| ᠬᠥᠬᠡᠬᠤᠲᠠ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠦ 5 ᠰᠠᠷ᠎ᠠ ᠳᠤ᠂ | ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠳᠡᠭ | 830 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 10% ᠪᠠᠷ ᠨᠡᠮᠡᠭᠳᠡᠵᠦ᠂ | ᠪᠦᠬᠦ ᠤᠯᠤᠰ ᠤᠨ ᠨᠡᠮᠡᠭᠳᠡᠯ ᠤᠨ ᠬᠤᠷᠳᠤᠴᠠ ᠠᠴᠠ 3.7 ᠵᠠᠭᠤᠨ ᠤ ᠴᠡᠭ ᠥᠨᠳᠦᠷᠵᠢᠪᠡ᠃ ᠡᠭᠦᠨ ᠳᠤ᠂ | ᠭᠠᠳᠠᠭᠠᠳᠤ ᠭᠠᠷᠭᠠᠯᠲᠠ 308.5 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 6. | 3% ᠪᠠᠷ ᠨᠡᠮᠡᠭᠳᠡᠪᠡ︔ ᠭᠠᠳᠠᠭᠠᠳᠤ ᠣᠷᠣᠭᠤᠯᠤᠯᠲᠠ 521.5 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ ᠪᠠᠨ 12.4% ᠪᠠᠷ ᠨᠡᠮᠡᠭᠳᠡᠪᠡ᠃ ᠰᠠᠷ᠎ᠠ ᠶᠢᠨ ᠣᠷᠤᠭᠤᠯᠤᠯᠲᠠ ᠭᠠᠷᠭᠠᠯᠲᠠ ᠥᠨᠳᠦᠷ | ᠪᠠᠶᠢᠷᠢᠨ ᠳᠤ ᠠᠵᠢᠯᠯᠠᠵᠤ᠂ 5 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ | ᠣᠷᠣᠭᠤᠯᠤᠯᠲᠠ ᠭᠠᠷᠭᠠᠯᠲᠠ ᠶᠢᠨ ᠥᠷᠲᠡᠭ 169.6 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ ᠪᠠᠨ 15% ᠪᠠᠷ ᠨᠡᠮᠡᠭᠳᠡᠪᠡ᠃ | ᠣᠶᠢᠯᠠᠭᠠᠭᠰᠠᠨ ᠢᠶᠠᠷ᠂ ᠲᠦᠷᠦᠭᠦᠦ 5 ᠰᠠᠷ᠎ᠠ ᠳᠤ᠂ ᠴᠠᠬᠢᠯᠭᠠᠨ ᠬᠥᠳᠡᠯᠭᠡᠭᠦᠷᠲᠦ ᠬᠥᠮᠦᠨ ᠠᠴᠢᠶᠠᠯᠠᠬᠤ ᠮᠠᠰᠢᠨ | ᠲᠡᠷᠭᠡ᠂ ᠯᠢᠲ᠋ᠢ ᠴᠡᠨᠡᠭ᠂ ᠨᠡᠷᠡᠨ ᠤ ᠡᠨᠧᠷᠭᠢ ᠶᠢᠨ ᠴᠡᠨᠡᠭ ᠢᠶᠠᠷ ᠲᠥᠯᠥᠭᠡᠯᠡᠭᠦᠯᠦᠭᠰᠡᠨ ︽ᠭᠤᠷᠪᠠᠨ ᠰᠢᠨ᠎ᠡ ᠵᠦᠢᠯ︾ | ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠡᠭᠡ ᠪᠠᠷ ᠨᠡᠮᠡᠭᠳᠡᠵᠦ᠂ ᠭᠠᠳᠠᠭᠠᠳᠤ ᠭᠠᠷᠭᠠᠯᠲᠠ ᠶᠢᠨ ᠥᠷᠲᠡᠭ ᠨᠢ | 16.1 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 126.9% ᠪᠠᠷ ᠨᠡᠮᠡᠭᠳᠡᠪᠡ᠃ | ᠠᠳᠠᠯᠢ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠮᠠᠰᠢᠨ ᠴᠠᠬᠢᠯᠭᠠᠨ ᠤ ᠪᠦᠲᠦᠭᠡᠭᠳᠡᠬᠦᠨ ᠤ ᠭᠠᠳᠠᠭᠠᠳᠤ | ᠭᠠᠷᠭᠠᠯᠲᠠ 100.4 ᠳ᠋ᠦᠩᠰᠢᠭᠤᠷ ᠲᠥᠭᠦᠷᠢᠭ᠂ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ 47. | 5 ᠳ᠋ᠦᠩᠰᠢᠭᠤᠷ ᠲᠥᠭᠦᠷᠢᠭ᠂ ᠪᠤᠯᠤᠳ ᠮᠠᠲ᠋ᠧᠷᠢᠶᠠᠯ ᠤᠨ ᠭᠠᠳᠠᠭᠠᠳᠤ ᠭᠠᠷᠭᠠᠯᠲᠠ 36.3 ᠳ᠋ᠦᠩᠰᠢᠭᠤᠷ ᠲᠥᠭᠦᠷᠢᠭ | ᠪᠠᠶᠢᠵᠤ᠂ ᠭᠤᠷᠪᠠᠭᠤᠯᠠ ᠪᠠᠨ ᠠᠳᠠᠯᠢ ᠬᠤᠭᠤᠴᠠᠭᠠᠨ ᠤ ᠪᠥᠬᠦ ᠣᠷᠣᠨ ᠤ ᠭᠠᠳᠠᠭᠠᠳᠤ ᠭᠠᠷᠭᠠᠯᠲᠠ ᠶᠢᠨ ᠥᠷᠲᠡᠭ ᠤᠨ | 59.7 ᠶᠢ ᠡᠵᠡᠯᠡᠪᠡ᠃ ᠲᠦᠷᠦᠭᠦᠤ 5 ᠰᠠᠷ᠎ᠠ ᠳᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠥᠪᠡᠷᠲᠡᠭᠡᠨ | ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠨᠢᠭᠡᠳᠦᠭᠡᠷ ᠲᠣᠮᠣ ᠡᠵᠡᠩᠨᠡᠯᠲᠡ ᠶᠢᠨ ᠭᠤᠤᠯ ᠴᠣᠭᠴᠠ ᠶᠢᠨ ᠪᠠᠶᠢᠷᠢ | ᠰᠠᠭᠤᠷᠢ ᠶᠢ ᠪᠠᠲᠤᠯᠠᠵᠤ᠂ ᠭᠠᠳᠠᠭᠠᠳᠤ ᠣᠷᠣᠭᠤᠯᠣᠯᠲᠠ ᠭᠠᠷᠭᠠᠯᠲᠠ ᠶᠢᠨ ᠥᠷᠲᠡᠭ ᠨᠢ 635.9 ᠳ᠋ᠦᠩᠰᠢᠭᠤᠷ | ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 10.6% ᠪᠠᠷ ᠨᠡᠮᠡᠭᠳᠡᠨ᠂ ᠪᠥᠬᠦ ᠣᠷᠣᠨ ᠤ | ᠭᠠᠳᠠᠭᠠᠳᠤ ᠠᠷᠠᠯᠵᠢᠶᠠᠨ ᠤ ᠣᠷᠤᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ ᠤᠨ 76.6% ᠶᠢ ᠡᠵᠡᠯᠡᠵᠦ᠂ | ᠬᠤᠪᠢ ᠶᠢᠨ ᠵᠢᠩ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠨ 0.4 ᠵᠠᠭᠤᠨ ᠤ ᠴᠡᠭ ᠳᠡᠭᠡᠭᠰᠢᠯᠡᠵᠡᠶ᠃ | ᠠᠩᠬᠠᠷᠤᠭᠤᠰᠢᠲᠠᠶ ᠨᠢ᠂ ᠥᠪᠥᠷ ᠮᠣᠩᠭᠤᠯ ᠪᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ | ᠪᠠᠶᠢᠭᠤᠯᠬᠤ ᠤᠯᠤᠰ ᠤᠳ ᠤᠨ ᠭᠠᠳᠠᠭᠠᠲᠤ ᠠᠷᠠᠯᠵᠢᠶᠠᠨ ᠤ ᠣᠷᠤᠭᠤᠯᠤᠯᠲᠠ ᠭᠠᠷᠭᠠᠯᠲᠠ ᠲᠦᠷᠭᠡᠨ ᠢᠶᠠᠷ ᠨᠡᠮᠡᠭᠳᠡᠪᠡ᠃ | ᠲᠦᠷᠦᠭᠦᠤ 5 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠥᠲᠥᠭᠡᠨ ᠪᠠᠶᠢᠭᠤᠯᠬᠤ ᠤᠯᠤᠰ ᠤᠳ ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ 663.7 ᠳ᠋ᠦᠩᠰᠢᠭᠤᠷ | ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 12.9% ᠪᠠᠷ ᠨᠡᠮᠡᠭᠳᠡᠨ᠂ ᠪᠥᠬᠦ ᠣᠷᠣᠨ ᠤ | ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ ᠤᠨ 80% ᠶᠢ ᠡᠵᠡᠯᠡᠪᠡ᠃ | ᠬᠥᠬᠡᠬᠤᠲᠠ ᠪᠣᠭᠤᠮᠲᠠ ᠶᠢᠨ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠭᠠᠵᠠᠷ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠦᠷᠦᠭᠦᠦ 5 ᠰᠠᠷ᠎ᠠ ᠳᠤ᠂ ᠥᠪᠥᠷ ᠮᠣᠩᠭᠤᠯ ᠤᠨ ᠭᠠᠳᠠᠭᠠᠳᠤ | ᠠᠷᠠᠯᠵᠢᠶᠠᠨ ᠤ ᠣᠷᠣᠭᠤᠯᠤᠯᠲᠠ ᠭᠠᠷᠭᠠᠯᠲᠠ ᠲᠣᠭᠲᠠᠭᠤᠨ ᠤ ᠳᠤᠮᠳᠠ ᠰᠠᠶᠢᠵᠢᠷᠠᠬᠤ᠂ ᠲᠣᠭᠲᠠᠭᠤᠨ ᠤ ᠳᠤᠮᠳᠠ | ᠤᠷᠤᠭᠰᠢᠯᠠᠬᠤ ᠬᠠᠨᠳᠤᠰᠢ ᠪᠠᠨ ᠪᠠᠲᠤᠯᠠᠵᠤ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠡᠪᠴᠢᠶ᠎ᠡ ᠰᠢᠨ᠎ᠡ | ᠰᠢᠪᠲᠤᠯᠤᠯᠲᠠ ᠲᠠᠢ ᠪᠣᠯᠵᠤ᠂ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠵᠦ᠂ ᠨᠡᠯᠢᠶᠡᠳ ᠴᠢᠩᠭ᠎ᠠ ᠤᠶᠠᠨ | ᠬᠠᠳᠠᠨ ᠴᠢᠨᠠᠷ ᠪᠠ ᠠᠮᠢᠵᠢᠷᠠᠯ ᠤᠨ ᠬᠦᠴᠦᠨ ᠢ ᠢᠯᠡᠷᠡᠭᠦᠯᠪᠡ ᠭᠡᠵᠡᠢ᠃ | |