ᠰᠢᠯᠤᠭᠤᠨ ᠬᠥᠪᠡᠭᠡᠲᠦ ᠴᠠᠭᠠᠨ ᠬᠤᠰᠢᠭᠤᠨ ᠤ 2024 ᠣᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠨ ᠪᠦᠬᠦ ᠲᠠᠯ᠎ᠠ ᠪᠠᠷ ᠡᠬᠢᠯᠡᠪᠡ
ᠨᠡᠶᠢᠲᠡᠯᠡᠭᠰᠡᠨ ᠴᠠᠭ᠄
2024/7/16
     ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠪᠠᠶᠢᠷᠢᠯᠠᠭᠤᠯᠤᠭᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠮᠥᠨ᠂ ᠪᠦᠬᠦ ᠲᠠᠯ᠎ᠠ ᠳᠤ ᠬᠤᠯᠪᠣᠭᠳᠠᠵᠤ᠂ ᠠᠯᠤᠰ ᠬᠡᠳᠦ ᠶᠢᠨ ᠨᠥᠯᠥᠭᠡ ᠲᠠᠢ ᠬᠤᠯᠪᠣᠭᠳᠠᠵᠤ᠂ ᠨᠡᠩ ᠴᠤ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠮᠢᠩᠭᠠᠨ ᠣᠨ ᠳᠤ ᠠᠰᠢᠭ ᠬᠦᠷᠲᠡᠭᠡᠬᠦ ᠠᠭᠤᠤ ᠦᠢᠯᠡᠰ ᠮᠥᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠵᠤ ᠪᠠᠶᠢᠳᠠᠭ᠃ 6 ᠳ᠋ᠤᠭᠠᠷ ᠰᠠᠷ᠎ᠠ ᠶᠢᠨ 12 ᠤᠨ ᠡᠳᠦᠷ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠤ ᠬᠡᠷᠡᠯ ᠴᠡᠨᠡᠭ ᠢ ᠨᠢᠭᠡ ᠴᠣᠭᠴᠠᠵᠢᠭᠤᠯᠬᠤ ᠲᠥᠷᠥᠯ ᠵᠦᠶ᠋ᠯ ᠤᠯᠠᠭᠠᠨᠴᠠᠪ ᠰᠤᠮᠤ ᠶᠢᠨ ᠤᠯᠢᠶᠠᠰᠤᠲᠤ ᠭᠠᠴᠠᠭᠠᠨ ᠤ ᠲᠥᠷᠥᠯ ᠵᠦᠶ᠋ᠯ ᠤᠨ ᠲᠣᠭᠤᠷᠢᠭ ᠲᠤ ᠲᠠᠯᠠᠪᠠᠶ ᠳᠤ ᠣᠷᠣᠵᠤ ᠠᠵᠢᠯ ᠡᠬᠢᠯᠡᠬᠦ ᠶᠢ ᠳᠠᠭᠠᠯᠳᠤᠨ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ 2024 ᠣᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠲᠡᠶᠢᠨ ᠪᠥᠬᠦ ᠲᠠᠯ᠎ᠠ ᠪᠠᠷ ᠡᠬᠢᠯᠡᠪᠡ᠃ ᠲᠣᠰ ᠤᠳᠠᠭᠠᠨ ᠤ ᠵᠠᠰᠠᠯᠲᠠ ᠶᠢᠨ ᠢᠨᠵᠧᠨᠧᠷᠢᠩ ᠢ ᠡᠯᠡᠰᠦ ᠶᠢ ᠲᠣᠭᠲᠠᠪᠤᠷᠢᠵᠢᠭᠤᠯᠬᠤ᠂ ᠬᠠᠰᠢᠯᠭ᠎ᠠ ᠶᠢ ᠪᠢᠲᠡᠭᠦᠮᠵᠢᠯᠡᠨ ᠪᠤᠶᠢᠵᠢᠭᠤᠯᠬᠤ ᠠᠷᠭ᠎ᠠ ᠪᠠᠷ ᠶᠠᠪᠤᠭᠳᠠᠭᠤᠯᠤᠨ᠎ᠠ᠃ ᠠᠬᠤᠶ ᠲᠠᠯᠠᠪᠠᠶ ᠳᠤ᠂ ᠮᠡᠷᠭᠡᠵᠢᠯ ᠤᠨ ᠠᠵᠢᠯᠲᠠᠨ ᠤ ᠵᠢᠯᠣᠭᠤᠳᠣᠯᠭ᠎ᠠ ᠳᠤᠤᠷ᠎ᠠ᠂ ᠠᠵᠤ ᠠᠬᠤᠶᠢᠯᠠᠯ᠂ ᠬᠤᠷᠰᠢᠶ᠎ᠠ ᠪᠠ ᠲᠤᠬᠠᠶ ᠶᠢᠨ ᠭᠠᠵᠠᠷ ᠤᠨ ᠮᠠᠯᠵᠢᠬᠤ ᠡᠷᠦᠬᠡ ᠶᠢᠨ 170 ᠭᠠᠷᠤᠶ ᠬᠥᠮᠦᠨ ᠵᠠᠰᠠᠯᠲᠠ ᠶᠢᠨ ᠢᠨᠵᠧᠨᠧᠷᠢᠩ ᠳᠤ ᠣᠷᠣᠯᠴᠠᠵᠤ᠂ ᠮᠠᠰᠢᠨ ᠪᠠ ᠬᠥᠮᠦᠨ ᠤ ᠬᠦᠴᠦᠨ ᠤ ᠨᠢᠭᠲᠠ ᠬᠠᠮᠵᠢᠯᠴᠠᠭ᠎ᠠ ᠳᠤᠤᠷ᠎ᠠ᠂ ᠲᠡᠷᠢ ᠲᠡᠭᠰᠢ ᠡᠯᠡᠰᠦᠨ ᠬᠠᠯᠬᠠᠪᠴᠢ ᠠᠭᠠᠵᠢᠮ ᠢᠶᠠᠷ ᠬᠡᠪᠴᠢᠶᠡᠵᠢᠪᠡ᠃ 2024 ᠣᠨ ᠳᠤ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠨᠢ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠠᠰᠠᠯᠲᠠ ᠶᠢᠨ ᠲᠥᠷᠥᠯ ᠵᠦᠶ᠋ᠯ ᠤᠨ 24 . 3 ᠲᠦᠮᠡᠨ ᠮᠥ ᠵᠠᠰᠠᠯᠲᠠ ᠶᠢᠨ ᠲᠠᠯᠠᠪᠠᠶ ᠶᠢ ᠪᠡᠶᠡᠯᠡᠭᠦᠯᠵᠦ᠂ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠤᠨ ᠵᠠᠰᠠᠬᠤ ᠢᠨᠵᠧᠨᠧᠷᠢᠩ ᠢᠶᠠᠷ ᠳᠡᠮᠵᠢᠨ 10 . 8 ᠲᠦᠮᠡᠨ ᠮᠥ ᠵᠠᠰᠠᠯᠲᠠ ᠶᠢᠨ ᠲᠠᠯᠠᠪᠠᠶ ᠶᠢ ᠪᠡᠶᠡᠯᠡᠭᠦᠯᠬᠦ ᠪᠣᠯᠤᠨ᠎ᠠ᠃ ᠣᠳᠣᠬᠠᠨ ᠳᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠬᠴᠠᠵᠢᠭᠤᠯᠤᠨ ᠵᠠᠰᠠᠬᠤ ᠢᠨᠵᠧᠨᠧᠷᠢᠩ᠂ ᠮᠤᠵᠢ ᠶᠢᠨ ᠵᠠᠮ ᠤᠨ ᠭᠤᠣᠯ ᠱᠤᠭᠤᠮ ᠤᠨ ᠬᠤᠶᠠᠷ ᠬᠠᠵᠠᠭᠤ ᠶᠢᠨ ᠦᠵᠡᠭᠳᠡᠬᠦ ᠬᠡᠪᠴᠢᠶᠡᠨ ᠤ ᠨᠡᠭᠦᠳᠡᠯ ᠡᠯᠡᠰᠦᠷᠬᠡᠭ ᠭᠠᠵᠠᠷ ᠢ ᠵᠠᠰᠠᠬᠤ ᠲᠦᠷᠦᠯ ᠵᠦᠢᠯ᠂ ᠪᠡᠯᠭᠡ ᠲᠡᠮᠲᠡᠭ ᠤᠨ ᠴᠢᠨᠠᠷᠲᠠᠢ ᠢᠨᠵᠧᠨᠧᠷᠢᠩ ᠤᠨ ᠨᠡᠭᠦᠳᠡᠯ ᠡᠯᠡᠰᠦᠷᠬᠡᠭ ᠭᠠᠵᠠᠷ ᠢ ᠵᠠᠰᠠᠬᠤ ᠲᠦᠷᠦᠯ ᠵᠦᠢᠯ ᠪᠣᠯᠤᠨ 2024 - 2026 ᠣᠨ ᠳᠤ ᠭᠤᠶᠤᠴᠢᠯᠠᠨ ᠮᠡᠳᠡᠭᠦᠯᠦᠭᠰᠡᠨ ᠢᠨᠵᠧᠨᠧᠷᠢᠩ ᠤᠨ ᠲᠦᠷᠦᠯ ᠵᠦᠢᠯ ᠤᠨ ᠳᠡᠭᠡᠳᠦ ᠱᠠᠲᠤᠨ ᠤ ᠪᠡᠯᠡ ᠮᠥᠩᠭᠦ ᠠᠴᠠ ᠰᠢᠨ᠎ᠡ ᠪᠠᠷ ᠨᠡᠮᠡᠭᠳᠡᠭᠰᠡᠨ 100 ᠲᠦᠮᠡᠨ ᠮᠦ ᠡᠯᠡᠰᠦᠷᠬᠡᠭ ᠭᠠᠵᠠᠷ ᠢ ᠵᠠᠰᠠᠬᠤ ᠲᠦᠷᠦᠯ ᠵᠦᠢᠯ ᠢ ᠨᠢᠭᠡᠨᠲᠡ ᠪᠦᠬᠦ ᠲᠠᠯ᠎ᠠ ᠪᠠᠷ ᠠᠵᠢᠯ ᠡᠬᠢᠯᠡᠭᠦᠯᠵᠡᠢ᠃ ︽ᠠᠵᠤ ᠠᠬᠤᠶᠢᠯᠠᠯ + ᠬᠤᠷᠰᠢᠶ᠎ᠠ + ᠮᠠᠯᠴᠢᠨ ᠡᠷᠦᠬᠡ︾ ᠶᠢᠨ ᠵᠠᠰᠠᠬᠤ ᠵᠠᠭᠪᠤᠷ ᠢ ᠠᠪᠴᠤ᠂ ᠮᠧᠩ ᠼᠤᠤ ᠠᠮᠢ ᠠᠬᠤᠶ ᠶᠢᠨ ᠣᠷᠴᠢᠨ ᠲᠣᠭᠤᠷᠢᠨ ︵ᠪᠦᠯᠦᠭᠯᠡᠯ︶ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠦᠷᠦᠭᠦᠯᠡᠵᠦ᠂ 10 ᠬᠤᠷᠰᠢᠶ᠎ᠠ ᠳᠠᠶᠢᠴᠢᠯᠠᠨ᠂ 268 ᠮᠠᠯᠵᠢᠬᠤ ᠡᠷᠦᠬᠡ 670 ᠬᠥᠮᠦᠨ ᠵᠠᠰᠠᠯᠲᠠ ᠳᠤ ᠣᠷᠣᠯᠴᠠᠵᠤ᠂ ︽ᠭᠤᠷᠪᠠᠨ ᠨᠠᠷᠢᠨ ᠲᠠᠩᠰᠠ ᠨᠢᠭᠡ ᠪᠠᠷᠢᠮᠵᠢᠶ᠎ᠠ︾ ᠶᠢᠨ ᠠᠵᠢᠯ ᠤᠨ ᠠᠵᠢᠯᠯᠠᠭᠠᠨ ᠤ ᠲᠣᠭᠲᠠᠴᠠ ᠶᠣᠰᠣᠭᠠᠷ᠂ ᠮᠠᠯᠴᠢᠳ ᠬᠦᠴᠦ ᠬᠥᠳᠡᠯᠮᠦᠷᠢ ᠣᠷᠣᠭᠤᠯᠬᠤ ᠠᠵᠢᠯ ᠳᠤ ᠣᠷᠣᠯᠴᠠᠬᠤ ᠶᠢᠨ ᠬᠠᠮᠲᠤ᠂ ᠵᠠᠰᠠᠬᠤ ᠡᠭᠦᠷᠭᠡ ᠪᠠᠨ ᠪᠡᠶᠡᠯᠡᠭᠦᠯᠬᠦ ᠶᠢᠨ ᠬᠠᠮᠲᠤ᠂ ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠦᠷᠭᠦᠯᠵᠢᠯᠡᠨ ᠨᠡᠮᠡᠭᠳᠡᠭᠦᠯᠵᠦ᠂ ᠬᠠᠮᠢᠶᠠᠷᠴᠤ ᠬᠠᠮᠠᠭᠠᠯᠠᠬᠤ ᠢᠳᠡᠪᠬᠢᠵᠢᠯ ᠢ ᠨᠢ ᠳᠡᠭᠡᠭᠰᠢᠯᠡᠭᠦᠯᠦᠨ᠂ ᠮᠠᠯᠴᠢᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠵᠤ ᠬᠠᠷᠢᠯᠴᠠᠨ ᠬᠠᠷᠠᠭᠠᠯᠵᠠᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ᠃ ᠲᠠᠷᠠᠭᠠᠴᠢ ᠶᠢᠨ ᠠᠯᠬᠤᠮ ᠳᠤ᠂ ᠰᠢᠯᠤᠭᠤᠨ ᠬᠥᠪᠡᠭᠡᠲᠦ ᠴᠠᠭᠠᠨ ᠬᠤᠰᠢᠭᠤ ︽ᠲᠠᠪᠤᠨ ᠶᠡᠭᠡ ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠯᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠦᠶ᠋ᠯᠡᠳᠦᠯᠭᠡ ᠶᠢᠨ ᠳᠤᠮᠳᠠ ᠠᠮᠢ ᠠᠬᠤᠶ ᠶᠢᠨ ᠦᠷ᠎ᠡ ᠠᠰᠢᠭ ᠪᠣᠯᠤᠨ ᠠᠵᠤ ᠠᠬᠤᠶ ᠶᠢᠨ ᠦᠷ᠎ᠡ ᠠᠰᠢᠭ ᠤᠨ ᠬᠤᠤᠰ ᠠᠰᠢᠭ ᠢ ᠬᠠᠷᠢᠯᠴᠠᠨ ᠠᠬᠢᠭᠤᠯᠬᠤ ᠶᠢ ᠴᠢᠷᠮᠠᠶᠢᠨ ᠪᠡᠶᠡᠯᠡᠭᠦᠯᠵᠦ᠂ ᠪᠥᠬᠦ ᠵᠢᠯ ᠤᠨ ᠵᠠᠰᠠᠯᠲᠠ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠪᠥᠬᠦ ᠬᠦᠴᠦᠨ ᠢᠶᠠᠷ ᠢᠶᠠᠨ ᠲᠡᠮᠡᠴᠡᠨ ᠣᠯᠤᠨ᠎ᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号