ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠠᠷᠪᠠᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/16
    6 ᠰᠠᠷ᠎ᠠ ᠶᠢᠨ 25 ᠤ ᠡᠳᠦᠷ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯ ᠢ ᠬᠤᠷᠠᠯᠳᠤᠭᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠤᠯᠠᠭ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠵᠢᠴᠢ ᠡᠯ᠎ᠡ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃ ᠬᠤᠷᠠᠯ ᠠᠴᠠ ᠵᠠᠩ ᠪᠠᠢ ᠴᠧᠩ ᠱᠦᠵᠢ ᠶᠢᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢ᠊ ᠡᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ︽︿ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ‌‍ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢ᠊ ᠡᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ﹀ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠶᠢ ᠰᠣᠨᠣᠰᠤᠭᠰᠠᠨ ᠪᠥᠭᠡᠳ ᠬᠢᠨᠠᠨ ᠵᠥᠪᠯᠡᠵᠦ᠂ ᠮᠢᠩᠭᠠᠨᠲᠤ ᠪᠠᠯᠭᠠᠰᠤ᠂ ᠤᠬᠠᠭᠤᠯᠬᠤ ᠬᠡᠯᠲᠡᠰ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠰᠤᠷᠭᠠᠨ ᠬᠥᠮᠦᠵᠢᠯ ᠤᠨ ᠲᠣᠪᠴᠢ᠊ ᠡᠶ᠎ᠡ᠂ ᠰᠣᠶᠣᠯ ᠪᠡᠶ᠎ᠡ ᠶᠢᠨ ᠲᠠᠮᠢᠷ ᠵᠤᠭᠠᠴᠠᠯ ᠷᠠᠳᠢᠣ᠋ ᠲᠧᠯᠸᠢᠰ ᠤᠨ ᠲᠣᠪᠴᠢ᠊ ᠡᠶ᠎ᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠲᠣᠭᠤᠷᠢᠨ ᠳᠤ ᠲᠤᠰ ᠲᠤᠰ ᠦᠭᠡ ᠬᠡᠯᠡᠪᠡ᠃ ᠬᠤᠷᠠᠯ ᠳᠤ ᠣᠷᠣᠯᠴᠠᠭᠰᠠᠨ ᠪᠠᠶᠢᠩᠭᠤ ᠶᠢᠨ ᠭᠡᠰᠢᠭᠦᠳ ᠵᠥᠪᠯᠡᠬᠦ ᠰᠡᠳᠦᠪ ᠲᠠᠢ ᠤᠶᠠᠯᠳᠤᠭᠤᠯᠤᠨ ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠠᠨᠳᠤᠯᠭᠠᠲᠤ ᠴᠢᠨᠠᠷᠲᠠᠢ᠂ ᠬᠡᠷᠡᠭᠵᠢᠭᠦᠯᠵᠦ ᠪᠣᠯᠬᠤᠶᠢᠴᠠ ᠰᠠᠨᠠᠯ ᠰᠠᠨᠠᠭᠤᠯᠭ᠎ᠠ ᠳᠤᠷᠠᠳᠪᠠ᠃ ᠬᠤᠷᠠᠯ ᠠᠴᠠ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠪᠣᠯᠤᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠣᠯ ᠪᠥᠬᠦ ᠬᠤᠰᠢᠭᠤ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠪᠣᠳᠠᠲᠠᠶ ᠠᠵᠢᠯᠯᠠᠭ᠎ᠠ ᠮᠥᠨ᠂ ᠪᠠᠰᠠ ᠴᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠢᠯᠠᠩᠭᠤᠶ᠎ᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠡᠯ᠎ᠡ ᠵᠦᠶ᠋ᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠨᠢᠭᠡᠳᠬᠡᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠴᠢᠷᠮᠠᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠵᠢᠭᠠᠵᠤ ᠭᠠᠷᠭᠠᠪᠠ᠃ ᠬᠤᠷᠠᠯ ᠠᠴᠠ ᠱᠠᠭᠠᠷᠳᠠᠭᠰᠠᠨ ᠨᠢ᠂ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠠᠵᠢᠯ ᠤᠨ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠣᠭᠲᠠᠭᠰᠠᠨ ᠬᠤᠭᠤᠴᠠᠭᠠᠨ ᠳᠤ ᠵᠢᠱᠢᠶ᠎ᠡ ᠦᠵᠡᠭᠦᠯᠬᠦ ᠠᠶᠢᠮᠠᠭ ᠪᠠ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠴᠢᠬᠤᠯᠠ ᠡᠭᠦᠷᠭᠡ ᠪᠣᠯᠭᠠᠨ ᠴᠢᠩᠭ᠎ᠠ ᠠᠳᠬᠤᠵᠤ᠂ ᠡᠯ᠎ᠡ ᠵᠦᠶ᠋ᠯ ᠤᠨ ᠡᠭᠦᠳᠦᠨ ᠪᠠᠶᠢᠭᠤᠯᠬᠤ ᠡᠭᠦᠷᠭᠡ ᠶᠢ ᠯᠠᠪᠳᠠᠭᠤᠨ ᠪᠠᠲᠤᠲᠠᠶ ᠠᠬᠢᠭᠤᠯᠵᠤ᠂ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠢ ᠦᠨᠡᠨ ᠬᠦ ᠰᠠᠶᠢᠲᠤᠷ ᠬᠢᠵᠦ᠂ ᠡᠭᠦᠳᠦᠨ ᠪᠠᠶᠢᠭᠤᠯᠬᠤ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠪᠠᠷ ᠴᠢᠷᠮᠠᠶᠢᠵᠤ᠂ ᠪᠥᠬᠦ ᠬᠤᠰᠢᠭᠤᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠪᠡ᠃ ᠡᠭᠦᠨ ᠤ ᠬᠠᠮᠲᠤ ᠤᠯᠤᠰ ᠲᠥᠷᠥ ᠶᠢᠨ ᠵᠥᠪᠯᠡᠯᠭᠡᠨ ᠤ ᠲᠤᠰᠬᠠᠶ ᠵᠥᠪᠯᠡᠬᠦ ᠪᠠᠶᠢᠭᠤᠯᠤᠮᠵᠢ ᠶᠢᠨ ᠦᠶ᠋ᠯᠡᠳᠦᠯ ᠢ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠨᠠᠩ ᠣᠯᠠᠨ ᠣᠶᠤᠨ ᠤᠬᠠᠭᠠᠨ ᠬᠤᠷᠠᠮᠳᠤᠭᠤᠯᠵᠤ᠂ ᠨᠠᠩ ᠶᠡᠭᠡ ᠬᠦᠴᠦᠨ ᠴᠢᠳᠠᠯ ᠢ ᠨᠢᠭᠲᠠᠷᠠᠭᠤᠯᠬᠤ ᠪᠠᠷ ᠴᠢᠷᠮᠠᠶᠢᠬᠤ ᠬᠡᠷᠡᠭᠲᠡᠶ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号