ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ︽ᠥᠪᠥᠷ ᠮᠣᠩᠭᠤᠯ ᠤᠨ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠭᠦᠨᠵᠡᠭᠡᠢ ᠠᠭᠤᠰᠤᠯᠴᠠᠬᠤ ᠶᠢ ᠠᠬᠢᠭᠤᠯᠬᠤ︾ ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/16
    6 ᠰᠠᠷ᠎ᠠ ᠶᠢᠨ 24᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ︽ᠥᠪᠥᠷ ᠮᠣᠩᠭᠤᠯ ᠤᠨ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠭᠦᠨᠵᠡᠭᠡᠢ ᠠᠭᠤᠰᠤᠯᠴᠠᠬᠤ ᠶᠢ ᠠᠬᠢᠭᠤᠯᠬᠤ︾ ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ᠃    ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠪᠠᠶᠢᠳᠠᠯ ᠢ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠠᠨ ᠷᠦᠨ ᠱᠧᠩ ᠬᠤᠷᠠᠯ ᠢ ᠡᠷᠭᠢᠯᠡᠭᠰᠡᠨ ᠪᠥᠭᠡᠳ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠤᠨ ᠲᠣᠳᠣᠷᠬᠠᠶᠢᠯᠠᠯᠲᠠ ᠬᠢᠪᠡ᠃    ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠰᠤᠳᠤᠯᠬᠤ ᠲᠠᠰᠤᠭ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠬᠠᠷᠢᠭᠤᠴᠠᠯᠭᠠᠲᠠᠨ ᠨᠥᠬᠦᠳ ᠪᠠᠶᠢᠳᠠᠯ ᠢ ᠮᠡᠳᠡᠭᠳᠡᠵᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠣᠶᠤᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠦᠭᠡ ᠬᠡᠯᠡᠭᠰᠡᠨ ᠪᠥᠭᠡᠳ ᠢᠳᠡᠪᠬᠢᠲᠡᠢ ᠶᠠᠷᠢᠯᠴᠠᠨ ᠰᠣᠯᠢᠯᠴᠠᠪᠠ᠃    ᠬᠤᠷᠠᠯ ᠠᠴᠠ ᠪᠦᠭᠦ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠰᠢᠰᠲ᠋ᠧᠮ ᠤᠨ ᠬᠢᠨ ᠥᠪᠥᠷ ᠮᠣᠩᠭᠤᠯ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠠᠵᠤ ᠦᠢᠯᠡᠰ ᠤᠨ ᠰᠢᠯᠵᠢᠯᠲᠡ ᠶᠢᠨ ᠥᠨᠳᠦᠷᠯᠢᠭ᠂ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠪᠠᠶᠢᠷᠢᠰᠢᠯ᠂ ᠪᠣᠬᠢᠷᠳᠤᠯ ᠦᠭᠡᠢ ᠪᠣᠳᠣᠯᠲᠠ ᠶᠢᠨ ᠬᠦᠴᠦᠨ ᠤ ᠪᠠᠲᠤᠯᠠᠭ᠎ᠠ ᠶᠢᠨ ᠰᠠᠭᠤᠷᠢᠨ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠰᠠᠭᠤᠷᠢᠨ ᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠥᠪᠥᠷ ᠮᠣᠩᠭᠤᠯ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠨᠡᠶᠢᠭᠡᠮ ᠤᠨ ᠠᠵᠢᠯ ᠦᠢᠯᠡᠰ ᠤᠨ ᠬᠠᠮᠵᠢᠯᠴᠠᠨ ᠬᠥᠭᠵᠢᠬᠦ ᠳᠤ ᠢᠳᠡᠪᠬᠢᠲᠡᠢ ᠪᠠᠷ ᠬᠥᠭᠦᠷᠭᠡ ᠬᠤᠯᠪᠣᠭᠠᠰᠤ ᠪᠣᠯᠵᠤ᠂ ᠠᠷᠭ᠎ᠠ ᠤᠬᠠᠭᠠᠨ ᠭᠠᠷᠭᠠᠵᠤ᠂ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号