ᠰᠢᠯᠤᠭᠤᠨ ᠬᠥᠪᠡᠭᠡᠲᠦ ᠴᠠᠭᠠᠨ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 91 ᠳ᠋ᠦᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ᠃
ᠨᠡᠶᠢᠲᠡᠯᠡᠭᠰᠡᠨ ᠴᠠᠭ᠄
2024/7/16
     6 ᠰᠠᠷ᠎ᠠ ᠶᠢᠨ 28᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠡᠷᠳᠡᠨᠢ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 91 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ 6 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠱᠤᠭᠤᠮ ᠪᠣᠯᠤᠨ ︽ᠵᠢᠷᠭᠤᠭᠠᠨ ᠢᠨᠵᠧᠨᠧᠷᠢᠩ ︾᠎ ᠢ ᠠᠬᠢᠭᠤᠯᠬᠤ ᠳᠤᠭᠤᠶᠢᠯᠠᠩ ᠤᠨ 2024 ᠣᠨ ᠤ 2 ᠳ᠋ᠤᠭᠠᠷ ᠤᠳᠠᠭ᠎ᠠ ᠶᠢᠨ ᠬᠤᠷᠠᠯ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠪᠥᠬᠦ ᠤᠯᠤᠰ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ ︵202428 ᠣᠨ︶︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠶᠡᠷ ᠤᠨ ᠬᠤᠭᠤᠴᠠᠭᠠᠨ ᠤ ᠣᠨᠴᠠᠯᠢᠭ ᠢ ᠣᠨᠣᠪᠴᠢᠲᠠᠶ ᠡᠵᠡᠮᠳᠡᠵᠦ᠂ ᠡᠯ᠎ᠡ ᠵᠦᠶ᠋ᠯ ᠤᠨ ᠠᠵᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠭᠠᠮᠰᠢᠭᠲᠤ ᠴᠠᠭ ᠠᠭᠤᠷ ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠢᠨᠵᠢᠯᠡᠬᠦ ᠤᠬᠠᠭᠠᠨᠴᠢ ᠪᠠᠷ ᠣᠨᠣᠴᠠᠲᠠᠢ ᠰᠠᠶᠢᠲᠤᠷ ᠬᠢᠵᠦ᠂ ᠭᠤᠣᠯᠳᠠᠯᠭ᠎ᠠ ᠲᠠᠢ ᠣᠨᠴᠠᠭᠠᠢ ᠴᠠᠭ ᠠᠭᠤᠷ ᠢ ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠬᠦ ᠪᠠ ᠰᠠᠨᠠᠭᠤᠯᠵᠤ᠂ ᠡᠷᠲᠡ ᠢᠯᠡᠷᠡᠭᠦᠯᠬᠦ᠂ ᠡᠷᠲᠡ ᠰᠡᠷᠡᠮᠵᠢᠯᠡᠭᠦᠯᠬᠦ᠂ ᠡᠷᠲᠡ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠶ᠋ᠳᠪᠦᠷᠢᠯᠡᠬᠦ ᠠᠵᠢᠯ ᠢ ᠰᠠᠶᠢᠲᠤᠷ ᠬᠢᠵᠦ ᠂ ᠡᠯ᠎ᠡ ᠲᠥᠷᠥᠯ ᠤᠨ ᠭᠤᠤᠯᠳᠠᠯᠭ᠎ᠠ ᠲᠠᠢ ᠬᠡᠮ ᠰᠣᠭᠤᠭ ᠤᠨ ᠣᠷᠣᠨ ᠪᠦᠰᠡ ᠳᠤ ᠪᠦᠬᠦᠨ ᠢ ᠬᠠᠮᠤᠷᠬᠤ᠂ ᠲᠤᠤᠷᠵᠢᠭᠤᠯᠬᠤ ᠮᠠᠶ᠋ᠢᠭ ᠤᠨ ᠵᠢᠭᠰᠠᠭᠠᠨ ᠪᠠᠶᠢᠴᠠᠭᠠᠯᠲᠠ ᠶᠢ ᠥᠷᠨᠢᠭᠦᠯᠵᠦ᠂ ᠠᠰᠠᠭᠤᠳᠠᠯ ᠤᠨ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃ ᠪᠡᠯᠡᠳᠬᠡᠯ ᠰᠣᠷᠢᠯᠲᠠ ᠶᠢᠨ ᠪᠡᠯᠡᠳᠬᠡᠯ ᠲᠥᠰᠦᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ ᠠᠶᠤᠯ ᠠᠴᠠ ᠠᠪᠤᠷᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠪᠣᠯᠪᠠᠰᠤᠷᠠᠯ ᠢ ᠰᠠᠶᠢᠲᠤᠷ ᠬᠢᠵᠦ᠂ ᠭᠠᠮᠰᠢᠭ ᠲᠣᠬᠢᠶᠠᠯᠳᠤᠪᠠᠯ ᠲᠦᠷᠭᠡᠨ ᠬᠥᠳᠡᠯᠦᠯᠴᠡᠵᠦ᠂ ᠴᠠᠭ ᠲᠤᠬᠠᠢ ᠳᠤᠨᠢ ᠪᠣᠳᠠᠲᠠᠢ ᠳᠤ ᠨᠠᠶᠢᠳᠠᠪᠤᠷᠢᠵᠢᠭᠤᠯᠵᠤ᠂ ᠣᠨᠣᠴᠠᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠠᠴᠠ ︽ᠵᠢᠷᠭᠤᠭᠠᠨ ᠢᠨᠵᠧᠨᠧᠷᠢᠩ︾᠎ ᠳᠤ ᠳᠤᠷᠠᠳᠤᠭᠰᠠᠨ ᠡᠯ᠎ᠡ ᠵᠦᠶ᠋ᠯ ᠤᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠪᠦᠷᠢᠨ ᠪᠦᠲᠦᠨ ᠣᠨᠣᠪᠴᠢᠲᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠥᠬᠦᠴᠡᠯ ᠢ ᠴᠢᠬᠤᠯᠠᠴᠢᠯᠠᠬᠤ ᠥᠬᠡᠶ᠂ ᠵᠣᠬᠢᠴᠠᠭᠤᠯᠤᠨ ᠬᠤᠪᠢᠷᠠᠭᠤᠯᠬᠤ ᠥᠬᠡᠶ᠂ ᠰᠣᠩᠭᠤᠯᠲᠠ ᠬᠢᠬᠦ ᠥᠬᠡᠶ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠢᠯᠠᠩᠭᠤᠶ᠎ᠠ ᠲᠥᠷᠥᠯ ᠵᠦᠶ᠋ᠯ ᠢ ᠬᠡᠷᠡᠭᠵᠢᠭᠦᠯᠬᠦ ᠳᠤ ᠠᠵᠢᠯ ᠡᠬᠢᠯᠡᠭᠦᠯᠬᠦ ᠶᠢ ᠠᠳᠬᠤᠬᠤ᠂ ᠠᠵᠢᠯ ᠡᠬᠢᠯᠡᠭᠦᠯᠬᠦ ᠶᠢ ᠠᠳᠬᠤᠬᠤ᠂ ᠠᠵᠢᠯ ᠳᠠᠭᠤᠰᠬᠠᠬᠤ ᠶᠢ ᠠᠳᠬᠤᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠩᠭᠤᠵᠢᠭᠤᠯᠤᠨ ᠠᠬᠢᠭᠤᠯᠬᠤ ᠪᠠ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ ᠤᠨ ᠳᠤᠮᠳᠠ ᠢᠯᠡᠷᠡᠭᠰᠡᠨ ᠪᠣᠳᠠᠲᠠᠶ ᠠᠰᠠᠭᠤᠳᠠᠯ ᠢ ᠨᠠᠷᠢᠨ ᠬᠢᠨᠠᠮᠠᠭᠠᠶ ᠰᠤᠳᠤᠯᠵᠤ᠂ ᠪᠣᠳᠠᠲᠠᠶ ᠶᠢ ᠡᠷᠬᠢᠮᠯᠡᠭᠰᠡᠨ ᠲᠤᠰᠠᠲᠠᠶ ᠰᠡᠳᠬᠢᠴᠡ ᠠᠷᠭ᠎ᠠ ᠬᠡᠮᠵᠢᠶ᠎ᠡ ᠶᠢ ᠳᠤᠷᠠᠳᠴᠤ᠂ ︽ᠵᠢᠷᠭᠤᠭᠠᠨ ᠢᠨᠵᠧᠨᠧᠷᠢᠩ︾᠎ ᠢ ᠪᠣᠳᠠᠲᠠᠶ ᠠᠳᠬᠤᠵᠤ ᠨᠠᠷᠢᠯᠢᠭ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠬᠤᠰᠢᠭᠤ ᠨᠠᠮ ᠤᠨ ᠬᠤᠷᠢᠶ᠎ᠠ ᠬᠡᠷ ᠲᠡᠭᠡᠨ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠡᠯ᠎ᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号