ᠤᠯᠠᠭᠠᠨᠴᠠᠪ ᠰᠤᠮᠤ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ︽ᠲᠠᠪᠤᠨ ᠣᠳᠣᠨ ᠳᠡᠰ︾ ᠤᠨ ᠦᠨᠳᠦᠰᠦᠨ ᠱᠠᠲᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠢᠷᠠᠭᠤ ᠠᠯᠳᠠᠷ ᠢ ᠬᠦᠷᠲᠡᠪᠡ᠃
ᠨᠡᠶᠢᠲᠡᠯᠡᠭᠰᠡᠨ ᠴᠠᠭ᠄
2024/7/16
   ᠣᠶᠢᠷ᠎ᠠ ᠳᠤ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ︽ᠣᠳᠣᠨ ᠢ ᠦᠨᠡᠯᠡᠵᠦ ᠰᠢᠯᠢᠳᠡᠭ ᠢ ᠡᠭᠦᠳᠬᠦ︾ ᠠᠵᠢᠯᠯᠠᠭ᠎ᠠ ᠳᠤᠮᠳᠠ᠂ ᠤᠯᠠᠭᠠᠨᠴᠠᠪ ᠰᠤᠮᠤ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠡᠭᠦᠨ ᠤ ᠭᠠᠷᠮᠠᠭᠠᠶ ᠠᠵᠢᠯ ᠤᠨ ᠢᠯᠡᠷᠡᠯ ᠪᠠ ᠭᠠᠷᠮᠠᠭᠠᠶ ᠵᠡᠪᠰᠡᠭᠲᠦ ᠬᠦᠴᠦᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠷ ᠢᠶᠠᠨ ︽ᠲᠠᠪᠤᠨ ᠣᠳᠣᠨ ᠲᠠᠰ︾ ᠤᠨ ᠦᠨᠳᠦᠰᠦᠨ ᠱᠠᠲᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠢᠷᠠᠭᠤ ᠠᠯᠳᠠᠷ ᠢ ᠠᠮᠵᠢᠯᠲᠠ ᠲᠠᠢ ᠭᠥᠷᠳᠡᠪᠡ᠃ ᠣᠶᠢᠯᠠᠭᠠᠭᠰᠠᠨ ᠢᠶᠠᠷ᠂ ᠤᠯᠠᠭᠠᠨᠴᠠᠪ ᠰᠤᠮᠤ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠶᠡᠷᠦ ᠠᠴᠠ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠵᠠᠷᠴᠢᠮ ᠢ ᠡᠷᠡᠰ ᠲᠤᠭᠤᠰᠢᠯᠠᠭᠤᠯᠵᠤ᠂ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠲᠠᠢ ᠨᠢᠭᠲᠠ ᠤᠶᠠᠯᠳᠤᠭᠤᠯᠤᠨ᠂ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠲᠠᠢ ᠢᠳᠡᠪᠬᠢᠲᠡᠶ ᠵᠣᠬᠢᠴᠠᠵᠤ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠵᠢᠷᠤᠮᠵᠢᠭᠰᠠᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠪᠠ᠃ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢᠨ ᠲᠠᠯ᠎ᠠ ᠪᠠᠷ᠂ ᠲᠣᠰ ᠵᠡᠪᠰᠡᠭᠲᠦ ᠬᠦᠴᠦᠨ ᠤ ᠬᠡᠯᠲᠡᠰ ᠢᠮᠠᠭᠲᠠ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠣᠯᠠᠨ ᠵᠦᠶ᠋ᠯ ᠤᠨ ᠬᠡᠯᠪᠡᠷᠢ ᠶᠢᠨ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠳᠠᠮᠵᠢᠭᠤᠯᠤᠨ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠵᠡᠪᠰᠡᠭᠲᠦ ᠬᠦᠴᠦᠨ ᠤ ᠠᠵᠢᠯ ᠤᠨ ᠢᠮᠠᠭᠲᠠ ᠵᠥᠪ ᠤᠯᠤᠰ ᠲᠥᠷᠥ ᠶᠢᠨ ᠴᠢᠭᠯᠡᠯ ᠢ ᠪᠠᠲᠤᠯᠠᠬᠤ ᠪᠣᠯᠤᠨ᠎ᠠ᠃ ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ᠂ ᠤᠯᠠᠭᠠᠨᠴᠠᠪ ᠰᠤᠮᠤ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠰᠢᠯᠢᠳᠡᠭ ᠲᠤᠰᠬᠠᠶ ᠵᠡᠪᠰᠡᠭᠲᠦ ᠬᠦᠴᠦᠨ ᠤ ᠺᠠᠳ᠋ᠷ ᠪᠠ ᠡᠷᠦᠬᠡ ᠶᠢᠨ ᠴᠡᠷᠢᠭ ᠤᠨ ᠭᠤᠤᠯᠯᠠᠭᠴᠢ ᠬᠦᠴᠦᠨ ᠢ ᠰᠢᠯᠢᠨ ᠰᠣᠩᠭᠤᠬᠤ ᠪᠠ ᠬᠥᠮᠦᠵᠢᠭᠦᠯᠬᠦ ᠶᠢ ᠴᠢᠬᠤᠯᠠᠴᠢᠯᠠᠵᠤ᠂ ᠴᠡᠷᠢᠭ ᠤᠨ ᠪᠣᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠲᠡᠳᠡᠨ ᠤ ᠴᠡᠷᠢᠭ ᠤᠨ ᠶᠠᠪᠤᠳᠠᠯ ᠤᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠡᠭᠦᠨ ᠤ ᠬᠠᠮᠲᠤ᠂ ᠲᠣᠰ ᠵᠡᠪᠰᠡᠭᠲᠦ ᠬᠦᠴᠦᠨ ᠤ ᠬᠡᠯᠲᠡᠰ ᠪᠠᠰᠠ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠳᠠᠬᠢ ᠣᠷᠣᠭᠤᠯᠤᠯᠲᠠ ᠪᠠᠨ ᠨᠡᠮᠡᠭᠳᠡᠭᠦᠯᠵᠦ᠂ ᠠᠯᠪᠠᠨ ᠬᠡᠷ᠂ ᠮᠠᠲ᠋ᠧᠷᠢᠶᠠᠯ ᠤᠨ ᠲᠠᠰᠤᠭ᠂ ᠪᠠᠭᠠᠵᠢ ᠬᠡᠷᠡᠭᠰᠡᠯ ᠤᠨ ᠬᠥᠮᠥᠷᠭᠡ ᠵᠢᠴᠢ ᠰᠣᠶᠣᠯ ᠤᠨ ᠣᠷᠳᠣ ᠬᠤᠩᠭᠢᠯ ᠵᠡᠷᠭᠡ ᠬᠠᠲᠠᠭᠤ ᠲᠣᠨᠤᠭ ᠤᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠵᠡᠪᠰᠡᠭᠲᠦ ᠬᠦᠴᠦᠨ ᠤ ᠠᠵᠢᠯ ᠤᠨ ᠤᠷᠤᠭᠰᠢᠲᠠᠶ ᠶᠠᠪᠤᠭᠳᠠᠬᠤ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠤᠯᠠᠭᠠᠨᠴᠠᠪ ᠰᠤᠮᠤ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠠᠰᠠ ᠴᠡᠷᠢᠭ ᠤᠨ ᠠᠯᠪᠠ ᠡᠯᠰᠡᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠵᠡᠷᠭᠡ ᠣᠯᠠᠨ ᠵᠦᠶ᠋ᠯ ᠤᠨ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶ᠋ᠴᠡᠳᠬᠡᠵᠦ᠂ ᠳᠡᠭᠡᠳᠦ ᠱᠠᠲᠤᠨ ᠠᠴᠠ ᠳᠠᠭᠠᠭᠠᠯᠭᠠᠭᠰᠠᠨ ᠡᠯ᠎ᠡ ᠵᠦᠶ᠋ᠯ ᠤᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠪᠡ᠃ ᠲᠣᠰ ᠤᠳᠠᠭ᠎ᠠ ︽ᠲᠠᠪᠤᠨ ᠣᠳᠣᠨ ᠲᠠᠰ︾ ᠤᠨ ᠦᠨᠳᠦᠰᠦᠨ ᠱᠠᠲᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠢᠷᠠᠭᠤ ᠠᠯᠳᠠᠷ ᠢ ᠭᠥᠷᠳᠡᠭᠰᠡᠨ ᠶᠠᠪᠤᠳᠠᠯ ᠪᠣᠯ ᠲᠣᠰ ᠵᠡᠪᠰᠡᠭᠲᠦ ᠬᠦᠴᠦᠨ ᠤ ᠬᠡᠯᠲᠡᠰ ᠤᠨ ᠠᠵᠢᠯ ᠢ ᠳᠡᠭᠡᠳᠦ ᠬᠡᠮᠵᠢᠶ᠎ᠡ ᠪᠠᠷ ᠨᠤᠲᠠᠯᠠᠵᠤ ᠮᠡᠳᠡᠷᠡᠭᠰᠡᠨ ᠶᠠᠪᠤᠳᠠᠯ ᠪᠣᠯᠤᠨ᠎ᠠ᠃ ᠢᠷᠡᠭᠡᠳᠦᠶ ᠪᠠᠨ ᠪᠠᠷᠠᠯᠠᠬᠤᠶ᠎ᠠ᠂ ᠤᠯᠠᠭᠠᠨᠴᠠᠪ ᠰᠤᠮᠤ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠡᠭᠦᠨ ᠢᠶᠠᠷ ᠰᠢᠨ᠎ᠡ ᠭᠠᠷᠤᠭ᠎ᠠ ᠪᠣᠯᠭᠠᠵᠤ᠂ ᠲᠤᠷᠰᠢᠯᠭ᠎ᠠ ᠪᠠᠨ ᠲᠠᠰᠤᠷᠠᠯᠲᠠ ᠥᠬᠡᠶ ᠳ᠋ᠦᠩᠨᠡᠨ᠂ ᠵᠠᠮ ᠨᠡᠭᠡᠭᠡᠨ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠪᠠ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠬᠡᠶᠢᠯᠡᠵᠡᠶ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号