ᠪᠡᠭᠡᠵᠢᠩ ᠬᠤᠲᠠ ᠶᠢᠨ ᠳ᠋ᠠ ᠰᠢᠩ ᠲᠣᠭᠤᠷᠢᠭ ᠤᠨ ᠰᠢᠨᠵᠢᠯᠡᠨ ᠪᠠᠢᠴᠠᠭᠠᠬᠤ ᠪᠦᠯᠬᠦᠮ ᠮᠠᠨ ᠤ ᠬᠤᠰᠢᠭᠤᠨ ᠳᠤ ᠢᠷᠡᠵᠦ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠠᠵᠢᠯ ᠢ ᠪᠠᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/16
    6 ᠰᠠᠷ᠎ᠠ ᠶᠢᠨ 12 ᠤᠨ ᠡᠳᠦᠷ᠂ ᠪᠡᠭᠡᠵᠢᠩ ᠬᠤᠲᠠ ᠶᠢᠨ ᠳ᠋ᠠ ᠰᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠢᠤ ᠭᠦᠸᠧ ᠰᠢᠨᠵᠢᠯᠡᠨ ᠪᠠᠶᠢᠴᠠᠭᠠᠬᠤ ᠪᠦᠯᠬᠦᠮ ᠳᠠᠭᠠᠭᠤᠯᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠢ ᠵᠣᠯᠭᠠᠭᠤᠯᠬᠤ ᠶᠢᠨ ᠬᠠᠮᠲᠤ ᠶᠠᠷᠢᠯᠴᠠᠬᠤ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠪᠠᠶ ᠴᠧᠩ ᠶᠠᠷᠢᠯᠴᠠᠬᠤ ᠬᠤᠷᠠᠯ ᠢ ᠡᠷᠭᠢᠯᠡᠪᠡ᠃ ᠶᠠᠷᠢᠯᠴᠠᠬᠤ ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠡᠷᠳᠡᠨᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠵᠤ᠂ ᠪᠡᠭᠡᠵᠢᠩ ᠬᠤᠲᠠ ᠶᠢᠨ ᠳ᠋ᠠ ᠰᠢᠩ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠸᠠᠩ ᠰᠧᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠵᠦ ᠪᠠᠶᠢᠭ᠎ᠠ ᠪᠠᠶᠢᠳᠠᠯ ᠢ ᠲᠠᠨᠢᠯᠴᠠᠭᠤᠯᠪᠠ᠃ ᠵᠠᠩ ᠪᠠᠢ ᠴᠧᠩ ᠡᠩ ᠲᠡᠷᠢᠭᠦᠨ ᠳᠤ ᠳ᠋ᠠ ᠰᠢᠩ ᠲᠣᠭᠤᠷᠢᠭ ᠤᠨ ᠨᠠᠮ ᠤᠨ ᠬᠤᠷᠢ᠊ ᠡᠶ᠎ᠡ᠂ ᠵᠠᠰᠠᠭ ᠤᠨ ᠣᠷᠳᠣᠨ ᠤ ᠤᠷᠳᠤ ᠬᠤᠭᠤᠴᠠᠭᠠᠨ ᠤ ᠲᠤᠷᠰᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠠᠵᠢᠯ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠪᠦᠬᠦ ᠠᠶᠢᠮᠠᠭ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠯᠠᠪᠳᠠᠭᠤᠨ ᠪᠠᠲᠤᠲᠠᠢ ᠠᠬᠢᠭᠤᠯᠵᠤ ᠪᠠᠶᠢᠨ᠎ᠠ᠃ ᠳ᠋ᠠ ᠰᠢᠩ ᠲᠣᠭᠤᠷᠢᠭ ᠰᠢᠯᠢ ᠶᠢᠨ ᠭᠤᠤᠯ ᠠᠶᠢᠮᠠᠭ ᠤᠨ ᠠᠵᠢᠯ ᠢ ᠦᠷᠭᠦᠯᠵᠢᠯᠡᠨ ᠳᠡᠮᠵᠢᠭᠰᠡᠨ ᠰᠠᠭᠤᠷᠢᠨ ᠳᠡᠭᠡᠷ᠎ᠡ᠂ ᠪᠢᠳᠡᠨ ᠲᠠᠢ ᠤᠯᠠᠮ ᠨᠢᠭᠡ ᠠᠯᠬᠤᠮ ᠨᠢᠭᠲᠠ ᠵᠣᠯᠭᠠᠭᠤᠯᠵᠤ᠂ ᠬᠠᠷᠢᠯᠴᠠᠭ᠎ᠠ ᠪᠠᠨ ᠴᠢᠩᠭᠠᠳᠬᠠᠨ᠂ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠬᠦᠭᠡᠷᠤᠮᠵᠢᠳᠤ ᠲᠠᠷᠢᠶᠠᠯᠠᠩ᠂ ᠰᠢᠨ᠎ᠡ ᠡᠨᠧᠷᠭᠢ᠂ ᠲᠣᠨᠤᠭ ᠲᠥᠬᠦᠭᠡᠷᠦᠮᠵᠢ ᠦᠶ᠋ᠯᠡᠳᠬᠦ᠂ ᠡᠮ ᠡᠮᠨᠡᠯᠭᠡ ᠰᠤᠷᠭᠠᠨ ᠬᠥᠮᠦᠵᠢᠯ᠂ ᠴᠢᠳᠠᠪᠤᠷᠢᠲᠠᠨ ᠤ ᠰᠣᠯᠢᠯᠴᠠᠭ᠎ᠠ ᠵᠢᠴᠢ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠶ᠋ᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠬᠦᠷᠢᠶᠡᠨ ᠳᠤ ᠪᠥᠬᠦ ᠲᠠᠯ᠎ᠠ ᠶᠢᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠬᠦ ᠶᠢ ᠬᠦᠴᠦᠯᠡᠨ ᠠᠬᠢᠭᠤᠯᠵᠤ᠂ ᠬᠤᠶᠠᠷ ᠭᠠᠵᠠᠷ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ᠃ ᠸᠠᠩ ᠶᠢᠤ ᠭᠦᠸᠧ᠂ ᠳ᠋ᠠ ᠰᠢᠩ ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ︽ᠭᠤᠷᠪᠠ ᠶᠢ ᠪᠠᠲᠤᠯᠠᠵᠤ᠂ ᠲᠦᠷᠪᠡ ᠶᠢ ᠦᠯᠦ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠨᠢᠨ ᠳᠡᠭᠡᠷ᠎ᠡ ᠨᠢ ᠵᠣᠯᠭᠠᠭᠤᠯᠬᠤ ᠵᠠᠭᠪᠤᠷ ᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠶᠠᠷ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠢ ᠵᠣᠬᠢᠰᠲᠠᠢ ᠲᠤᠬᠢᠷᠠᠭᠤᠯᠵᠤ᠂ ᠠᠵᠤ ᠦᠢᠯᠡᠰ ᠤᠨ ᠬᠠᠮᠵᠢᠯᠴᠠᠭ᠎ᠠ ᠪᠣᠯᠤᠨ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠬᠤᠶᠠᠷ ᠭᠠᠵᠠᠷ ᠤᠨ ᠬᠠᠮᠵᠢᠯᠴᠠᠭ᠎ᠠ ᠲᠠᠰᠤᠷᠠᠯᠳᠡ ᠦᠭᠡᠢ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃ ᠶᠠᠷᠢᠯᠴᠠᠬᠤ ᠬᠤᠷᠠᠯ ᠤᠨ ᠳᠠᠷᠠᠭ᠎ᠠ᠂ ᠰᠢᠨᠵᠢᠯᠡᠨ ᠪᠠᠶᠢᠴᠠᠭᠠᠬᠤ ᠪᠦᠯᠬᠦᠮ ᠤᠷᠢᠳ ᠬᠤᠵᠢᠳ ᠬᠤᠰᠢᠭᠤᠨ ᠤ ᠴᠢᠳᠠᠪᠤᠷᠢᠲᠠᠨ ᠤ ᠨᠡᠶᠢᠲᠡ ᠶᠢᠨ ᠪᠠᠶᠢᠷᠢ᠂ ᠰᠢᠩ ᠶᠣᠣ ᠪᠠᠯᠭᠠᠰᠤᠨ ᠤ ᠪᠡᠭᠡᠵᠢᠩ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠶ᠋ᠯᠡᠰ ᠤᠨ ᠬᠦᠷᠢᠶᠡᠯᠡᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠷᠢᠮᠠᠯ ᠤᠨ ᠵᠢᠱᠢᠶ᠎ᠡ ᠦᠵᠡᠭᠦᠯᠬᠦ ᠰᠠᠭᠤᠷᠢᠨ᠂ ᠪᠤᠯᠠᠭᠠᠨ ᠲᠣᠬᠤᠶ ᠰᠤᠮᠤ ᠶᠢᠨ ᠲᠣᠯᠢᠨᠪᠤᠯᠠᠭ ᠭᠠᠴᠠᠭᠠᠨ ᠤ ᠣᠳᠣᠨ ᠣᠭᠲᠠᠷᠭᠤᠶ ᠶᠢᠨ ᠰᠣᠶᠣᠯ ᠵᠢᠭᠤᠯᠴᠢᠯᠠᠯ ᠤᠨ ᠬᠤᠸᠠᠷᠠᠨ ᠳᠤ ᠬᠦᠷᠴᠦ᠂ ᠪᠦᠯᠬᠦᠮ ᠪᠠᠶᠢᠭᠤᠯᠬᠤ ᠮᠠᠶ᠋ᠢᠭ ᠤᠨ ᠬᠠᠪᠰᠤᠷᠤᠨ ᠲᠡᠳᠬᠦᠬᠦ ᠬᠥᠮᠦᠰ ᠤᠨ ᠦᠶ᠋ᠯᠡᠴᠢᠯᠡᠭᠡ ᠪᠠᠲᠤᠯᠠᠭ᠎ᠠ᠂ ᠨᠡᠷᠡᠨ ᠬᠡᠷᠡᠯ ᠣᠶᠤᠨᠴᠢ ᠰᠢᠯ ᠬᠦᠯᠡᠮᠵᠢ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠣᠨᠴᠠᠯᠢᠭᠲᠤ ᠲᠠᠷᠢᠮᠠᠯ᠂ ᠣᠳᠣᠨ ᠣᠭᠲᠠᠷᠭᠤᠶ ᠶᠢᠨ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠠᠵᠤ ᠦᠶ᠋ᠯᠡᠰ ᠤᠨ ᠬᠥᠭᠵᠢᠯᠲᠡ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠠᠶᠢᠮᠠᠭ ᠤᠨ ᠤᠳᠤᠷᠢᠳᠤᠯᠭ᠎ᠠ ᠵᠧᠦ ᠰᠢᠶᠠᠩ ᠸᠧᠢ᠂ ᠰᠦᠨ ᠵᠧᠨ ᠵᠢᠶᠠᠩ᠂ ᠳ᠋ᠠ ᠰᠢᠩ ᠲᠣᠭᠤᠷᠢᠭ ᠤᠨ ᠤᠳᠤᠷᠢᠳᠤᠯᠭ᠎ᠠ ᠶᠣᠣ ᠮᠤᠤ ᠸᠧᠨ᠂ ᠵᠦᠩ ᠸᠧᠢ ᠭᠦᠩ᠂ ᠬᠤᠰᠢᠭᠤᠨ ᠤ ᠬᠤᠯᠪᠣᠭᠳᠠᠯ ᠪᠦᠬᠦᠢ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号