ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠥᠬᠦ ᠬᠤᠰᠢᠭᠤᠨ ᠤ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠶ᠋ᠯᠡᠴᠢᠯᠡᠭᠡᠨ ᠤ ᠶᠠᠰᠤ ᠴᠢᠨᠠᠷ ᠢ ᠲᠠᠰ ᠳᠡᠪᠰᠢᠭᠦᠯᠬᠦ ᠶᠢ ᠠᠬᠢᠭᠤᠯᠤᠨ᠎ᠠ᠃
ᠨᠡᠶᠢᠲᠡᠯᠡᠭᠰᠡᠨ ᠴᠠᠭ᠄
2024/7/16
   ᠣᠶᠢᠷ᠎ᠠ ᠶᠢᠨ ᠵᠢᠯ ᠳᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠨᠠᠰᠤᠵᠢᠯ ᠤᠨ ᠦᠶ᠋ᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠪᠠᠷ ᠵᠣᠷᠢᠯᠲᠠ ᠪᠠ ᠲᠤᠰᠤᠯᠲᠠ ᠪᠣᠯᠭᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ︽ᠨᠠᠰᠤᠵᠢᠯ ᠤᠨ ᠠᠰᠠᠷᠠᠮᠵᠢ︾ ᠶᠢᠨ ᠠᠰᠠᠭᠤᠳᠠᠯ ᠢ ᠴᠢᠩᠭ᠎ᠠ ᠠᠩᠬᠠᠷᠴᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠴᠤ ᠡᠵᠡᠩᠨᠡᠬᠦ ᠡᠷᠬᠡ ᠶᠢ ᠴᠢᠯᠥᠭᠡᠲᠡᠶ ᠪᠣᠯᠭᠠᠨ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠵᠤ᠂ ᠬᠢᠨᠠᠨ ᠬᠠᠮᠢᠶᠠᠷᠤᠭᠴᠢ ᠶᠢᠨ ᠪᠡᠶ᠎ᠡ ᠬᠡᠮ ᠢᠶᠠᠷ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠵᠡᠩᠨᠡᠯᠲᠡ ᠳᠤ ᠬᠤᠷᠸ᠎ᠠ ᠲᠠᠯ᠎ᠠ ᠶᠢᠨ ᠡᠵᠡᠮᠳᠡᠯ ᠬᠢᠵᠦ᠂ ᠵᠠᠰᠠᠭ ᠤᠨ ᠣᠷᠳᠣᠨ ᠠᠴᠠ ᠦᠨᠳᠦᠰᠦᠨ ᠵᠦᠶ᠋ᠯ ᠢ ᠪᠠᠲᠤᠯᠠᠬᠤ ᠡᠲᠡᠭᠡᠳ ᠢ ᠪᠠᠲᠤᠯᠠᠭᠰᠠᠨ ᠰᠠᠭᠤᠷᠢᠨ ᠳᠡᠭᠡᠷ᠎ᠡ᠂ ᠦᠯᠡᠳᠡᠭᠰᠡᠨ ᠡᠪᠡᠳᠴᠢᠲᠡᠨ ᠤ ᠣᠷᠣ ᠶᠢ ᠨᠡᠶᠢᠭᠡᠮ ᠤᠨ ᠪᠤᠰᠤᠳ ᠬᠦᠴᠢᠷᠳᠡᠯ᠂ ᠵᠡᠮᠳᠡᠭ ᠵᠡᠷᠭᠡ ᠲᠥᠪᠯᠡᠷᠡᠩᠭᠦᠶ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠲᠠᠢ ᠨᠠᠰᠤᠲᠠᠶᠢᠴᠤᠳ ᠲᠤ ᠬᠠᠨᠳᠤᠭᠤᠯᠤᠨ᠂ ᠵᠠᠬ᠎ᠠ ᠳᠡᠯᠭᠡᠭᠦᠷ ᠪᠠ ᠡᠬᠢ ᠪᠠᠶᠠᠯᠢᠭ ᠤᠨ ᠳᠠᠪᠠᠭᠤᠯᠢᠭ ᠢ ᠭᠦᠶ᠋ᠴᠡᠳ ᠪᠠᠳᠠᠷᠠᠭᠤᠯᠵᠤ᠂ ᠪᠥᠬᠦ ᠬᠤᠰᠢᠭᠤᠨ ᠤ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠶ᠋ᠯᠡᠴᠢᠯᠡᠭᠡᠨ ᠤ ᠶᠠᠰᠤ ᠴᠢᠨᠠᠷ ᠤᠨ ᠲᠠᠰ ᠳᠡᠪᠰᠢᠬᠦ ᠶᠢ ᠳᠥᠯᠭᠢᠨ ᠠᠬᠢᠭᠤᠯᠪᠠ᠃ ︽ᠠᠷᠠᠳ ᠬᠢᠲᠠᠳ ᠬᠠᠮᠲᠤᠷᠠᠨ ᠰᠠᠭᠤᠬᠤ︾ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠨᠠᠰᠤᠵᠢᠯ ᠤᠨ ᠦᠶ᠋ᠯᠡᠴᠢᠯᠡᠭᠡᠨ ᠤ ᠬᠦᠷᠢᠶᠡᠯᠡᠩ ᠲᠣᠭᠤᠷᠢᠭ ᠤᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠭᠦᠨᠵᠡᠭᠡᠶᠢᠷᠡᠭᠦᠯᠦᠨ᠎ᠡ᠃ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠤᠶᠠᠨᠲᠠᠢ ᠨᠠᠰᠤᠲᠠᠨ ᠢ ᠠᠰᠠᠷᠠᠬᠤ ᠬᠦᠷᠢᠶᠡᠯᠡᠩ ᠲᠣᠭᠤᠷᠢᠭ ᠨᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠣᠷᠣᠨ ᠪᠦᠰᠡ ᠶᠢᠨ ᠴᠢᠨᠠᠷᠲᠠᠢ ᠨᠠᠰᠤᠲᠠᠨ ᠢ ᠠᠰᠠᠷᠠᠬᠤ ᠬᠦᠷᠢᠶᠡᠯᠡᠩ ᠪᠣᠯᠤᠨ ᠣᠷᠣᠨ ᠪᠦᠰᠡ ᠶᠢᠨ ᠴᠢᠨᠠᠷᠲᠠᠢ ᠮᠠᠯᠵᠢᠬᠤ ᠣᠷᠣᠨ ᠤ ᠨᠠᠰᠤᠲᠠᠨ ᠢ ᠠᠰᠠᠷᠠᠬᠤ ᠨᠡᠶᠢᠲᠡ ᠶᠢᠨ ᠰᠠᠭᠤᠴᠠ ᠪᠠᠷ ᠪᠦᠷᠢᠯᠳᠦᠵᠦ᠂ ᠰᠡᠯᠡᠭᠦᠴᠡᠯ ᠵᠤᠭ᠎ᠠ ᠴᠡᠩᠭᠡᠯ᠂ ᠡᠷᠡᠭᠦᠯᠵᠢᠯ᠂ ᠣᠷᠣᠨ ᠰᠠᠭᠤᠴᠠ ᠶᠢ ᠨᠢᠭᠡ ᠴᠤᠬᠴᠠᠵᠢᠭᠤᠯᠤᠭᠰᠠᠨ ᠨᠠᠰᠤᠲᠠᠶᠢᠴᠤᠳ ᠤᠨ ᠦᠢᠯᠡᠴᠢᠯᠡᠭᠡᠨ ᠤ ᠪᠠᠶᠢᠭᠤᠯᠤᠮᠵᠢ ᠪᠣᠯᠤᠨ᠎ᠠ᠂ ᠬᠦᠷᠢᠶᠡᠯᠡᠩ ᠲᠣᠭᠤᠷᠢᠭ ᠨᠢ 2023 ᠣᠨ ᠤ 9 ᠰᠠᠷ᠎ᠠ ᠳᠤ ᠡᠵᠡᠩᠨᠡᠯᠲᠡ ᠪᠠᠨ ᠡᠬᠢᠯᠡᠭᠦᠯᠪᠡ᠃ ᠣᠳᠣᠬᠠᠨ ᠳᠤ᠂ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠨᠠᠰᠤᠲᠠᠨ 274 ᠬᠥᠮᠦᠨ ᠪᠠᠶᠢᠵᠤ᠂ ᠡᠭᠦᠨ ᠳᠤ᠄ ᠨᠠᠰᠤᠵᠢᠯ ᠤᠨ ᠠᠰᠠᠷᠠᠮᠵᠢ ᠶᠢᠨ ᠨᠡᠶᠢᠲᠡ ᠶᠢᠨ ᠪᠠᠶᠢᠷᠢ ᠳᠤ ᠣᠷᠣᠵᠤ ᠰᠠᠭᠤᠭᠰᠠᠨ 113 ᠡᠷᠦᠬᠡ 223 ᠬᠥᠮᠦᠨ ︵ᠴᠥᠭᠡᠨ ᠲᠣᠭᠠᠲᠤ ᠦᠨᠳᠦᠰᠦᠲᠡᠨ ᠤ ᠨᠠᠰᠤᠲᠠᠨ 160 ᠬᠥᠮᠦᠨ︶᠂ ᠣᠷᠣᠵᠤ ᠰᠠᠭᠤᠭᠰᠠᠨ ᠨᠣᠷᠮ᠎ᠠ 100 % ᠳᠤ ᠬᠦᠷᠴᠦ᠂ ᠨᠠᠰᠤᠲᠠᠨ ᠢ ᠠᠰᠠᠷᠠᠬᠤ ᠬᠦᠷᠢᠶᠡᠯᠡᠩ ᠣᠨᠴᠠ ᠬᠦᠴᠢᠷᠳᠡᠯᠲᠡᠶ᠂ ᠪᠤᠰᠤᠳ ᠬᠦᠴᠢᠷᠳᠡᠯᠲᠡᠶ ᠨᠠᠰᠤᠲᠠᠨ 51 ᠬᠥᠮᠦᠨ ᠪᠣᠶ᠃ ᠦᠨᠳᠦᠰᠦᠲᠡᠨ ᠨᠦᠭᠦᠳ ᠤᠨ ᠨᠠᠰᠤᠲᠠᠶᠢᠴᠤᠳ ᠬᠠᠮᠲᠤ ᠪᠠᠷ ᠣᠷᠣᠰᠢᠨ ᠰᠠᠭᠤᠵᠤ᠂ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠵᠦ᠂ ᠬᠠᠮᠲᠤ ᠪᠠᠷ ᠠᠵᠢᠯᠯᠠᠨ ᠬᠠᠮᠲᠤ ᠪᠠᠷ ᠵᠢᠷᠭᠠᠬᠤ ᠰᠢᠭᠢᠳᠬᠡᠯᠳᠦ ᠮᠠᠶ᠋ᠢᠭ ᠤᠨ ᠣᠷᠣᠨ ᠰᠠᠭᠤᠴᠠ ᠶᠢᠨ ᠠᠷᠭ᠎ᠠ ᠬᠡᠮᠵᠢᠶ᠎ᠡ ᠨᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠪᠠ᠃ ︽ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ︾ ᠵᠠᠭᠪᠤᠷ ᠢᠶᠠᠷ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠶ᠋ᠯᠡᠴᠢᠯᠡᠭᠡᠨ ᠤ ᠲᠠᠰ ᠳᠡᠪᠰᠢᠬᠦ ᠶᠢ ᠠᠬᠢᠭᠤᠯᠤᠨ᠎ᠠ᠃ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠭᠤᠷᠪᠠᠳᠠᠬᠢ ᠡᠲᠡᠭᠡᠳ ᠢ ᠣᠷᠣᠭᠤᠯᠵᠤ ᠢᠷᠡᠨ᠂ ᠵᠠᠰᠠᠭ ᠤᠨ ᠣᠷᠳᠣᠨ ᠰᠢᠭᠤᠳ ᠦᠶ᠋ᠯᠡᠴᠢᠯᠡᠵᠦ ᠪᠠᠶᠢᠭᠰᠠᠨ ᠠᠴᠠ ᠨᠢ ᠦᠶ᠋ᠯᠡᠴᠢᠯᠡᠭᠡᠨ ᠬᠤᠳᠠᠯᠳᠤᠨ ᠠᠪᠬᠤ ᠪᠠ ᠬᠢᠨᠠᠨ ᠬᠠᠮᠢᠶᠠᠷᠬᠤ ᠦᠶ᠋ᠯᠡᠴᠢᠯᠡᠭᠡᠨ ᠬᠤᠳᠠᠯᠳᠤᠨ ᠠᠪᠬᠤ ᠲᠡᠰᠢ ᠳᠠᠪᠬᠤᠷ ᠬᠤᠪᠢᠷᠠᠭᠤᠯᠬᠤ ᠶᠢ ᠪᠡᠶᠡᠯᠡᠭᠦᠯᠦᠨ᠎ᠡ᠃ ᠬᠠᠲᠠᠭᠤ ᠲᠣᠨᠤᠭ ᠪᠠ ᠵᠥᠭᠡᠯᠡᠨ ᠲᠣᠨᠤᠭ ᠢ ᠥᠭᠡᠷᠡᠴᠢᠯᠡᠨ ᠳᠡᠭᠡᠭᠰᠢᠯᠡᠭᠦᠯᠬᠦ ᠪᠠᠷ ᠳᠠᠮᠵᠢᠭᠤᠯᠤᠨ᠂ ᠤᠤᠯ ᠤᠨ ᠣᠨᠴᠠ ᠬᠦᠴᠢᠷᠳᠡᠯᠲᠡᠶ ᠨᠠᠰᠤᠲᠠᠶᠢᠴᠤᠳ ᠤᠨ ᠦᠶ᠋ᠯᠡᠴᠢᠯᠡᠭᠡᠨ ᠤ ᠡᠲᠡᠭᠡᠳ ᠤᠨ ᠨᠠᠰᠤᠵᠢᠯ ᠤᠨ ᠦᠶ᠋ᠯᠡᠴᠢᠯᠡᠭᠡᠨ ᠢ ᠪᠠᠲᠤᠯᠠᠬᠤ ᠪᠠ ᠳᠡᠭᠡᠭᠰᠢᠯᠡᠭᠦᠯᠬᠦ ᠶᠢᠨ ᠬᠠᠮᠲᠤ᠂ ᠡᠷᠬᠢᠨ ᠲᠣᠭᠤᠷᠢᠨ ᠤ ᠨᠡᠶᠢᠭᠡᠮᠴᠢᠯᠡᠭᠰᠡᠨ ᠨᠠᠰᠤᠲᠠᠶᠢᠴᠤᠳ ᠢ ᠨᠥᠯᠥᠭᠡᠯᠡᠨ᠂ ᠨᠠᠰᠤᠲᠠᠶᠢᠴᠤᠳ ᠢ ᠥᠲᠡᠯᠪᠡᠯ ᠠᠰᠠᠷᠠᠮᠵᠢ ᠲᠠᠢ᠂ ᠥᠲᠡᠯᠪᠡᠯ ᠲᠦᠰᠢᠭ ᠲᠤᠯᠭᠠᠭᠤᠷᠢ ᠲᠠᠢ᠂ ᠥᠲᠡᠯᠪᠡᠯ ᠪᠠᠶᠠᠷ ᠪᠠᠶᠠᠰᠤᠯ ᠲᠠᠢ᠂ ᠥᠲᠡᠯᠪᠡᠯ ᠠᠮᠤᠷ ᠲᠠᠶᠢᠪᠤᠩ ᠪᠠᠶᠢᠯᠭᠠᠬᠤ ᠪᠣᠯᠤᠨ᠎ᠠ᠃ ᠬᠦᠷᠢᠶᠡᠯᠡᠩ ᠲᠣᠭᠤᠷᠢᠭ ᠠᠰᠢᠭᠯᠠᠯᠲᠠ ᠳᠤ ᠣᠷᠣᠭᠰᠠᠨ ᠠᠴᠠ ᠣᠳᠣ ᠪᠣᠯᠲᠠᠯ᠎ᠠ᠂ ᠠᠵᠢᠯᠲᠠᠨ ᠠᠵᠢᠯᠴᠢᠨ᠂ ᠨᠠᠰᠤᠲᠠᠶᠢᠴᠤᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠢ 8 ᠤᠳᠠᠭ᠎ᠠ᠂ ᠭᠠᠯ ᠤᠨᠲᠠᠷᠠᠭᠠᠬᠤ ᠰᠣᠷᠢᠯᠲᠠ ᠶᠢ 2 ᠤᠳᠠᠭ᠎ᠠ᠂ ᠴᠠᠬᠢᠯᠭᠠᠨ ᠱᠠᠲᠤ ᠶᠢᠨ ᠰᠣᠷᠢᠯᠲᠠ ᠶᠢ 1 ᠤᠳᠠᠭ᠎ᠠ᠂ ᠡᠯ᠎ᠡ ᠲᠥᠷᠥᠯ ᠤᠨ ᠤᠳᠬ᠎ᠠ ᠤᠷᠠᠯᠢᠭ ᠤᠨ ᠠᠵᠢᠯᠯᠠᠭ᠎ᠠ ᠶᠢ 4 ᠤᠳᠠᠭ᠎ᠠ ᠥᠷᠨᠢᠭᠦᠯᠵᠦ᠂ ᠰᠤᠪᠢᠯᠠᠯᠲᠠ ᠪᠣᠯᠪᠠᠰᠤᠷᠠᠭᠤᠯᠤᠯ ᠢ 6 ᠤᠳᠠᠭ᠎ᠠ ᠥᠷᠨᠢᠭᠦᠯᠪᠡ᠃ ᠬᠦᠷᠢᠶᠡᠯᠡᠩ ᠲᠣᠭᠤᠷᠢᠭ ᠤᠨ ᠨᠠᠰᠤᠲᠠᠶᠢᠴᠤᠳ ᠤᠨ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠭᠠᠷᠠᠭ ᠪᠦᠷᠢ ᠬᠢᠲᠠᠳ ᠰᠢᠲᠠᠷ᠎ᠠ᠂ ᠴᠢᠴᠢᠭᠦᠷ ᠪᠥᠮᠪᠦᠭᠡ᠂ ᠮᠠᠵᠢᠶᠠᠩ᠂ ᠬᠥᠵᠥᠷ᠂ ᠠᠭᠤᠳᠠᠮ ᠲᠠᠯᠠᠪᠠᠶ ᠶᠢᠨ ᠪᠥᠵᠢᠭ ᠵᠡᠷᠭᠡ ᠵᠤᠭ᠎ᠠ ᠴᠡᠩᠭᠡᠯ ᠤᠨ ᠠᠵᠢᠯᠯᠠᠭ᠎ᠠ ᠶᠢ ᠨᠡᠶᠢᠲᠡ 68 ᠤᠳᠠᠭ᠎ᠠ ᠥᠷᠨᠢᠭᠦᠯᠵᠦ᠂ ᠨᠠᠰᠤᠲᠠᠶᠢᠴᠤᠳ ᠲᠤ ᠦᠨ᠎ᠡ ᠲᠥᠯᠥᠪᠦᠷᠢ ᠥᠬᠡᠶ ᠪᠠᠷ 260 ᠬᠥᠮᠦᠨ ᠤᠳᠠᠭ᠎ᠠ ᠦᠰᠦ ᠵᠠᠰᠠᠵᠤ ᠥᠭᠴᠡᠶ᠃ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠣᠷᠣᠨ ᠰᠠᠭᠤᠴᠠ ᠶᠢᠨ ᠨᠠᠰᠤᠲᠠᠶᠢᠴᠤᠳ ᠲᠤ ᠴᠠᠬᠢᠯᠭᠠᠨ ᠡᠭᠦᠰᠭᠡᠭᠴᠢ ᠶᠢᠨ ᠨᠡᠭᠡᠭᠡᠯᠭᠡ ᠬᠠᠩᠭᠠᠬᠤ᠂ ᠳ᠋ᠧᠩ ᠫᠣᠤᠽᠢ ᠰᠣᠯᠢᠬᠤ᠂ ᠲᠦᠭᠡᠭᠡᠯ ᠤᠰᠤᠨ ᠤ ᠬᠤᠭᠤᠯᠠᠢ᠂ ᠪᠣᠬᠢᠷ ᠤᠰᠤᠨ ᠤ ᠬᠤᠭᠤᠯᠠᠢ᠂ ᠵᠣᠷᠯᠣᠩ ᠤᠨ ᠰᠠᠭᠤᠯᠲᠠᠭᠤᠷ ᠨᠡᠪᠲᠡᠷᠡᠭᠦᠯᠬᠦ ᠵᠡᠷᠭᠡ ᠡᠭᠦᠳᠡᠨ ᠳᠡᠭᠡᠷᠡᠬᠢ ᠶᠡᠭᠡ ᠪᠠᠭ᠎ᠠ ᠶᠢ ᠰᠡᠯᠪᠢᠨ ᠵᠠᠰᠠᠬᠤ ᠦᠢᠯᠡᠴᠢᠯᠡᠭᠡ ᠶᠢ 175 ᠭᠠᠷᠤᠢ ᠤᠳᠠᠭ᠎ᠠ ᠬᠠᠩᠭᠠᠪᠠ᠃ ᠮᠠᠯᠵᠢᠬᠤ ᠣᠷᠣᠨ ᠤ ᠨᠠᠰᠤᠲᠠᠨ ᠢ ᠠᠰᠠᠷᠠᠬᠤ ᠨᠡᠶᠢᠲᠡ ᠶᠢᠨ ᠪᠠᠶᠢᠷᠢ ᠶᠢᠨ ᠥᠨᠥᠴᠢᠨ ᠪᠡᠯᠪᠡᠰᠦᠨ ᠨᠠᠰᠤᠲᠠᠶᠢᠴᠤᠳ ᠲᠤ ᠦᠨ᠎ᠡ ᠲᠥᠯᠥᠪᠦᠷᠢ ᠥᠬᠡᠶ ᠴᠣᠩᠬᠤ ᠵᠦᠯᠭᠦᠬᠦ᠂ ᠡᠳᠦᠷ ᠲᠤᠲᠤᠮ ᠤᠨ ᠬᠠᠷᠠᠭᠠᠯᠵᠠᠯ᠂ ᠠᠷᠢᠭᠤᠨ ᠴᠡᠪᠡᠷ ᠠᠷᠢᠭᠤᠨ ᠴᠡᠪᠡᠷ ᠵᠡᠷᠭᠡ ᠦᠶ᠋ᠯᠡᠴᠢᠯᠡᠭᠡ ᠬᠠᠩᠭᠠᠵᠤ᠂ ᠨᠠᠰᠤᠵᠢᠯ ᠤᠨ ᠦᠶ᠋ᠯᠡᠴᠢᠯᠡᠭᠡᠨ ᠤ ᠬᠢᠷᠢ ᠲᠦᠪᠰᠢᠨ᠂ ᠨᠠᠰᠤᠲᠠᠶᠢᠴᠤᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠢᠯᠡᠳᠲᠡ ᠳᠡᠭᠡᠭᠰᠢᠯᠡᠪᠡ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号