ᠰᠢᠯᠤᠭᠤᠨ ᠬᠥᠪᠡᠭᠡᠲᠦ ᠴᠠᠭᠠᠨ ᠬᠤᠰᠢᠭᠤ ᠪᠦᠬᠦ ᠬᠤᠰᠢᠭᠤᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ᠃
ᠨᠡᠶᠢᠲᠡᠯᠡᠭᠰᠡᠨ ᠴᠠᠭ᠄
2024/7/16
     7 ᠰᠠᠷ᠎ᠠ ᠶᠢᠨ 3 ᠤ ᠡᠳᠦᠷ᠂ ᠰᠢᠯᠤᠭᠤᠨ ᠬᠥᠪᠡᠭᠡᠲᠦ ᠴᠠᠭᠠᠨ ᠬᠤᠰᠢᠭᠤ ᠪᠥᠬᠦ ᠬᠤᠰᠢᠭᠤᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠳᠡᠨᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠧᠶ ᠳ᠋ᠧᠩ ᠺᠧ ᠪᠥᠬᠦ ᠬᠤᠰᠢᠭᠤᠨ ᠤ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ︔ ᠬᠤᠷᠠᠯ ᠳᠤ ᠣᠷᠣᠯᠴᠠᠭᠰᠠᠨ ᠨᠥᠬᠦᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠴᠡᠭᠡᠷ︾ ᠢ ᠬᠠᠮᠲᠤ ᠪᠠᠷ ᠰᠣᠨᠢᠷᠬᠠᠪᠠ︔ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠳᠡᠨᠢ ᠬᠤᠷᠠᠯ ᠳᠤ ᠣᠷᠣᠯᠴᠠᠭᠰᠠᠨ ᠨᠥᠬᠦᠳ ᠲᠤ ᠰᠠᠬᠢᠯᠭ᠎ᠠ ᠪᠠᠲᠤ ᠨᠠᠮ ᠤᠨ ᠬᠢᠴᠢᠶᠡᠯ ᠣᠷᠣᠪᠠ᠃ ᠬᠤᠷᠠᠯ ᠠᠴᠠ᠂ ᠪᠦᠬᠦ ᠬᠤᠰᠢᠭᠤᠨ ᠤ ᠤᠳᠤᠷᠢᠳᠬᠤ ᠺᠠᠳ᠋ᠷ ᠡᠨᠡ ᠤᠳᠠᠭ᠎ᠠ ᠶᠢᠨ ᠵᠠᠳᠠᠯᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ ᠦᠵᠡᠯ ᠰᠠᠨᠠᠭᠠᠨ ᠤ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠤᠯᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠲᠦᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠳᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠦᠨᠡᠨᠬᠦ ᠠᠷᠢᠭᠤᠨ ᠴᠢᠬᠡᠴᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠡᠷᠡᠭᠲᠡᠢ᠃ ᠬᠤᠷᠠᠯ ᠠᠴᠠ᠂ ᠪᠦᠬᠦ ᠬᠤᠰᠢᠭᠤᠨ ᠤ ᠤᠳᠤᠷᠢᠳᠬᠤ ᠺᠠᠳ᠋ᠷ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠢ ᠰᠠᠬᠢᠬᠤ ᠶᠢᠨ ᠰᠡᠷᠭᠡᠭ ᠪᠠ ᠡᠷᠡᠰ ᠪᠠᠲᠤ ᠪᠠᠶᠢᠬᠤ ᠶᠢ ᠴᠠᠭ ᠢᠮᠠᠭᠲᠠ ᠪᠠᠲᠤᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠢ ᠭᠦᠨᠵᠡᠭᠡᠢ ᠰᠤᠷᠤᠯᠴᠠᠵᠤ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠭᠤᠣᠯ ᠵᠣᠷᠢᠯᠲᠠ ᠪᠠ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠵᠠᠯᠠᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢ᠊ ᠡᠶ᠎ᠡ ︵ᠨᠠᠮ ᠤᠨ ᠤᠳᠤᠷᠢᠳᠬᠤ ᠳᠤᠭᠤᠶᠢᠯᠠᠩ︶ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠦᠲᠦᠮᠵᠢᠲᠡᠢ ᠤᠶᠠᠯᠳᠤᠭᠤᠯᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷ ᠡᠷᠬᠡ ᠪᠠᠨ ᠬᠡᠷᠡᠭᠯᠡᠬᠦ ᠳᠤᠮᠳᠠ ᠬᠤᠷᠢᠭ᠎ᠠ ᠱᠤᠭᠤᠮ ᠢ ᠰᠠᠬᠢᠵᠤ᠂ ᠪᠢᠰᠢᠷᠡᠨ ᠵᠢᠷᠦᠬᠡᠰᠢᠶᠡᠬᠦ ᠰᠡᠳᠬᠢᠯᠭᠡ ᠲᠠᠢ ᠪᠠᠶᠢᠵᠤ᠂ ᠬᠠᠷᠢᠭᠤᠴᠠᠯᠭ᠎ᠠ ᠪᠠᠨ ᠡᠭᠦᠷᠭᠡᠯᠡᠵᠦ᠂ ᠢᠮᠠᠭᠲᠠ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠰᠠᠬᠢᠯᠭ᠎ᠠ ᠪᠠᠲᠤ ᠶᠢ ᠵᠢᠷᠤᠮᠯᠠᠨ ᠳᠦᠷᠢᠮ ᠲᠣᠭᠲᠠᠭᠠᠯ ᠢ ᠰᠠᠬᠢᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ᠂ ᠨᠠᠮ ᠤᠨ ᠭᠡᠰᠢᠭᠦᠨ ᠺᠠᠳ᠋ᠷ ᠤᠨ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠳᠠᠶᠢᠴᠢᠯᠠᠵᠤ᠂ ᠨᠡᠶᠢᠭᠡᠮ ᠤᠨ ᠬᠡᠪ ᠰᠤᠷᠲᠠᠯ ᠤᠨ ᠰᠠᠶᠢᠵᠢᠷᠠᠬᠤ ᠶᠢ ᠠᠬᠢᠭᠤᠯᠬᠤ ᠬᠡᠷᠡᠭᠲᠡᠶ᠃ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠭᠤᠤᠯᠳᠠᠯᠭ᠎ᠠ ᠲᠠᠢ ᠠᠵᠢᠯ ᠢ ᠴᠢᠨᠠᠷ ᠰᠠᠶᠢᠲᠠᠶ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠣᠯᠤᠭᠰᠠᠨ ᠪᠣᠳᠠᠲᠤ ᠦᠷ᠎ᠡ ᠪᠦᠲᠦᠮᠵᠢ ᠶᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠪᠣᠯᠭᠠᠨ᠎ᠠ᠃ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠭᠠᠵᠠᠷ ᠤᠨ ᠲᠠᠰ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠬᠡᠷ ᠤᠨ ᠪᠥᠬᠦ ᠤᠳᠤᠷᠢᠳᠬᠤ ᠺᠠᠳ᠋ᠷ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号