ᠰᠢᠯᠤᠭᠤᠨ ᠬᠥᠪᠡᠭᠡᠲᠦ ᠴᠠᠭᠠᠨ ᠬᠤᠰᠢᠭᠤ ᠪᠥᠬᠦ ᠬᠤᠰᠢᠭᠤᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/16
    ᠶᠡᠷᠦᠩᠬᠡᠶ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠶ ᠳᠡᠭᠡᠳᠦ ᠱᠠᠲᠤᠨ ᠤ ᠨᠠᠮ ᠤᠨ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠺᠠᠳ᠋ᠷ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠦᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠦᠨᠡᠨ ᠬᠦ ᠭᠦᠨᠵᠡᠭᠡᠶᠢᠷᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠃ 6 ᠳ᠋ᠤᠭᠠᠷ ᠰᠠᠷ᠎ᠠ ᠶᠢᠨ 24 ᠤ ᠡᠳᠦᠷ᠂ ᠰᠢᠯᠤᠭᠤᠨ ᠬᠥᠪᠡᠭᠡᠲᠦ ᠴᠠᠭᠠᠨ ᠬᠤᠰᠢᠭᠤ ᠪᠥᠬᠦ ᠬᠤᠰᠢᠭᠤᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠪᠣᠯᠪᠠᠰᠤᠷᠠᠭᠤᠯᠤᠯ ᠤᠨ ᠬᠤᠷᠠᠯ ᠨᠢ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠬᠢᠴᠢᠶᠡᠯᠯᠡᠵᠦ᠂ ᠬᠢᠴᠢᠶᠡᠯ ᠵᠢᠭᠠᠭᠰᠠᠳ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ᠠᠮᠢᠳᠤᠯᠢᠭ ᠢᠶᠠᠷ ᠬᠡᠷᠡᠭᠯᠡᠵᠦ᠂ ᠳᠡᠯᠡᠬᠡᠶ ᠶᠢᠨ ᠵᠠᠭᠤᠨ ᠵᠢᠯ ᠳᠤ ᠲᠣᠬᠢᠶᠠᠯᠳᠤᠭ᠎ᠠ ᠥᠬᠡᠶ ᠶᠡᠭᠡ ᠬᠤᠪᠢᠰᠤᠯᠲᠠ ᠶᠢᠨ ᠠᠵᠠ ᠲᠣᠬᠢᠶᠠᠯ ᠪᠠ ᠥᠷᠢᠰᠥᠯᠳᠦᠭᠡᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠰᠣᠶᠣᠯ ᠤᠨ ᠢᠲᠡᠭᠡᠯ ᠢᠶᠠᠨ ᠪᠠᠲᠤᠳᠬᠠᠵᠤ ᠥᠪᠡᠷ ᠢ ᠪᠠᠨ ᠬᠦᠴᠦᠷᠬᠡᠭᠵᠢᠭᠦᠯᠬᠦ ᠵᠢᠴᠢ ᠭᠡᠨᠡᠳᠲᠡ ᠶᠢᠨ ᠬᠡᠷᠡᠭ ᠢ ᠪᠠᠴᠢᠮ ᠠᠷᠭᠠᠴᠠᠨ ᠰᠢᠶ᠋ᠳᠪᠦᠷᠢᠯᠡᠬᠦ ᠠᠷᠭ᠎ᠠ ᠪᠠ ᠠᠷᠭ᠎ᠠ ᠵᠠᠮ ᠢ ᠳᠦᠷᠰᠦᠯᠢᠭ ᠢᠶᠠᠷ ᠠᠮᠢᠳᠤᠯᠢᠭ ᠢᠶᠠᠷ ᠲᠣᠳᠣᠷᠬᠠᠶᠢᠯᠠᠨ ᠥᠭᠦᠯᠡᠵᠦ᠂ ᠪᠣᠯᠪᠠᠰᠤᠷᠠᠭᠤᠯᠤᠯ ᠳᠤ ᠣᠷᠣᠯᠴᠠᠭᠰᠠᠳ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠮᠥᠨ ᠴᠢᠨᠠᠷ ᠪᠠ ᠠᠭᠤᠯᠤᠭᠳᠠᠬᠤᠨ ᠢ ᠤᠯᠠᠮ ᠨᠢᠭᠡ ᠠᠯᠬᠤᠮ ᠭᠦᠨᠵᠡᠭᠡᠶ ᠣᠶᠢᠯᠠᠭᠠᠬᠤ ᠪᠠ ᠣᠨᠣᠪᠴᠢᠲᠠᠶ ᠡᠵᠡᠮᠰᠢᠬᠦ ᠳᠤ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠬᠤᠷᠠᠯ ᠠᠴᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠮᠥᠨ ᠴᠢᠨᠠᠷ ᠤᠨ ᠠᠭᠤᠯᠤᠭᠳᠠᠬᠤᠨ ᠢ ᠤᠯᠠᠮ ᠴᠢᠨᠠᠭᠰᠢᠳᠠ ᠭᠦᠨᠵᠡᠭᠡᠢ ᠰᠤᠷᠤᠯᠴᠠᠨ ᠣᠶᠢᠯᠠᠭᠠᠵᠤ᠂ ᠣᠳᠣᠬᠠᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠥᠷᠢᠰᠥᠯᠳᠦᠭᠡᠨ ᠢ ᠭᠦᠢᠴᠡᠳ ᠲᠠᠨᠢᠵᠤ᠂ ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠰᠤᠷᠤᠭᠰᠠᠨ ᠢᠶᠠᠨ ᠬᠡᠷᠡᠭᠯᠡᠬᠦ ᠶᠢ ᠪᠠᠷᠢᠮᠲᠠᠯᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠦᠵᠡᠯ ᠤᠬᠠᠮᠰᠠᠷ ᠤᠨ ᠬᠡᠯᠪᠡᠷᠢ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠲᠦᠷᠢᠮ᠂ ᠶᠠᠷᠢᠶ᠎ᠠ ᠬᠡᠯᠡᠯᠴᠡᠭᠡᠨ ᠤ ᠪᠠᠶᠢᠳᠠᠯ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠮᠡᠳᠡᠭᠦᠯᠦᠯᠲᠡ ᠶᠢᠨ ᠲᠦᠷᠢᠮ ᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠵᠦ᠂ ᠡᠭᠦᠷᠭᠡ ᠴᠢᠳᠠᠪᠬᠢᠳᠤ ᠰᠠᠯᠠᠭ᠎ᠠ ᠮᠥᠴᠢᠷ ᠤᠨ ᠦᠶ᠋ᠯᠡᠳᠦᠯ ᠢ ᠪᠠᠳᠠᠷᠠᠭᠤᠯᠤᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ᠃ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠭᠡᠷ ᠤᠨ ᠤᠳᠤᠷᠢᠳᠤᠯᠭ᠎ᠠ︔ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠰᠤᠮᠤ ᠪᠠᠯᠭᠠᠰᠤᠨ ᠤ ᠳᠠᠷᠤᠭ᠎ᠠ᠂ ᠨᠠᠮ ᠤᠨ ᠬᠤᠷᠢᠶᠠᠨ ᠤ ᠳᠡᠳ᠋ ᠱᠦᠵᠢ᠂ ᠤᠬᠠᠭᠤᠯᠬᠤ ᠭᠡᠰᠢᠭᠦᠨ︔ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ︔ ᠪᠦᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠨᠢᠭᠡᠴᠢ ᠶᠢᠨ ᠰᠦᠯᠵᠢᠶᠡᠨ ᠤ ᠰᠢᠭᠦᠮᠵᠢᠯᠡᠭᠴᠢ᠂ ᠰᠦᠯᠵᠢᠶᠡᠨ ᠤ ᠠᠮᠤᠷ ᠲᠦᠪᠰᠢᠨ ᠤ ᠠᠵᠢᠯᠲᠠᠨ︔ ᠮᠥᠩᠭᠦᠨ ᠭᠦᠶ᠋ᠯᠭᠡᠭᠡᠨ ᠤ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠠᠵᠢᠯᠲᠠᠨ ᠵᠡᠷᠭᠡ 152 ᠬᠥᠮᠦᠨ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号