ᠪᠠᠷᠢᠮᠵᠢᠶ᠎ᠠ ᠶᠢ ᠬᠢᠨᠠᠮᠠᠭᠠᠶ ᠵᠢᠷᠤᠮᠯᠠᠨ᠂ ᠡᠯ᠎ᠡ ᠵᠦᠶ᠋ᠯ ᠤᠨ ᠲᠡᠮᠳᠡᠭᠯᠡᠯ ᠢ ᠰᠠᠶᠢᠲᠤᠷ ᠬᠢᠵᠦ᠂ ᠡᠬᠡ ᠦᠬᠡᠷ ᠤᠨ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠴᠢᠩᠭᠠᠳᠬᠠᠨ᠂ ᠲᠡᠵᠢᠭᠡᠨ ᠦᠷᠡᠵᠢᠭᠦᠯᠦᠭᠰᠡᠨ ᠠᠰᠢᠭ ᠣᠯᠵᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ ᠂ ᠡᠭᠦᠯᠳᠡᠷ ᠪᠤᠶᠢᠵᠢᠭᠤᠯᠬᠤ ᠰᠦᠷᠦᠭ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠶ᠋ᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠶ᠃ 4 ᠡᠳᠦᠷ ᠤᠨ ᠮᠠᠭᠠᠳᠯᠠᠨ ᠲᠣᠭᠲᠠᠭᠠᠬᠤ ᠠᠵᠢᠯ ᠢᠶᠠᠷ ᠳᠡᠮᠵᠢᠨ᠂ ᠡᠨᠡ ᠵᠢᠯ ᠮᠠᠨ ᠤ ᠬᠤᠰᠢᠭᠤ ᠬᠤᠸᠠ ᠰᠢ ᠦᠬᠡᠷ ᠤᠨ ᠡᠭᠦᠯᠳᠡᠷ ᠪᠤᠶᠢᠵᠢᠭᠤᠯᠬᠤ 4 ᠰᠦᠷᠦᠭ ᠢ ᠰᠢᠨ᠎ᠡ ᠪᠠᠷ ᠮᠠᠭᠠᠳᠯᠠᠨ ᠲᠣᠭᠲᠠᠭᠠᠵᠤ᠂ 227 ᠰᠠᠭᠤᠷᠢ ᠦᠨᠢᠶ᠎ᠡ ᠶᠢ ᠮᠠᠭᠠᠳᠯᠠᠨ ᠲᠣᠭᠲᠠᠭᠠᠪᠠ᠃ ᠪᠥᠬᠦ ᠬᠤᠰᠢᠭᠤᠨ ᠤ ᠬᠤᠸᠠ ᠰᠢ ᠦᠬᠡᠷ ᠤᠨ ᠡᠭᠦᠯᠳᠡᠷ ᠪᠤᠶᠢᠵᠢᠭᠤᠯᠬᠤ ᠰᠦᠷᠦᠭ ᠨᠡᠶᠢᠲᠡ 10 ᠡᠷᠦᠬᠡ ᠳᠤ ᠬᠦᠷᠴᠦ᠂ ᠰᠠᠭᠤᠷᠢ ᠦᠨᠢᠶ᠎ᠡ ᠶᠢᠨ ᠲᠤᠭ᠎ᠠ 448 ᠪᠣᠯᠵᠠᠶ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠲᠤᠰᠬᠠᠶ ᠮᠡᠷᠭᠡᠵᠢᠯᠲᠡᠨ ᠤ ᠪᠦᠯᠬᠦᠮ ᠤᠨ ᠰᠠᠨᠠᠯ ᠪᠠ ᠰᠠᠨᠠᠭᠤᠯᠭ᠎ᠠ ᠶᠣᠰᠣᠭᠠᠷ᠂ ᠬᠤᠸᠠ ᠰᠢ ᠦᠬᠡᠷ ᠤᠨ ᠡᠭᠦᠯᠳᠡᠷ ᠪᠤᠶᠢᠵᠢᠭᠤᠯᠬᠤ ᠰᠦᠷᠦᠭ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠸᠠ ᠰᠢ ᠦᠬᠡᠷ ᠤᠨ ᠡᠭᠦᠯᠳᠡᠷ ᠥᠷᠭᠡᠳᠬᠡᠨ ᠪᠤᠶᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠪᠥᠬᠦ ᠬᠤᠰᠢᠭᠤᠨ ᠤ ᠠᠯᠠᠰᠢᠨ ᠦᠬᠡᠷ ᠤᠨ ᠠᠵᠤ ᠦᠶ᠋ᠯᠡᠰ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠤᠨ᠎ᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号