ᠰᠢᠯᠤᠭᠤᠨ ᠬᠥᠪᠡᠭᠡᠲᠦ ᠴᠠᠭᠠᠨ ᠬᠤᠰᠢᠭᠤ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦᠭᠡᠷ ᠬᠤᠭᠤᠴᠠᠭᠠᠨ ᠤ ᠨᠠᠭᠠᠳᠤᠮ ᠢ ᠤᠷᠢᠳᠴᠢᠯᠠᠨ ᠬᠠᠯᠠᠭᠠᠵᠤ᠂ ᠲᠠᠯ᠎ᠠ ᠨᠤᠲᠤᠭ ᠤᠨ ᠦᠪᠡᠳᠡᠭᠰᠢ ᠳᠠᠶᠢᠯᠠᠯᠭ᠎ᠠ ᠤᠳᠠᠯ ᠥᠬᠡᠶ ᠶᠠᠪᠤᠭᠳᠠᠬᠤ ᠪᠠᠷ ᠪᠣᠶ᠃
ᠨᠡᠶᠢᠲᠡᠯᠡᠭᠰᠡᠨ ᠴᠠᠭ᠄
2024/7/16
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦᠭᠡᠷ ᠬᠤᠭᠤᠴᠠᠭᠠᠨ ᠤ ᠨᠠᠭᠠᠳᠤᠮ ᠤᠨ ᠬᠤᠷᠠᠯ ᠡᠳᠦᠷ ᠢᠷᠡᠬᠦᠶ᠎ᠡ ᠣᠶᠢᠷᠠᠲᠤᠬᠤ ᠶᠢ ᠳᠠᠭᠠᠯᠳᠤᠨ᠂ ᠪᠡᠯᠡᠳᠬᠡᠯ ᠠᠵᠢᠯ ᠴᠤ ᠡᠴᠦᠰ ᠤᠨ ᠰᠢᠪᠲᠤᠯᠤᠯᠲᠠ ᠶᠢᠨ ᠱᠠᠲᠤᠨ ᠳᠤ ᠣᠷᠣᠪᠠ᠃ ᠣᠶᠢᠷ᠎ᠠ ᠳᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠡᠯ᠎ᠡ ᠨᠢᠭᠡᠴᠡ ᠶᠢᠨ LED ᠳᠡᠯᠭᠡᠴᠡ ᠵᠢᠴᠢ ᠠᠭᠤᠳᠠᠮ ᠲᠠᠯᠠᠪᠠᠶ ᠶᠢᠨ ᠲᠣᠮᠣ ᠳᠡᠯᠭᠡᠴᠡ ᠳᠤ ᠨᠠᠷᠢᠨ ᠨᠢᠮᠪᠠᠶ ᠵᠢᠷᠤᠵᠤ ᠲᠥᠯᠥᠪᠯᠡᠭᠰᠡᠨ ᠤᠷᠢᠶ᠎ᠠ ᠯᠣᠽᠦ᠋ᠩ ᠬᠤᠶᠢᠨ᠎ᠠ ᠬᠤᠶᠢᠨ᠎ᠠ ᠠᠴᠠ ᠪᠠᠨ ᠢᠯᠡᠷᠡᠵᠦ᠂ ᠬᠠᠮᠲᠤ ᠪᠠᠷ ᠡᠨᠡ ᠤᠳᠠᠭᠠᠨ ᠤ ᠲᠠᠯ᠎ᠠ ᠨᠤᠲᠤᠭ ᠤᠨ ᠦᠪᠡᠳᠡᠭᠰᠢ ᠬᠤᠷᠠᠯ ᠳᠤ ᠪᠡᠯᠡᠳᠬᠡᠯ ᠠᠵᠢᠯ ᠬᠢᠵᠦ᠂ ᠨᠠᠭᠠᠳᠤᠮ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠨᠠᠭᠠᠳᠤᠮ ᠤᠨ ᠶᠡᠭᠡ ᠬᠤᠷᠠᠯ ᠤᠨ ᠪᠡᠯᠡᠳᠬᠡᠯ ᠠᠵᠢᠯ ᠢ ᠤᠷᠢᠳᠴᠢᠯᠠᠨ ᠪᠡᠯᠡᠳᠬᠡᠬᠦ ᠶᠠᠪᠤᠴᠠ ᠳᠤ᠂ ᠡᠯ᠎ᠡ ᠨᠢᠭᠡᠴᠢ ᠢᠳᠡᠪᠬᠢᠲᠡᠶ ᠴᠤᠤᠷᠢᠶᠠᠲᠤᠨ ᠳᠠᠭᠠᠵᠤ᠂ ᠤᠬᠠᠭᠤᠯᠬᠤ ᠪᠠ ᠳᠡᠯᠭᠡᠷᠡᠭᠦᠯᠬᠦ ᠬᠦᠨᠳᠦ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠪᠡ᠃ ᠲᠠᠳᠠ ᠲᠣᠰ ᠭᠠᠵᠠᠷ ᠤᠨ ᠢᠶᠠᠨ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠨᠠᠭᠠᠳᠤᠮ ᠤᠨ ᠬᠤᠷᠠᠯ ᠤᠨ ᠭᠤᠤᠯ ᠰᠡᠳᠦᠪ ᠲᠠᠢ ᠤᠶᠠᠯᠳᠤᠭᠤᠯᠤᠨ᠂ ᠠᠯᠢ ᠣᠯᠠᠨ ᠪᠦᠲᠦᠭᠡᠯᠴᠢ ᠰᠡᠳᠬᠢᠮᠵᠢ ᠪᠠ ᠨᠥᠯᠥᠭᠡᠯᠡᠬᠦ ᠬᠦᠴᠦᠨ ᠲᠠᠢ ᠤᠷᠢᠶ᠎ᠠ ᠯᠣᠽᠦ᠋ᠩ ᠢ ᠵᠣᠬᠢᠶᠠᠨ ᠪᠦᠲᠦᠭᠡᠭᠰᠡᠨ ᠪᠠᠶᠢᠨ᠎ᠠ᠃ ᠡᠳᠡᠭᠡᠷ ᠤᠷᠢᠶ᠎ᠠ ᠯᠣᠽᠦ᠋ᠩ ᠨᠢ ᠭᠠᠵᠠᠷ ᠣᠷᠣᠨ ᠤ ᠣᠨᠴᠠᠯᠢᠭ ᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠬᠥᠮᠦᠰ ᠤᠨ ᠤᠳᠠᠯ ᠦᠭᠡᠢ ᠪᠣᠯᠬᠤ ᠭᠡᠵᠦ ᠪᠠᠶᠢᠭ᠎ᠠ ᠦᠪᠡᠳᠡᠭᠰᠢ ᠶᠡᠭᠡ ᠬᠤᠷᠠᠯ ᠤᠨ ᠲᠤᠬᠠᠢ ᠬᠠᠯᠠᠭᠤᠨ ᠬᠦᠰᠡᠯ ᠪᠣᠯᠤᠨ ᠰᠠᠶᠢᠨ ᠰᠠᠶᠢᠬᠠᠨ ᠵᠥᠩᠨᠡᠯ ᠢ ᠳᠠᠮᠵᠢᠭᠤᠯᠪᠠ᠃ ᠡᠭᠦᠨ ᠤ ᠬᠠᠮᠲᠤ᠂ ᠠᠭᠤᠳᠠᠮ ᠲᠠᠯᠠᠪᠠᠶ ᠶᠢᠨ ᠲᠣᠮᠣ ᠳᠡᠯᠭᠡᠴᠡ ᠨᠢ ᠪᠠᠰᠠ ᠨᠠᠭᠠᠳᠤᠮ ᠤᠨ ᠬᠤᠷᠠᠯ ᠢ ᠤᠬᠠᠭᠤᠯᠬᠤ ᠴᠢᠬᠤᠯᠠ ᠴᠣᠩᠬᠤ ᠪᠣᠯᠤᠭᠰᠠᠨ ᠪᠠᠶᠢᠨ᠎ᠠ᠃ ᠬᠤᠲᠠ ᠶᠢᠨ ᠲᠥᠪ ᠬᠡᠰᠡᠭ ᠲᠤ᠂ ᠲᠣᠮᠣ ᠳᠡᠯᠭᠡᠴᠡᠨ ᠳᠡᠭᠡᠷ᠎ᠡ ᠨᠠᠭᠠᠳᠤᠮ ᠤᠨ ᠶᠡᠭᠡ ᠬᠤᠷᠠᠯ ᠤᠨ ᠲᠤᠬᠠᠶ ᠤᠬᠠᠭᠤᠯᠭ᠎ᠠ ᠶᠢᠨ ᠹᠢᠯᠢᠮ ᠪᠠ ᠤᠷᠢᠶ᠎ᠠ ᠯᠣᠽᠦ᠋ᠩ ᠢ ᠨᠡᠪᠲᠡᠷᠡᠭᠦᠯᠵᠦ᠂ ᠮᠠᠰᠢ ᠣᠯᠠᠨ ᠬᠤᠲᠠ ᠶᠢᠨ ᠠᠷᠠᠳ ᠤᠨ ᠠᠩᠬᠠᠷᠤᠯ ᠢ ᠲᠠᠲᠠᠵᠠᠶ᠃ ᠡᠨᠡ ᠨᠢ ᠰᠠᠭᠤᠭᠠᠯᠢ ᠠᠷᠠᠳ ᠲᠤ ᠨᠠᠭᠠᠳᠤᠮ ᠤᠨ ᠶᠡᠭᠡ ᠬᠤᠷᠠᠯ ᠢ ᠣᠶᠢᠯᠠᠭᠠᠬᠤ ᠳᠥᠭᠦᠮ ᠳᠥᠲᠡ ᠠᠷᠭ᠎ᠠ ᠵᠠᠮ ᠬᠠᠩᠭᠠᠭᠰᠠᠨ ᠢᠶᠠᠷ ᠪᠠᠷᠠᠬᠤ ᠥᠬᠡᠶ ᠨᠠᠩ ᠴᠤ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠤᠭᠰᠠᠨ ᠪᠠᠶᠢᠨ᠎ᠠ᠃ ︽ᠲᠠᠯ᠎ᠠ ᠨᠤᠲᠤᠭ ᠲᠤ ᠪᠣᠯᠵᠣᠵᠤ ᠨᠠᠭᠠᠳᠤᠮ ᠤᠨ ᠬᠤᠷᠠᠯ︾ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦᠭᠡᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠤᠨ ᠦᠪᠡᠳᠡᠭᠰᠢ ᠶᠡᠭᠡ ᠪᠠᠷ ᠡᠬᠢᠯᠡᠬᠦ ᠶᠢ ᠬᠠᠮᠲᠤ ᠪᠠᠷ ᠬᠦᠰᠡᠨ ᠪᠡᠷᠡᠯᠡᠵᠦ᠂ ᠲᠠᠯ᠎ᠠ ᠨᠤᠲᠤᠭ ᠤᠨ ᠡᠨᠡ ᠬᠦ ᠪᠠᠶᠠᠷ ᠪᠠᠶᠠᠰᠤᠯ ᠨᠢ ᠪᠢᠳᠡᠨ ᠳᠤ ᠬᠢᠵᠠᠭᠠᠯᠠᠰᠢ ᠥᠬᠡᠶ ᠪᠠᠶᠠᠷ ᠪᠠᠭ᠋ᠠᠳᠤᠯ ᠪᠠ ᠡᠷᠭᠢᠴᠡᠭᠦᠯᠦᠯ ᠠᠪᠴᠢᠷᠠᠵᠤ ᠥᠭᠬᠦ ᠶᠢ ᠢᠲᠡᠭᠡᠵᠦ ᠪᠠᠶᠢᠨ᠎ᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号