| ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠣᠷᠳᠣ ᠬᠤᠭᠤᠴᠠᠭᠠᠨ ᠤ | ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ︵20182025︶︾ ᠶᠢᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠵᠠᠯᠠᠭᠤ ᠺᠠᠳ᠋ᠷᠴᠤᠳ ᠤᠨ ᠮᠡᠳᠡᠭᠡ ᠵᠠᠩᠭᠢ ᠶᠢᠨ | ᠤᠬᠠᠭᠤᠯᠭ᠎ᠠ ᠶᠢᠨ ᠠᠵᠢᠯ ᠤᠨ ᠬᠢᠷᠢ ᠲᠦᠪᠰᠢᠨ ᠪᠠ ᠬᠡᠷᠡᠯ ᠵᠢᠷᠤᠭ ᠤᠨ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠲᠣᠰ ᠨᠢᠭᠡᠴᠢ ᠶᠢᠨ ᠢᠶᠠᠨ ᠤᠬᠠᠭᠤᠯᠬᠤ ᠠᠵᠢᠯ ᠳᠤ ᠨᠠᠩ ᠰᠠᠶᠢᠨ ᠦᠶ᠋ᠯᠡᠴᠢᠯᠡᠵᠦ᠂ | ᠵᠠᠯᠠᠭᠤᠴᠤᠳ ᠤᠨ ᠬᠡᠪᠯᠡᠯ ᠤᠨ ᠡᠷᠬᠡ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠥᠨᠳᠥᠷ ᠬᠡᠪ | ᠪᠣᠯᠪᠠᠰᠤᠷᠠᠯ ᠲᠠᠢ ᠵᠠᠯᠠᠭᠤ ᠺᠠᠳ᠋ᠷ ᠠᠵᠢᠯᠲᠠᠨ ᠤ ᠡᠩᠨᠡᠭᠡ ᠶᠢ ᠴᠢᠷᠮᠠᠶᠢᠨ ᠪᠠᠶᠢᠭᠤᠯᠬᠤ ᠶᠢᠨ ᠲᠥᠯᠥᠭᠡ᠂ 6 ᠰᠠᠷ᠎ᠠ ᠶᠢᠨ | 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠡᠪᠯᠡᠯ ᠤᠨ ᠬᠤᠷᠢᠶ᠎ᠠ | ᠂ ᠠᠵᠢᠯᠴᠢᠨ ᠤ ᠶᠡᠷᠦᠩᠬᠡᠶ ᠡᠪᠯᠡᠯ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠲᠥᠪ᠂ ᠰᠣᠨᠢᠨ | ᠮᠡᠳᠡᠭᠡ ᠬᠡᠪᠯᠡᠯ ᠬᠡᠪᠯᠡᠯ ᠤᠨ ᠡᠷᠬᠡ ᠶᠢᠨ ᠲᠣᠪᠴᠢᠶ᠎ᠠ ᠬᠠᠮᠲᠤᠷᠠᠨ ︽ᠲᠤᠯᠤᠭᠠᠨ ᠥᠩᠭᠡ ᠵᠠᠯᠠᠭᠤ ᠨᠠᠰᠤ︾ ᠪᠥᠬᠦ | ᠬᠤᠰᠢᠭᠤᠨ ᠤ ᠵᠠᠯᠠᠭᠤ ᠺᠠᠳ᠋ᠷ ᠠᠵᠢᠯᠲᠠᠨ ᠤ ᠬᠡᠷᠡᠯ ᠵᠢᠷᠤᠭ ᠤᠨ ᠪᠣᠯᠪᠠᠰᠤᠷᠠᠯ ᠤᠨ ᠠᠩᠭᠢ ᠶᠢ ᠡᠷᠭᠢᠯᠡᠪᠡ᠃ ᠡᠯ᠎ᠡ | ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠨᠢᠭᠡᠴᠡ᠂ ᠬᠤᠶᠠᠷ ᠰᠢᠨ᠎ᠡ ᠬᠦᠷᠢᠶᠡᠨ ᠤ | ᠤᠬᠠᠭᠤᠯᠭ᠎ᠠ ᠶᠢᠨ ᠠᠵᠢᠯ ᠤᠨ ᠭᠤᠣᠯᠯᠠᠭᠴᠢ 140 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃ ᠲᠣᠰ | ᠤᠳᠠᠭᠠᠨ ᠤ ᠪᠣᠯᠪᠠᠰᠤᠷᠠᠭᠤᠯᠤᠯ ᠳᠤ ᠰᠢᠯᠢ ᠶᠢᠨ ᠭᠤᠤᠯ ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠤᠨ | ᠰᠡᠭᠦᠳᠡᠷᠯᠡᠬᠦ ᠰᠤᠷᠪᠤᠯᠵᠢᠯᠠᠭᠴᠢ᠂ ᠥᠪᠥᠷ ᠮᠣᠩᠭᠤᠯ ᠤᠨ ᠲᠧᠯᠸᠢᠰ ᠤᠷᠠᠯᠢᠭᠴᠢᠳ ᠤᠨ ᠨᠡᠶᠢᠭᠡᠮᠯᠢᠭ ᠤᠨ | ᠵᠠᠯᠠᠭᠤᠴᠤᠳ ᠪᠠ ᠰᠢᠨ᠎ᠡ ᠤᠳᠬ᠎ᠠ ᠤᠷᠠᠯᠢᠭ ᠤᠨ ᠬᠠᠮᠲᠤᠯᠢᠭ ᠤᠨ ᠠᠵᠢᠯ ᠤᠨ ᠵᠥᠪᠯᠡᠯ ᠤᠨ ᠭᠡᠰᠢᠭᠦᠨ ᠪᠦᠦ ᠯᠸᠢ | ᠮᠢᠩ ᠪᠠᠭᠰᠢ ᠶᠢ ᠤᠷᠢᠵᠤ ᠬᠢᠴᠢᠶᠡᠯ ᠵᠢᠭᠠᠯᠭᠠᠪᠠ᠃ ᠲᠡᠷᠡ ᠣᠶᠢᠷ᠎ᠠ ᠶᠢᠨ ᠡᠳᠦᠷ ᠤᠨ ᠠᠵᠢᠯ ᠤᠨ ᠪᠣᠳᠠᠲᠠᠶ | ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠬᠤᠷᠠᠯ ᠳᠡᠭᠡᠷ᠎ᠡ ᠰᠡᠭᠦᠳᠡᠷᠯᠡᠬᠦ᠂ ᠬᠥᠮᠦᠨ ᠤ ᠣᠨᠴᠠ ᠪᠢᠴᠢᠯᠭᠡ᠂ | ᠬᠡᠷᠡᠭ ᠤᠨ ᠠᠬᠤᠶ ᠪᠠᠶᠢᠳᠠᠯ᠂ ᠦᠵᠡᠭᠳᠡᠯ ᠦᠭᠡ ᠬᠡᠯᠡ ᠵᠡᠷᠭᠡ ᠪᠣᠳᠠᠲᠠᠶ ᠬᠡᠷᠡᠭᠯᠡᠯᠲᠡ ᠶᠢᠨ ᠲᠣᠭᠤᠷᠢᠨ ᠳᠤ᠂ ᠬᠡᠷᠡᠯ | ᠵᠢᠷᠤᠭ ᠤᠨ ᠵᠢᠷᠤᠭ ᠤᠨ ᠪᠦᠲᠦᠴᠡ᠂ ᠮᠡᠷᠭᠡᠵᠢᠯ ᠤᠷ᠎ᠠ ᠮᠡᠷᠭᠡᠵᠢᠯ ᠵᠢᠴᠢ ᠠᠩᠬᠠᠷᠬᠤ ᠵᠦᠶ᠋ᠯᠡᠰ ᠵᠡᠷᠭᠡ ᠲᠠᠯ᠎ᠠ ᠶᠢᠨ | ᠮᠡᠳᠡᠯᠭᠡ ᠶᠢ ᠪᠥᠬᠦ ᠲᠠᠯ᠎ᠠ ᠪᠠᠷ ᠰᠢᠰᠲ᠋ᠧᠮ ᠲᠠᠢ ᠲᠠᠨᠢᠯᠴᠠᠭᠤᠯᠪᠠ᠃ ᠰᠤᠷᠤᠯᠴᠠᠬᠤ ᠴᠡᠨᠡᠭᠯᠡᠬᠦ ᠳᠠᠬᠢᠨ ᠴᠢᠳᠠᠪᠤᠷᠢ | ᠣᠯᠭᠤᠬᠤ᠂ ᠰᠤᠷᠤᠯᠴᠠᠬᠤ ᠪᠠᠷ ᠠᠵᠢᠯᠯᠠᠬᠤ ᠴᠢᠳᠠᠪᠤᠷᠢ ᠪᠠᠨ ᠳᠡᠭᠡᠭᠰᠢᠯᠡᠭᠦᠯᠬᠦ᠃ ᠲᠣᠰ ᠤᠳᠠᠭᠠᠨ ᠤ | ᠪᠣᠯᠪᠠᠰᠤᠷᠠᠭᠤᠯᠤᠯ ᠨᠢ ᠵᠠᠯᠠᠭᠤ ᠺᠠᠳ᠋ᠷᠴᠤᠳ ᠤᠨ ᠬᠡᠷᠡᠯ ᠵᠢᠷᠤᠭ ᠳᠦᠷᠰᠦ ᠰᠢᠩᠭᠡᠭᠡᠬᠦ ᠮᠡᠳᠡᠯᠭᠡ ᠶᠢᠨ ᠲᠤᠬᠠᠶ | ᠣᠶᠢᠯᠠᠭᠠᠯᠲᠠ ᠪᠠ ᠲᠠᠨᠢᠯᠲᠠ ᠶᠢ ᠨᠢ ᠭᠦᠨᠵᠡᠭᠡᠶᠢᠷᠡᠭᠦᠯᠵᠦ᠂ ᠤᠬᠠᠭᠤᠯᠬᠤ ᠠᠵᠢᠯ ᠤᠨ ᠴᠢᠳᠠᠪᠤᠷᠢ ᠪᠠ ᠤᠷ᠎ᠠ | ᠮᠡᠷᠭᠡᠵᠢᠯ ᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ |