ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ᠃
ᠨᠡᠶᠢᠲᠡᠯᠡᠭᠰᠡᠨ ᠴᠠᠭ᠄
2024/7/16
     7 ᠰᠠᠷ᠎ᠠ ᠶᠢᠨ 4 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠡᠷᠳᠡᠨᠢᠪᠠᠭᠠᠲᠤᠷ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯᠭ᠎ᠠ ᠂ ᠬᠡᠰᠡᠭ ᠠᠷᠠᠳ ᠤᠨ ᠲᠥᠯᠥᠭᠡᠯᠡᠭᠴᠢ ᠪᠣᠯᠤᠨ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠲᠣᠯᠢᠨᠪᠤᠯᠠᠭ ᠭᠠᠴᠠᠭ᠎ᠠ᠂ ᠶᠦᠩ ᠾᠧ ᠲᠣᠰᠬᠤᠨ ᠤ ᠪᠡᠭᠡᠵᠢᠩ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠶ᠋ᠯᠡᠰ ᠤᠨ ᠬᠦᠷᠢᠶᠡᠯᠡᠩ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠵᠡᠷᠭᠡ ᠭᠠᠵᠠᠷ ᠲᠤ ᠪᠠᠶᠢᠴᠠᠭᠠᠨ ᠰᠤᠳᠤᠯᠤᠯᠲᠠ ᠬᠢᠵᠦ᠂ ᠳᠠᠷᠠᠭ᠎ᠠ ᠨᠢ ᠶᠠᠷᠢᠯᠴᠠᠬᠤ ᠬᠤᠷᠠᠯ ᠬᠤᠷᠠᠯᠳᠤᠭᠤᠯᠵᠤ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠮᠠᠨ ᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ ᠪᠠᠶᠢᠬᠤ ᠶᠢ ᠨᠠᠷᠢᠨ ᠣᠶᠢᠯᠠᠭᠠᠪᠠ᠃ ᠪᠠᠶᠢᠴᠠᠭᠠᠨ ᠰᠤᠳᠤᠯᠬᠤ ᠳᠤᠭᠤᠶᠢᠯᠠᠩ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠭᠤᠤᠯ ᠰᠢᠵᠢᠮ ᠢ ᠭᠦᠨᠵᠡᠭᠡᠶ ᠡᠵᠡᠮᠳᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ︔ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠪᠣᠳᠠᠲᠠᠢ ᠠᠷᠭ᠎ᠠ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠬᠤ ᠬᠡᠷᠡᠭᠲᠡᠢ︔ ᠡᠯ᠎ᠡ ᠰᠠᠯᠠᠭ᠎ᠠ ᠮᠥᠴᠢᠷ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠨᠠᠩ ᠬᠦᠴᠦᠲᠡᠶ ᠠᠷᠭ᠎ᠠ ᠬᠡᠮᠵᠢᠶ᠎ᠡ ᠠᠪᠴᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠭᠦᠨᠵᠡᠭᠡᠶᠢᠷᠡᠭᠦᠯᠦᠨ ᠬᠥᠭᠵᠢᠭᠦᠯᠬᠦ ᠬᠡᠷᠡᠭᠲᠡᠶ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠥᠭᠦᠷᠭᠡ ᠬᠤᠯᠪᠣᠭᠠᠰᠤ ᠶᠢᠨ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠵᠤ᠂ ᠬᠢᠨᠠᠯᠲᠠ ᠶᠢᠨ ᠳᠤᠮᠳᠠ ᠳᠡᠮᠵᠢᠯᠭᠡ ᠦᠵᠡᠭᠦᠯᠵᠦ᠂ ᠮᠠᠨ ᠤ ᠬᠤᠰᠢᠭᠤᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠵᠦ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号