| ᠨᠢᠭᠡ᠂ ᠲᠥᠷᠥ ᠶᠢᠨ ᠪᠣᠳᠣᠯᠭ᠎ᠠ ᠶᠢᠨ ᠲᠡᠦᠬᠡᠲᠦ ᠠᠬᠤᠢ | 2022 ᠣᠨ ᠳᠤ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠬᠤ ᠠᠷᠪᠠᠨ ᠨᠢᠭᠡᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠳᠣᠷᠣᠭᠰᠢ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠭᠡᠵᠦ ᠲᠣᠪᠴᠢᠯᠠᠪᠠ︶ ᠢ | ᠨᠡᠶᠢᠲᠡᠯᠡᠭᠰᠡᠨ ᠤ ᠳᠠᠷᠠᠭ᠎ᠠ᠂ ᠮᠠᠨ ᠤ ᠣᠷᠣᠨ ᠢ ᠤᠳᠤᠷᠢᠳᠤᠨ ᠳᠠᠭᠠᠭᠤᠯᠵᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠭᠤᠯᠤᠭᠠᠳ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠭᠦᠢᠴᠡᠳ ᠨᠤᠲᠠᠯᠠᠯᠲᠠ ᠶᠢ ᠣᠯᠵᠠᠢ᠃ ᠡᠭᠦᠨ ᠤ ᠬᠠᠮᠲᠤ᠂ ᠨᠠᠮ ᠤᠨ | ᠲᠥᠪ ᠬᠤᠷᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ ᠰᠢᠨ᠎ᠡ ᠱᠠᠭᠠᠷᠳᠠᠯᠭ᠎ᠠ ᠳᠤᠷᠠᠳᠴᠤ᠂ ᠮᠠᠨ ᠤ | ᠣᠷᠣᠨ ᠤ ᠠᠵᠢᠯ ᠤᠨ ᠳᠤᠮᠳᠠ ᠪᠠᠰᠠ ᠮᠠᠰᠢ ᠣᠯᠠᠨ ᠰᠢᠨ᠎ᠡ ᠵᠠᠭᠪᠤᠷ ᠤᠳ ᠢ ᠳ᠋ᠦᠩᠨᠡᠨ᠂ ᠵᠠᠷᠢᠮ ᠰᠢᠨ᠎ᠡ | ᠠᠰᠠᠭᠤᠳᠠᠯ ᠤᠳ ᠢ ᠢᠯᠡᠷᠡᠭᠦᠯᠦᠭᠰᠡᠨ ᠪᠠᠶᠢᠨ᠎ᠠ᠃ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠢ | ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠦᠨᠡᠯᠡᠨ ᠵᠢᠱᠢᠭᠰᠡᠨ ᠰᠠᠭᠤᠷᠢᠨ ᠳᠡᠭᠡᠷ᠎ᠡ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠤᠷᠢᠳ ᠢᠶᠠᠷ ᠪᠣᠰᠬᠠᠵᠤ ᠳᠠᠷᠠᠭ᠎ᠠ ᠨᠢ ᠰᠢᠪᠲᠤᠯᠬᠤ | ︾ ᠵᠠᠷᠴᠢᠮ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠴᠢᠨᠠᠷ ᠰᠠᠶᠢᠲᠠᠢ ᠠᠬᠢᠭᠤᠯᠬᠤ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠪᠠ︶ ᠢ | ᠳᠠᠷᠤᠮᠠᠯᠯᠠᠨ ᠲᠠᠷᠬᠠᠭᠠᠭᠠᠳ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠢ ᠰᠢᠨᠡᠳᠬᠡᠨ ᠲᠡᠭᠦᠯᠳᠡᠷᠵᠢᠭᠦᠯᠵᠦ | ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠰᠠᠭᠤᠷᠢ ᠪᠣᠯᠭᠠᠨ᠂ ︽ | ᠡᠷᠭᠢᠯᠳᠦᠭᠦᠯᠬᠦ — ᠳᠠᠷᠢᠬᠤ — ᠪᠣᠯᠪᠠᠰᠤᠷᠠᠭᠤᠯᠬᠤ — ᠦᠢᠯᠡᠴᠢᠯᠡᠬᠦ — ᠡᠵᠡᠩᠨᠡᠨ ᠪᠣᠷᠣᠯᠠᠭᠤᠯᠬᠤ︾ | ᠪᠥᠬᠦ ᠬᠡᠯᠬᠢᠶ᠎ᠡ ᠶᠢ ᠨᠠᠪᠲᠠᠷᠡᠭᠦᠯᠵᠦ᠂ ᠲᠠᠷᠢᠶᠠᠯᠠᠩ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢᠨ ᠶᠡᠭᠡ ᠬᠤᠪᠢᠰᠤᠯᠲᠠ ᠶᠢ | ᠠᠬᠢᠭᠤᠯᠵᠠᠢ᠃ | ᠬᠤᠶᠠᠷ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠲᠠᠢ ᠬᠠᠷᠢᠴᠠᠭᠤᠯᠪᠠᠯ ᠶᠠᠮᠠᠷ ᠶᠠᠮᠠᠷ | ᠬᠤᠪᠢᠷᠠᠯᠲᠠ ᠲᠠᠢ ᠪᠤᠢ︖ | ︽ᠮᠡᠳᠡᠭᠳᠡᠯ︾ ᠳᠤ 11 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠭ᠎ᠠ ᠶᠢ | ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠭᠤᠣᠯᠳᠠᠭᠤ ᠲᠥᠷᠥ ᠶᠢᠨ ᠪᠣᠳᠣᠯᠭ᠎ᠠ ᠶᠢᠨ ᠲᠥᠰᠥᠪᠯᠡᠯ ᠤᠨ | ᠲᠠᠯ᠎ᠠ ᠪᠠᠷ ᠰᠢᠯᠢᠳᠡᠭᠵᠢᠭᠦᠯᠪᠡ᠃ ᠨᠢᠭᠡ ᠳᠤ ᠦᠨᠡᠯᠡᠨ ᠵᠢᠱᠢᠯᠲᠡ ᠳᠤ ᠣᠷᠣᠰᠢᠵᠤ ᠪᠠᠶᠢᠭ᠎ᠠ 30 ᠵᠦᠢᠯ ᠤᠨ | ᠠᠰᠠᠭᠤᠳᠠᠯ ᠢ ᠦᠨᠳᠦᠰᠦᠯᠡᠨ᠂ 34 ᠵᠦᠢᠯ ᠤᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠨᠡᠮᠡᠪᠡ᠃ | ᠬᠤᠶᠠᠷ ᠲᠤ ᠡᠯ᠎ᠡ ᠭᠠᠵᠠᠷ ᠤᠨ ᠨᠡᠶᠢᠲᠡᠯᠢᠭ ᠲᠤᠷᠰᠢᠯᠭ᠎ᠠ ᠨᠤᠭᠤᠳ ᠲᠠᠢ ᠤᠶᠠᠯᠳᠤᠭᠤᠯᠤᠨ᠂ ᠠᠵᠢᠯ ᠬᠦᠳᠡᠯᠮᠦᠷᠢ ᠪᠠᠷ | ᠲᠡᠳᠬᠦᠮᠵᠢ ᠶᠢ ᠣᠷᠣᠯᠠᠭᠤᠯᠬᠤ᠂ ᠪᠠᠶᠢᠭᠤᠯᠬᠤ ᠬᠠᠮᠢᠶᠠᠷᠬᠤ ᠡᠵᠡᠩᠨᠡᠬᠦ ᠶᠢ ᠨᠢᠭᠡ ᠴᠣᠭᠴᠠᠵᠢᠭᠤᠯᠬᠤ ᠵᠡᠷᠭᠡ ᠨᠡᠶᠢᠲᠡᠯᠢᠭ | ᠵᠠᠭᠪᠤᠷ ᠤᠳ ᠤᠨ ᠣᠯᠠᠰᠢᠷᠠᠬᠤ ᠶᠢ ᠠᠬᠢᠭᠤᠯᠪᠠ᠃ ᠭᠤᠷᠪᠠ ᠳᠤ ᠲᠥᠷᠥ ᠶᠢᠨ ᠪᠣᠳᠣᠯᠭ᠎ᠠ ᠶᠢᠨ ᠬᠤᠭᠤᠴᠠᠭᠠᠲᠤ | ᠴᠢᠨᠠᠷ ᠢ ᠳᠡᠭᠡᠭᠰᠢᠯᠡᠭᠦᠯᠦᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠢᠴᠢᠭ ᠮᠠᠲ᠋ᠧᠷᠢᠶᠠᠯ ᠳᠠᠬᠢ ᠬᠤᠯᠪᠣᠭᠠᠲᠤ | ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠶᠢ ᠴᠠᠭᠠᠵᠠᠯᠠᠬᠤ ᠵᠡᠷᠭᠡ ᠬᠤᠶᠠᠷ ᠵᠦᠢᠯ ᠤᠨ ᠠᠷᠭ᠎ᠠ ᠬᠡᠮᠵᠢᠶ᠎ᠡ ᠶᠢ | ᠬᠠᠰᠤᠵᠤ᠂ ᠬᠡᠰᠡᠭ ᠬᠠᠷᠢᠭᠤᠴᠠᠬᠤ ᠨᠢᠭᠡᠴᠢ ᠶᠢ ᠲᠣᠬᠢᠷᠠᠭᠤᠯᠪᠠ᠃ | ᠭᠤᠷᠪᠠ᠂ ᠭᠤᠣᠯ ᠠᠭᠤᠯᠭ᠎ᠠ | ︽ᠮᠡᠳᠡᠭᠳᠡᠯ︾ ᠳᠤ ᠨᠡᠶᠢᠲᠡ ᠠᠷᠪᠠᠨ ᠨᠢᠭᠡᠨ ᠲᠠᠯ᠎ᠠ ᠶᠢ ᠪᠠᠭᠲᠠᠭᠠᠵᠤ᠂ ︽ᠳᠥᠷᠪᠡ ᠶᠢ ᠲᠣᠭᠲᠠᠭᠠᠬᠤ | ᠳᠥᠷᠪᠡ ᠶᠢ ᠠᠳᠬᠤᠬᠤ ᠭᠤᠷᠪᠠ ᠶᠢ ᠪᠠᠲᠤᠯᠠᠬᠤ︾ ᠶᠢ ᠢᠯᠡᠷᠡᠭᠦᠯᠪᠡ᠃ ︽ᠳᠥᠷᠪᠡ ᠶᠢ ᠲᠣᠭᠲᠠᠭᠠᠬᠤ︾ ᠪᠣᠯ ︽ | ᠪᠠᠷᠢᠮᠵᠢᠶ᠎ᠠ ᠶᠢ ᠲᠣᠭᠲᠠᠭᠠᠬᠤ᠂ ᠵᠠᠭᠪᠤᠷ ᠢ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ᠂ ᠱᠠᠩᠨᠠᠯ ᠢ | ᠲᠣᠭᠲᠠᠭᠠᠬᠤ︾᠂ ︽ᠳᠥᠷᠪᠡ ᠶᠢ ᠠᠳᠬᠤᠬᠤ︾ ᠪᠣᠯ ︽ᠲᠥᠰᠥᠪᠯᠡᠯ ᠢ ᠠᠳᠬᠤᠬᠤ᠂ ᠳᠠᠭᠠᠭᠠᠴᠢᠯᠠᠯᠲᠠ | ᠵᠠᠷᠯᠠᠬᠤ ᠶᠢ ᠠᠳᠬᠤᠬᠤ᠂ ᠰᠢᠯᠭᠠᠨ ᠠᠪᠬᠤ ᠶᠢ ᠠᠳᠬᠤᠬᠤ᠂ ᠬᠠᠮᠢᠶᠠᠷᠤᠨ ᠬᠠᠮᠠᠭᠠᠯᠠᠬᠤ ᠶᠢ ᠠᠳᠬᠤᠬᠤ︾᠂ ︽ | ᠭᠤᠷᠪᠠ ᠶᠢ ᠪᠠᠲᠤᠯᠠᠬᠤ︾ ᠪᠣᠯ ︽ᠪᠡᠯᠡ ᠮᠥᠩᠭᠦᠨ ᠤ ᠪᠠᠲᠤᠯᠠᠭ᠎ᠠ᠂ ᠶᠠᠰᠤ ᠴᠢᠨᠠᠷ ᠤᠨ ᠪᠠᠲᠤᠯᠠᠭ᠎ᠠ᠂ | ᠲᠣᠭᠲᠠᠴᠠ ᠶᠢᠨ ᠪᠠᠲᠤᠯᠠᠭ᠎ᠠ︾ ᠪᠣᠯᠣᠨ᠎ᠠ᠃ | ︵ᠨᠢᠭᠡ︶ ᠳᠥᠷᠪᠡ ᠶᠢ ᠲᠣᠭᠲᠠᠭᠠᠬᠤ᠃ ᠨᠢᠭᠡ ᠳᠤ ᠪᠠᠷᠢᠮᠵᠢᠶ᠎ᠠ ᠶᠢ ᠲᠣᠭᠲᠠᠭᠠᠬᠤ᠂ ᠲᠤᠬᠠᠶᠢᠯᠠᠪᠠᠯ ︽ | ᠨᠥᠬᠦᠪᠦᠷᠢ ᠥᠭᠬᠦ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ︾᠂ ᠨᠢᠭᠡᠳᠦᠯᠲᠡᠢ ᠲᠥᠯᠥᠪᠯᠡᠬᠦ ᠪᠡᠯᠡ ᠮᠥᠩᠭᠦᠨ ᠤ | ᠠᠷᠭ᠎ᠠ ᠵᠠᠮ ᠢ ᠲᠣᠳᠣᠷᠬᠠᠶᠢᠯᠠᠨ᠂ ᠬᠤᠲᠠ ᠰᠢᠶᠠᠨ ᠤ ᠢᠵᠢ ᠲᠥᠬᠦᠷ ᠬᠠᠷᠢᠭᠤᠴᠠᠯᠭ᠎ᠠ ᠶᠢ ᠬᠦᠴᠦᠨ ᠦᠭᠡᠢ ᠪᠣᠯᠭᠠᠵᠤ | ᠂ ᠵᠦᠷᠢᠶᠡᠴᠢᠯᠡᠭᠰᠡᠨ ᠨᠥᠬᠦᠪᠦᠷᠢ ᠪᠠ ᠪᠡᠯᠡ ᠴᠤᠭᠯᠠᠭᠤᠯᠤᠨ ᠬᠥᠳᠡᠯᠮᠦᠷᠢ ᠣᠷᠣᠭᠤᠯᠬᠤ ᠶᠢ ᠬᠡᠷᠡᠭᠵᠢᠭᠦᠯᠦᠨ᠂ | ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠪᠠ ᠨᠡᠶᠢᠭᠡᠮ ᠤᠨ ᠬᠥᠷᠥᠩᠭᠡ ᠶᠢ ᠨᠡᠶᠢᠯᠡᠭᠦᠯᠦᠨ᠎ᠡ᠃ ᠬᠤᠶᠠᠷ ᠲᠤ | ᠵᠠᠭᠪᠤᠷ ᠢ ᠲᠣᠭᠲᠠᠭᠠᠬᠤ᠂ ᠲᠤᠬᠠᠶᠢᠯᠠᠪᠠᠯ ︽ᠨᠡᠮᠡᠭᠳᠡᠯ ᠭᠠᠵᠠᠷ ᠤᠨ ᠳᠠᠯᠳᠠ ᠬᠦᠴᠦᠨ ᠢ ᠠᠭᠤᠳᠠᠯᠵᠤ︾᠂ ︽ | ᠭᠤᠷᠪᠠ ᠶᠢ ᠬᠦᠴᠦᠨ ᠦᠭᠡᠢ ᠪᠣᠯᠭᠠᠬᠤ ᠲᠠᠪᠤ ᠶᠢ ᠨᠢᠭᠡᠳᠬᠡᠬᠦ ᠨᠢᠭᠡ ᠶᠢ ᠰᠢᠨᠡᠳᠬᠡᠬᠦ︾ ᠪᠦᠲᠦᠭᠡᠨ | ᠪᠠᠶᠢᠭᠤᠯᠤᠯᠲᠠ ᠶᠢᠨ ᠵᠠᠭᠪᠤᠷ ᠢ ᠲᠣᠳᠣᠷᠬᠠᠢ ᠳᠡᠯᠭᠡᠷᠡᠭᠦᠯᠦᠨ᠂ ︽ᠪᠠᠭ᠎ᠠ ᠲᠠᠷᠢᠶ᠎ᠠ ᠶᠢ ᠶᠡᠭᠡ ᠲᠠᠷᠢᠶ᠎ᠠ ᠪᠣᠯᠭᠠᠬᠤ︾ ᠶᠢ | ᠪᠡᠶᠡᠯᠡᠭᠦᠯᠦᠨ᠎ᠡ᠃ ᠭᠤᠷᠪᠠ ᠳᠤ ᠬᠠᠷᠢᠭᠤᠴᠠᠯᠭ᠎ᠠ ᠶᠢ ᠲᠣᠭᠲᠠᠭᠠᠬᠤ᠂ ᠲᠤᠬᠠᠶᠢᠯᠠᠪᠠᠯ ︽ᠠᠵᠢᠯ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ︾᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠭᠤᠣᠯ | ᠴᠣᠭᠴᠠ ᠪᠣᠯᠭᠠᠬᠤ ᠶᠢ ᠲᠣᠳᠣᠷᠬᠠᠶᠢᠯᠠᠨ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠰᠠᠯᠠᠭ᠎ᠠ ᠮᠥᠴᠢᠷ ᠠᠵᠢᠯ ᠲᠥᠷᠥᠯ ᠢ ᠬᠢᠨᠠᠨ ᠬᠠᠮᠢᠶᠠᠷᠴᠤ᠂ ᠣᠯᠠᠨ ᠲᠦᠮᠡᠨ ᠢ ᠤᠳᠤᠷᠢᠳᠤᠨ | ᠵᠢᠯᠤᠭᠤᠳᠴᠤ ᠣᠷᠣᠯᠴᠠᠭᠤᠯᠤᠨ᠎ᠠ᠃ ᠳᠥᠷᠪᠡ ᠳᠤ ᠱᠠᠩᠨᠠᠯ ᠢ ᠲᠣᠭᠲᠠᠭᠠᠬᠤ᠂ ᠲᠤᠬᠠᠶᠢᠯᠠᠪᠠᠯ ︽ᠱᠠᠩᠨᠠᠬᠤ | ᠲᠣᠭᠲᠠᠴᠠ ᠶᠢ ᠪᠠᠶᠢᠭᠤᠯᠵᠤ︾᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤ ᠵᠢᠯ ᠪᠦᠷᠢ 2000 ᠲᠦᠮᠡᠨ | ᠲᠥᠭᠦᠷᠢᠭ ᠲᠣᠬᠢᠷᠠᠭᠤᠯᠤᠨ᠂ ᠪᠦᠲᠦᠭᠡᠨ ᠪᠠᠶᠢᠭᠤᠯᠤᠭᠰᠠᠨ ᠦᠷ᠎ᠡ ᠪᠦᠲᠦᠮᠵᠢ ᠪᠠᠷ ᠰᠠᠶᠢᠨ ᠬᠤᠰᠢᠭᠤ ᠰᠢᠶᠠᠨ ᠪᠠ | ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠪᠠᠷ ᠰᠠᠶᠢᠨ ᠭᠠᠴᠠᠭ᠎ᠠ ᠲᠣᠰᠬᠤᠨ ᠤ ᠬᠠᠮᠲᠤ ᠨᠡᠶᠢᠲᠡ ᠶᠢ ᠱᠠᠩᠨᠠᠨ᠎ᠠ᠃ | | ︵ᠬᠤᠶᠠᠷ︶ ᠳᠥᠷᠪᠡ ᠶᠢ ᠠᠳᠬᠤᠬᠤ᠃ ᠨᠢᠭᠡ ᠳᠤ ᠲᠥᠰᠥᠪᠯᠡᠯ ᠢ ᠠᠳᠬᠤᠬᠤ᠂ ᠲᠤᠬᠠᠶᠢᠯᠠᠪᠠᠯ ︽ᠡᠮᠦᠨᠡᠬᠢ | ᠬᠤᠭᠤᠴᠠᠭᠠᠨ ᠤ ᠠᠵᠢᠯ ᠢ ᠰᠢᠯᠢᠳᠡᠭᠵᠢᠭᠦᠯᠵᠦ︾᠂ ᠤᠷᠢᠳ ᠢᠶᠠᠷ ᠪᠦᠲᠦᠭᠡᠨ ᠪᠠᠶᠢᠭᠤᠯᠬᠤ ᠳᠠᠷᠠᠭᠠᠯᠠᠯ ᠢ | ᠲᠣᠳᠣᠷᠬᠠᠶᠢᠯᠠᠨ᠂ ᠤᠷᠢᠳᠴᠢᠯᠠᠨ ᠲᠥᠰᠥᠪᠯᠡᠬᠦ ᠶᠢ ᠠᠬᠢᠭᠤᠯᠵᠤ᠂ ︽ᠤᠰᠤ ᠠᠷᠪᠢᠯᠠᠬᠤ ᠶᠢ ᠤᠷᠢᠳ ᠢᠶᠠᠷ | ᠪᠣᠳᠣᠯᠬᠢᠯᠠᠬᠤ︾ ᠶᠢ ᠪᠠᠷᠢᠮᠲᠠᠯᠠᠵᠤ᠂ ᠵᠥᠪᠰᠢᠶᠡᠷᠡᠯ ᠢ ᠬᠢᠨᠠᠨ ᠵᠥᠪᠰᠢᠶᠡᠷᠡᠬᠦ ᠰᠠᠭᠠᠳ ᠦᠭᠡᠢ ᠨᠡᠪᠲᠡᠷᠡᠯ ᠢ ᠨᠡᠭᠡᠭᠡᠵᠦ᠂ | ᠭᠠᠵᠠᠷ ᠰᠣᠩᠭᠤᠬᠤ ᠲᠥᠰᠥᠪᠯᠡᠯ ᠢ ᠲᠣᠰᠬᠤᠨ ᠤ ᠠᠷᠠᠳ ᠤᠨ ᠬᠤᠷᠠᠯ ᠢᠶᠠᠷ ᠬᠢᠨᠠᠨ ᠲᠣᠭᠲᠠᠭᠠᠯᠭᠠᠬᠤ ᠶᠢ ᠱᠠᠭᠠᠷᠳᠠᠨ᠎ᠠ | ᠃ ᠬᠤᠶᠠᠷ ᠲᠤ ᠳᠠᠭᠠᠭᠠᠴᠢᠯᠠᠯᠲᠠ ᠵᠠᠷᠯᠠᠬᠤ ᠶᠢ ᠠᠳᠬᠤᠬᠤ᠂ ᠲᠤᠬᠠᠶᠢᠯᠠᠪᠠᠯ ︽ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠵᠤ︾᠂ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠶᠢᠨ ᠬᠡᠰᠡᠭ ᠤᠨ | ᠳᠣᠣᠷᠠᠳᠤ ᠬᠢᠵᠠᠭᠠᠷ ᠢ ᠲᠣᠳᠣᠷᠬᠠᠶᠢᠯᠠᠨ᠂ ᠡᠯᠧᠺᠳ᠋ᠷᠣᠨ ᠳᠠᠭᠠᠭᠠᠴᠢᠯᠠᠯᠲᠠ ᠵᠠᠷᠯᠠᠬᠤ᠂ ᠣᠨᠳᠣᠣ ᠭᠠᠵᠠᠷ ᠲᠤ | ᠳᠠᠭᠠᠭᠠᠴᠢᠯᠠᠯᠲᠠ ᠦᠨᠡᠯᠡᠬᠦ ᠪᠠ ᠥᠯᠢᠭᠡᠷ ᠬᠡᠪ ᠠᠪᠴᠤ ᠳᠠᠭᠠᠭᠠᠴᠢᠯᠠᠯᠲᠠ ᠵᠠᠷᠯᠠᠬᠤ ᠶᠢ ᠬᠡᠷᠡᠭᠵᠢᠭᠦᠯᠵᠦ᠂ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠲᠤ ᠴᠣᠬᠢᠯᠲᠠ ᠥᠭᠭᠦᠨ᠎ᠡ᠃ ᠭᠤᠷᠪᠠ ᠳᠤ ᠰᠢᠯᠭᠠᠨ | ᠠᠪᠬᠤ ᠶᠢ ᠠᠳᠬᠤᠬᠤ᠂ ᠲᠤᠬᠠᠶᠢᠯᠠᠪᠠᠯ ︽ᠰᠢᠯᠭᠠᠨ ᠠᠪᠴᠤ ᠬᠥᠮᠥᠷᠭᠡᠯᠡᠬᠦ ᠶᠢ ᠵᠢᠷᠤᠮᠵᠢᠭᠤᠯᠵᠤ︾᠂ ᠡᠯ᠎ᠡ | ᠱᠠᠲᠤᠨ ᠤ ᠰᠢᠯᠭᠠᠨ ᠠᠪᠬᠤ ᠬᠠᠷᠢᠴᠠᠯ ᠢ ᠨᠡᠮᠡᠭᠳᠡᠭᠦᠯᠦᠨ᠂ ᠱᠠᠲᠤ ᠬᠤᠪᠢᠶᠠᠨ ᠵᠢᠷᠤᠭᠴᠢᠯᠠᠨ ᠬᠥᠮᠥᠷᠭᠡᠯᠡᠵᠦ᠂ ᠬᠢᠷᠢ | ᠲᠡᠩᠴᠡᠬᠦ ᠦᠭᠡᠢ ᠶᠢ ᠨᠢ ᠬᠤᠰᠢᠭᠤ ᠰᠢᠶᠠᠨ ᠥᠪᠡᠷ ᠢᠶᠠᠨ ᠨᠥᠬᠦᠵᠦ ᠪᠠᠶᠢᠭᠤᠯᠤᠨ᠎ᠠ᠃ ᠳᠥᠷᠪᠡ ᠳᠤ ᠬᠠᠮᠢᠶᠠᠷᠴᠤ | ᠬᠠᠮᠠᠭᠠᠯᠠᠬᠤ ᠶᠢ ᠠᠳᠬᠤᠬᠤ᠂ ᠲᠤᠬᠠᠶᠢᠯᠠᠪᠠᠯ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠶᠡᠷᠦᠩᠬᠡᠢ | ᠬᠠᠷᠢᠭᠤᠴᠠᠯᠭ᠎ᠠ ᠶᠢ ᠡᠭᠦᠷᠭᠡᠯᠡᠬᠦ ᠶᠢ ᠲᠣᠳᠣᠷᠬᠠᠶᠢᠯᠠᠵᠤ᠂ ︽ᠬᠡᠨ ᠬᠡᠷᠡᠭᠯᠡᠪᠡᠯ ᠬᠡᠨ ᠬᠠᠮᠢᠶᠠᠷᠴᠤ ᠬᠠᠮᠠᠭᠠᠯᠠᠨ︾᠂ | ᠬᠠᠮᠢᠶᠠᠷᠴᠤ ᠬᠠᠮᠠᠭᠠᠯᠠᠬᠤ ᠪᠡᠯᠡ ᠮᠥᠩᠭᠦ ᠶᠢ ᠣᠯᠠᠨ ᠬᠡᠯᠪᠡᠷᠢ ᠪᠠᠷ ᠴᠤᠭᠯᠠᠭᠤᠯᠵᠤ᠂ ᠬᠤᠳᠳᠤᠭ ᠤᠨ ᠳᠠᠷᠤᠭ᠎ᠠ ᠶᠢᠨ | ᠳᠦᠷᠢᠮ᠂ ᠲᠠᠷᠢᠶᠠᠨ ᠭᠠᠵᠠᠷ ᠤᠨ ᠳᠠᠷᠤᠭ᠎ᠠ ᠶᠢᠨ ᠳᠦᠷᠢᠮ᠂ ᠴᠠᠬᠢᠯᠭᠠᠨ ᠬᠦᠴᠦᠨ ᠤ ᠪᠡᠯᠡᠳᠬᠡᠮᠵᠢ ᠶᠢ | ᠲᠥᠪᠯᠡᠷᠡᠭᠦᠯᠦᠨ ᠬᠠᠮᠢᠶᠠᠷᠴᠤ ᠬᠠᠮᠠᠭᠠᠯᠠᠬᠤ ᠵᠡᠷᠭᠡ ᠬᠠᠮᠢᠶᠠᠷᠴᠤ ᠬᠠᠮᠠᠭᠠᠯᠠᠬᠤ ᠵᠠᠭᠪᠤᠷ ᠤᠳ ᠢ ᠳᠡᠯᠭᠡᠷᠡᠭᠦᠯᠦᠨ᠎ᠡ᠃ | ︵ᠭᠤᠷᠪᠠ︶ ᠭᠤᠷᠪᠠᠨ ᠪᠠᠲᠤᠯᠠᠭ᠎ᠠ᠃ ᠨᠢᠭᠡ ᠳᠤ ᠪᠡᠯᠡ ᠮᠥᠩᠭᠦᠨ ᠤ ᠪᠠᠲᠤᠯᠠᠭ᠎ᠠ᠂ ᠳᠠᠷᠤᠢ ︽ᠪᠡᠯᠡ | ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ︾᠂ ᠲᠥᠰᠥᠯ ᠤᠨ ᠪᠡᠯᠡ ᠣᠷᠣᠭᠤᠯᠤᠯᠲᠠ ᠶᠢ ︽ᠨᠢᠭᠡ ᠭᠠᠵᠠᠷ ᠢ | ᠨᠢᠭᠡ ᠵᠥᠪᠯᠡᠵᠦ︾᠂ ᠠᠷᠭ᠎ᠠ ᠬᠡᠮᠵᠢᠶᠡᠨ ᠤ ᠲᠣᠬᠢᠷᠠᠭᠤᠯᠤᠯᠲᠠ ᠳᠤ ︽ᠶᠠᠭᠤ ᠳᠤᠲᠠᠪᠠᠯ ᠶᠠᠭᠤ ᠶᠢ ᠨᠥᠬᠦᠪᠦᠷᠢᠯᠡᠵᠦ︾ | ᠂ ᠲᠤᠰᠠᠭᠠᠷ ᠵᠠᠷᠤᠳᠠᠯ ᠤᠨ ᠳᠡᠭᠡᠳᠦ ᠬᠢᠵᠠᠭᠠᠷ ᠢ ᠴᠢᠩᠭ᠎ᠠ ᠡᠵᠡᠮᠳᠡᠨ᠂ ᠠᠬᠢᠴᠠ ᠶᠢᠨ ᠶᠣᠰᠣᠭᠠᠷ ᠪᠠᠷᠢᠯᠭ᠎ᠠ ᠶᠢᠨ | ᠵᠣᠭᠤᠰ ᠢ ᠱᠠᠲᠤ ᠬᠤᠪᠢᠶᠠᠨ ᠥᠭᠭᠦᠨ᠎ᠡ᠃ ᠬᠤᠶᠠᠷ ᠲᠤ ᠶᠠᠰᠤ ᠴᠢᠨᠠᠷ ᠤᠨ ᠪᠠᠲᠤᠯᠠᠭ᠎ᠠ᠂ ᠲᠤᠬᠠᠶᠢᠯᠠᠪᠠᠯ ︽ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠵᠤ︾᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ᠂ ᠠᠵᠢᠯ | ᠲᠥᠷᠥᠯ ᠤᠨ ᠥᠪᠡᠷ ᠤᠨ ᠱᠠᠭᠠᠷᠳᠠᠯᠭ᠎ᠠ ᠪᠠ ᠣᠯᠠᠨ ᠲᠦᠮᠡᠨ ᠤ ᠬᠢᠨᠠᠯᠲᠠ ᠲᠠᠯᠪᠢᠯᠲᠠ ᠪᠠᠷ ᠳᠠᠮᠵᠢᠭᠤᠯᠤᠨ ︽ | ᠨᠢᠭᠡ ᠶᠢ ᠪᠠᠶᠢᠭᠤᠯᠪᠠᠯ ᠨᠢᠭᠡ ᠶᠢ ᠪᠦᠲᠦᠭᠡᠨ᠎ᠡ︾᠃ ᠭᠤᠷᠪᠠ ᠳᠤ ᠲᠣᠭᠲᠠᠴᠠ ᠶᠢᠨ ᠪᠠᠲᠤᠯᠠᠭ᠎ᠠ᠂ ᠲᠤᠬᠠᠶᠢᠯᠠᠪᠠᠯ ︽ | ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠵᠦ︾᠂ ᠲᠠᠷᠢᠶᠠᠨ ᠭᠠᠵᠠᠷ ᠲᠤ ᠴᠠᠬᠢᠯᠭᠠᠨ ᠬᠠᠩᠭᠠᠬᠤ | ᠢᠨᠵᠧᠨᠧᠷᠢᠩ ᠤᠨ ︽ᠪᠠᠶᠢᠭᠤᠯᠬᠤ ᠬᠠᠮᠢᠶᠠᠷᠬᠤ ᠡᠵᠡᠩᠨᠡᠬᠦ︾ ᠶᠢ ᠨᠢᠭᠡ ᠴᠣᠭᠴᠠᠵᠢᠭᠤᠯᠬᠤ ᠶᠢ ᠳᠡᠯᠭᠡᠷᠡᠭᠦᠯᠵᠦ᠂ ᠠᠵᠢᠯ | ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠦᠨ᠂ ︽ᠤᠷᠢᠳ ᠢᠶᠠᠷ ᠪᠠᠶᠢᠭᠤᠯᠵᠤ ᠳᠠᠷᠠᠭ᠎ᠠ ᠨᠢ | ᠨᠥᠬᠦᠪᠦᠷᠢᠯᠡᠬᠦ︾ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠯᠭᠡᠷᠡᠭᠦᠯᠵᠦ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠤᠨ | ᠣᠯᠠᠰᠢᠷᠠᠬᠤ ᠶᠢ ᠠᠬᠢᠭᠤᠯᠤᠨ᠎ᠠ᠃ | ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ | ︾ ᠢ ᠵᠡᠷᠭᠡ ᠳᠤ ᠨᠢ ᠬᠦᠴᠦᠨ ᠦᠭᠡᠢ ᠪᠣᠯᠭᠠᠨ᠎ᠠ᠃ |