ᠪᠥᠬᠦ ᠤᠯᠤᠰ ᠤᠨ ︽ᠡᠮᠡᠭᠲᠡᠶᠢᠴᠦᠳ ᠤᠨ ᠬᠠᠤᠯᠢ ᠲᠦᠭᠡᠮᠡᠯᠵᠢᠭᠦᠯᠬᠦ ᠬᠥᠳᠡᠭᠡ ᠲᠣᠰᠬᠤᠨ ᠤ ᠠᠶᠠᠯᠠᠯ︾ ᠤᠨ ᠵᠢᠱᠢᠶ᠎ᠡ ᠦᠵᠡᠭᠦᠯᠬᠦ ᠠᠵᠢᠯᠯᠠᠭ᠎ᠠ ᠥᠪᠥᠷ ᠮᠣᠩᠭᠤᠯ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠶᠠᠪᠤᠭᠳᠠᠪᠠ᠃
ᠨᠡᠶᠢᠲᠡᠯᠡᠭᠰᠡᠨ ᠴᠠᠭ᠄
2024/7/16
     7 ᠰᠠᠷ᠎ᠠ ᠶᠢᠨ 12 ᠤᠨ ᠡᠳᠦᠷ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠬᠠᠤᠯᠢ ᠴᠠᠭᠠᠵᠠ ᠶᠢᠨ ᠶᠠᠮᠤᠨ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠠᠴᠠ ᠬᠠᠮᠲᠤᠷᠠᠨ ᠡᠷᠭᠢᠯᠡᠭᠰᠡᠨ ᠪᠥᠬᠦ ᠤᠯᠤᠰ ᠤᠨ ︽ᠡᠮᠡᠭᠲᠡᠶᠢᠴᠦᠳ ᠤᠨ ᠬᠠᠤᠯᠢ ᠲᠦᠭᠡᠮᠡᠯᠵᠢᠭᠦᠯᠬᠦ ᠬᠥᠳᠡᠭᠡ ᠲᠣᠰᠬᠤᠨ ᠤ ᠠᠶᠠᠯᠠᠯ︾ ᠤᠨ ᠭᠤᠷᠪᠠᠳᠤᠭᠠᠷ ᠲᠠᠯᠠᠪᠠᠶ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠶᠢ ᠲᠠᠯ᠎ᠠ ᠨᠤᠲᠤᠭ ᠤᠨ ᠰᠣᠶᠣᠯ ᠤᠨ ᠣᠨᠴᠠᠯᠢᠭ ᠲᠠᠢ ᠤᠶᠠᠯᠳᠤᠭᠤᠯᠤᠨ᠂ ︽ᠡᠮᠡᠭᠲᠡᠶᠢᠴᠦᠳ ᠤᠨ ᠬᠠᠤᠯᠢ ᠲᠦᠭᠡᠮᠡᠯᠵᠢᠭᠦᠯᠬᠦ ᠨᠠᠭᠠᠳᠤᠮ︾ ᠤᠨ ᠬᠡᠯᠪᠡᠷᠢ ᠶᠢ ᠠᠪᠴᠤ᠂ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠢᠶᠠᠷ ᠳᠠᠮᠵᠢᠭᠤᠯᠤᠨ᠂ ᠥᠷᠭᠡᠨ ᠣᠯᠠᠨ ᠮᠠᠯᠵᠢᠬᠤ ᠲᠠᠷᠢᠶᠠᠯᠠᠬᠤ ᠣᠷᠣᠨ ᠤ ᠡᠮᠡᠭᠲᠡᠶᠢᠴᠦᠳ ᠪᠠ ᠬᠡᠷ ᠪᠦᠯᠢ ᠳᠤ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠬᠦ ᠶᠢ ᠡᠰᠡᠷᠭᠦᠴᠡᠬᠦ᠂ ᠣᠷᠤᠭ ᠬᠤᠷᠢᠮ ᠡᠳ᠋ ᠬᠥᠷᠥᠩᠭᠡ ᠶᠢᠨ ᠵᠢᠭᠤᠷᠠᠯᠳᠤᠭᠠᠨ᠂ ᠠᠷᠠᠳ ᠤᠨ ᠬᠤᠭᠤᠷᠣᠨᠳᠣᠬᠢ ᠵᠢᠭᠡᠯᠡᠯᠭᠡ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠪᠠ᠃ ᠲᠤᠬᠠᠢ ᠶᠢᠨ ᠲᠠᠯᠠᠪᠠᠢ ᠳᠤ ᠪᠠᠰᠠ ᠲᠤᠰᠬᠠᠢ ᠮᠡᠷᠭᠡᠵᠢᠯᠲᠡᠨ ᠤ ᠬᠠᠤᠯᠢ ᠲᠦᠭᠡᠮᠡᠯᠵᠢᠭᠦᠯᠬᠦ ᠲᠠᠶᠢᠯᠤᠮᠵᠢ᠂ ᠬᠠᠤᠯᠢ ᠲᠦᠭᠡᠮᠡᠯᠵᠢᠭᠦᠯᠬᠦ ᠵᠠᠩ ᠦᠢᠯᠡ ᠶᠢᠨ ᠰᠣᠶᠣᠯ ᠤᠨ ᠦᠵᠡᠭᠦᠯᠭᠡ᠂ ᠬᠠᠤᠯᠢᠵᠢᠯ ᠤᠨ ᠤᠷᠠᠨ ᠰᠠᠶᠢᠬᠠᠨ ᠤ ᠫᠷᠤᠭ᠍ᠷᠠᠮ ᠢ ᠵᠣᠬᠢᠶᠠᠨ ᠪᠠᠶᠢᠭᠤᠯᠵᠤ᠂ ᠮᠠᠯᠴᠢᠳ ᠢ ᠥᠷᠭᠡᠨ ᠢᠶᠠᠷ ᠣᠷᠣᠯᠴᠠᠭᠤᠯᠪᠠ᠃ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠶᠢᠨ ᠱᠦᠵᠢ ᠨᠡᠷ ᠤᠨ ᠭᠠᠵᠠᠷ ᠤᠨ ᠱᠦᠵᠢ ᠨᠠ ᠶᠠᠨ ᠹᠠᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠤᠬᠠᠭᠤᠯᠵᠤ᠂ ᠠᠳᠠᠯᠢ ᠪᠤᠰᠤ ᠬᠥᠳᠡᠭᠡ ᠲᠣᠰᠬᠤᠨ ᠤ ᠣᠨᠴᠠᠯᠢᠭ᠂ ᠪᠣᠳᠠᠲᠠᠢ ᠪᠠᠶᠢᠳᠠᠯ ᠲᠠᠢ ᠤᠶᠠᠯᠳᠤᠭᠤᠯᠵᠤ᠂ ᠥᠪᠡᠷᠮᠢᠴᠡ ᠣᠨᠴᠠᠯᠢᠭ ᠲᠠᠢ᠂ ᠤᠯᠠᠨ ᠲᠦᠮᠡᠨ ᠲᠠᠢ ᠤᠢᠢᠷᠠᠳᠤᠭᠰᠠᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠴᠠᠭᠠᠵᠠ ᠶᠢ ᠡᠮᠡᠭᠲᠡᠶᠢᠴᠦᠳ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠬᠥᠳᠡᠭᠡ ᠲᠣᠰᠬᠤᠨ ᠤ ᠭᠡᠷ ᠪᠦᠯᠢ ᠶᠢᠨ ᠳᠡᠷᠭᠡᠳᠡ ᠬᠦᠷᠭᠡᠵᠦ᠂ ᠬᠠᠤᠯᠢᠵᠢᠯ ᠤᠨ ᠬᠥᠳᠡᠭᠡ ᠲᠣᠰᠬᠤᠨ ᠤ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠳᠤ ᠬᠦᠴᠦᠨ ᠨᠡᠮᠡᠷᠢᠯᠡᠵᠦ᠂ ᠬᠠᠤᠯᠢ ᠪᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ ᠮᠠᠯᠵᠢᠬᠤ ᠲᠠᠷᠢᠶᠠᠯᠠᠬᠤ ᠣᠷᠣᠨ ᠤ ᠡᠮᠡᠭᠲᠡᠢ ᠤᠯᠠᠨ ᠲᠦᠮᠡᠨ ᠤ ᠲᠥᠯᠥᠭᠡᠯᠡᠭᠴᠢ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠶᠡᠭᠡ ᠬᠤᠷᠠᠯ ᠤᠨ ᠲᠥᠯᠥᠭᠡᠯᠡᠭᠴᠢ᠂ ᠥᠪᠥᠷ ᠮᠣᠩᠭᠤᠯ ᠨᠤᠲᠤᠭ ᠲᠠᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠡᠷᠭᠡ 500 ᠭᠠᠷᠤᠢ ᠬᠥᠮᠦᠨ ᠲᠤᠬᠠᠢ ᠶᠢᠨ ᠲᠠᠯᠠᠪᠠᠢ ᠶᠢᠨ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号