ᠪᠦᠬᠦ ᠣᠷᠣᠨ ᠤ ᠵᠠᠬᠢᠳᠠᠯ ᠰᠣᠷᠪᠣᠯᠵᠢᠯᠠᠯ ᠤᠨ ᠠᠵᠢᠯ ᠢ ᠠᠬᠢᠭᠤᠯᠬᠤ ᠬᠠᠤᠯᠢᠵᠢᠯ ᠤᠨ ᠬᠤᠷᠠᠯ ᠬᠤᠷᠠᠯᠳᠤᠭᠤᠯᠪᠠ ᠵᠧᠩ ᠭᠤᠸᠠᠩ ᠵᠤᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/7/16
    6 ᠳ᠋ᠤᠭᠠᠷ ᠰᠠᠷ᠎ᠠ ᠶᠢᠨ 18 ᠤ ᠡᠳᠦᠷ᠂ ᠪᠥᠬᠦ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢᠵᠢᠯ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ 2024 ᠣᠨ ᠤ ᠬᠤᠶᠠᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃    ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠤᠭᠴᠢ ᠵᠧᠩ ᠭᠤᠸᠠᠩ ᠵᠤᠤ ᠶᠠᠷᠢᠶ᠎ᠠ ᠲᠠᠯᠪᠢᠪᠠ᠃    ᠬᠤᠷᠠᠯ ᠳᠡᠭᠡᠷ᠎ᠡ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠤᠨ ᠦᠨᠡᠨ ᠬᠦ ᠬᠠᠤᠯᠢ ᠶᠣᠰᠣᠭᠠᠷ᠂ ᠲᠦᠷᠢᠮ ᠲᠣᠭᠲᠠᠭᠠᠯ ᠶᠣᠰᠣᠭᠠᠷ᠂ ᠲᠦᠷᠦ ᠶᠢᠨ ᠪᠤᠳᠤᠯᠭ᠎ᠠ ᠶᠣᠰᠣᠭᠠᠷ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠨᠤᠭᠤᠳ ᠢ ᠰᠢᠢᠳᠪᠦᠷᠢᠯᠡᠵᠦ᠂ ᠬᠠᠤᠯᠢᠵᠢᠯ ᠤᠨ ᠪᠣᠭᠤᠮᠲᠠ ᠶᠢ ᠰᠠᠶᠢᠲᠤᠷ ᠡᠵᠡᠮᠳᠡᠵᠦ᠂ ᠬᠠᠤᠯᠢᠵᠢᠯ ᠤᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠠᠤᠯᠢᠵᠢᠯ ᠢ ᠭᠦᠢᠴᠡᠳᠭᠡᠬᠦ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠵᠦ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠬᠠᠤᠯᠢᠵᠢᠯ ᠤᠨ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠡᠮᠬᠢ ᠳᠢᠭᠯᠢᠮ ᠢ ᠬᠠᠮᠠᠭᠠᠯᠠᠬᠤ ᠬᠠᠤᠯᠢᠵᠢᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠵᠠᠬᠢᠳᠠᠯ ᠰᠣᠷᠪᠣᠯᠵᠢᠯᠠᠯ ᠤᠨ ᠠᠵᠢᠯ ᠤᠨ ᠬᠠᠤᠯᠢᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号