ᠰᠢᠯᠤᠭᠤᠨ ᠬᠥᠪᠡᠭᠡᠲᠦ ᠴᠠᠭᠠᠨ ᠬᠤᠰᠢᠭᠤ ︽ᠲᠤᠯᠤᠭᠠᠨ ᠰᠠᠷ᠎ᠠ ᠶᠢᠨ ᠨᠢᠭᠡᠨ︾ ᠤ ᠠᠶᠢᠯᠴᠢᠯᠠᠯᠲᠠ ᠬᠢᠵᠦ ᠲᠣᠬᠤᠨᠢᠭᠤᠯᠪᠠ᠃
ᠨᠡᠶᠢᠲᠡᠯᠡᠭᠰᠡᠨ ᠴᠠᠭ᠄
2024/7/16
    ︽7 . 1︾ ᠤ ᠨᠠᠮ ᠪᠠᠶᠢᠭᠤᠯᠤᠭᠳᠠᠭᠰᠠᠨ ᠪᠠᠶᠠᠷ ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠡᠷᠳᠡᠨᠢ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠬᠡᠰᠡᠭ ᠤᠳᠤᠷᠢᠳᠤᠯᠭ᠎ᠠ ᠳᠤᠭᠤᠶᠢᠯᠠᠩ ᠳᠠᠭᠠᠭᠤᠯᠤᠨ ᠬᠡᠰᠡᠭ ᠠᠬᠠᠮᠠᠳ ᠨᠠᠮ ᠤᠨ ᠭᠡᠰᠢᠭᠦᠨ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠨᠠᠮ ᠤᠨ ᠬᠠᠶᠢᠷ᠎ᠠ ᠬᠠᠯᠠᠮᠵᠢ ᠬᠦᠷᠭᠡᠭᠰᠡᠨ ᠪᠥᠭᠡᠳ ᠪᠥᠬᠦ ᠬᠤᠰᠢᠭᠤᠨ ᠤ ᠡᠪ ᠬᠠᠮᠲᠤ ᠨᠠᠮ ᠤᠨ ᠭᠡᠰᠢᠭᠦᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠮᠢᠩᠭᠠᠨᠲᠤ ᠪᠠᠯᠭᠠᠰᠤᠨ ᠤ ᠦᠨᠡᠨᠪᠠᠲᠤ ᠭᠠᠴᠠᠭᠠᠨ ᠤ ᠠᠬᠠᠮᠠᠳ ᠨᠠᠮ ᠤᠨ ᠭᠡᠰᠢᠭᠦᠨ ᠷᠦᠩ ᠰᠢᠶᠤᠤ ᠢ ᠶᠢᠨ ᠬᠡᠷ ᠲᠤ᠂ ᠡᠷᠳᠡᠨᠢ ᠲᠡᠭᠦᠨ ᠳᠤ ︽ᠢᠷᠠᠭᠤ ᠠᠯᠳᠠᠷ ᠨᠠᠮ ᠤᠨ 50 ᠵᠢᠯ︾ ᠭᠡᠬᠦ ᠳᠤᠷᠠᠰᠬᠠᠯ ᠤᠨ ᠲᠡᠮᠳᠡᠭ ᠵᠡᠭᠦᠯᠭᠡᠭᠰᠡᠨ ᠪᠥᠭᠡᠳ ᠲᠣᠬᠤᠨᠢᠭᠤᠯᠬᠤ ᠮᠥᠩᠭᠦ ᠬᠦᠷᠭᠡᠵᠦ᠂ ᠲᠡᠳᠡᠨ ᠤ ᠬᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠯᠠᠨ ᠠᠰᠠᠭᠤᠵᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠶ᠋ᠯᠡᠳᠦᠯᠭᠡ ᠶᠢᠨ ᠠᠵᠢᠯᠯᠠᠭ᠎ᠠ ᠶᠢ ᠪᠠᠶᠢᠩᠭᠤ ᠥᠷᠨᠢᠭᠦᠯᠦᠭᠰᠡᠨ ᠪᠠᠶᠢᠳᠠᠯ ᠵᠡᠷᠭᠡ ᠪᠣᠶ᠃ ᠡᠷᠳᠡᠨᠢ ᠨᠠᠰᠤᠲᠠᠨ ᠤ ᠤᠷᠳᠤ ᠨᠠᠰᠤᠯᠠᠵᠤ ᠤᠳᠠᠭᠠᠨ ᠵᠢᠷᠭᠠᠬᠤ ᠶᠢ ᠬᠦᠰᠡᠨ ᠵᠥᠩᠨᠡᠬᠦ ᠶᠢᠨ ᠬᠠᠮᠲᠤ ᠠᠬᠠᠮᠠᠳ ᠨᠠᠮ ᠤᠨ ᠭᠡᠰᠢᠭᠦᠨ ᠤ ᠦᠯᠡᠳᠡᠪᠦᠷᠢ ᠢᠯᠴᠢ ᠪᠠᠨ ᠦᠷᠭᠦᠯᠵᠢᠯᠡᠨ ᠪᠠᠳᠠᠷᠠᠭᠤᠯᠵᠤ᠂ ᠲᠤᠷᠰᠢᠯᠭ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠪᠦᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠴᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号