ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠣᠷᠣᠨ ᠳᠤ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢ ᠬᠡᠷᠡᠭᠵᠢᠭᠦᠯᠬᠦ ᠲᠤᠬᠠᠶ ᠵᠠᠷᠯᠢᠭ
ᠨᠡᠶᠢᠲᠡᠯᠡᠭᠰᠡᠨ ᠴᠠᠭ᠄
2024/7/2
ᠰᠢᠯᠣᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠣᠷᠣᠨ ᠳᠤ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢ ᠬᠡᠷᠡᠭᠵᠢᠭᠦᠯᠬᠦ ᠲᠤᠬᠠᠶ ᠵᠠᠷᠯᠢᠭ    ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠠᠮᠢᠶ᠎ᠠ ᠪᠥᠬᠦᠶ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄    ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠡᠷᠡᠰ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠢ ᠦᠨᠳᠦᠰᠦᠯᠡᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ 3 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠬᠠᠮᠢᠶᠠᠷᠤᠯᠲᠠ ᠶᠢᠨ ᠬᠤᠭᠤᠴᠠᠭᠠᠨ ᠳᠤ ᠣᠷᠣᠭᠤᠯᠬᠤ ᠪᠠᠷ ᠲᠣᠭᠲᠠᠪᠠ᠂ ᠡᠳᠦᠭᠡ ᠳᠣᠤᠷᠠᠬᠢ ᠮᠡᠲᠦ ᠵᠠᠷᠯᠢᠭ ᠨᠡᠶᠢᠲᠡᠯᠡᠪᠡ᠄    ᠨᠢᠭᠡ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ    ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠴᠢᠩᠭ᠎ᠠ ᠵᠠᠬᠢᠷᠤᠨ ᠬᠠᠮᠢᠶᠠᠷᠬᠤ ᠬᠤᠭᠤᠴᠠᠭ᠎ᠠ᠄ 2024 ᠣᠨ ᠤ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠪᠣᠯᠲᠠᠯ᠎ᠠ᠃    ᠬᠤᠶᠠᠷ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠣᠷᠣᠨ ᠪᠦᠰᠡ    ᠡᠯ᠎ᠡ ᠰᠤᠮᠤ ᠪᠠᠯᠭᠠᠰᠤᠨ ᠤ ᠬᠤᠲᠠ ᠶᠢᠨ ᠲᠣᠭᠤᠷᠢᠭ ᠠᠴᠠ ᠭᠠᠳᠠᠨ᠎ᠠ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠥᠬᠦ ᠬᠢᠵᠠᠭᠠᠷ ᠨᠢ ᠴᠥᠮ ᠭᠠᠯ ᠰᠡᠷᠭᠡᠶᠢᠯᠡᠬᠦ ᠴᠢᠩᠭ᠎ᠠ ᠬᠠᠮᠢᠶᠠᠷᠤᠯᠲᠠ ᠶᠢᠨ ᠲᠣᠭᠤᠷᠢᠭ ᠪᠣᠯᠤᠨ᠎ᠠ᠃    ᠭᠤᠷᠪᠠ᠂ ᠬᠠᠮᠢᠶ᠎ᠠ ᠪᠦᠬᠦᠢ ᠱᠠᠭᠠᠷᠳᠠᠯᠭ᠎ᠠ    ︵ᠨᠢᠭᠡ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠰᠢᠭᠤᠶᠢᠲᠤ ᠣᠷᠣᠨ ᠨᠤᠲᠤᠭ ᠪᠡᠯᠴᠢᠭᠡᠷ ᠤᠨ ᠠᠯᠢᠪᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠭᠡᠵᠦ ᠮᠡᠳᠡᠬᠦ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠭᠠᠯ ᠢ ᠴᠢᠩᠭ᠎ᠠ ᠬᠠᠮᠢᠶᠠᠷᠴᠤ᠂ ᠦᠢᠯᠡᠳᠪᠦᠷᠢᠯᠡᠯ ᠵᠡᠷᠭᠡ ᠣᠨᠴᠣᠭᠤᠶ ᠪᠠᠶᠢᠳᠠᠯ ᠠᠴᠠ ᠪᠣᠯᠵᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠴᠢᠬᠤᠯᠠᠲᠠᠶ ᠪᠠᠶᠢᠪᠠᠯ᠂ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠵᠥᠪᠰᠢᠶᠡᠷᠡᠯ ᠢᠶᠠᠷ᠂ ᠳᠥᠷᠪᠡᠳᠦᠭᠡᠷ ᠳᠡᠰ ᠠᠴᠠ ᠳᠣᠷᠣᠭᠰᠢ ᠰᠠᠯᠬᠢᠯᠠᠭᠰᠠᠨ ᠴᠠᠭ ᠠᠭᠤᠷ ᠲᠤ ᠭᠠᠯ ᠬᠡᠷᠡᠭᠯᠡᠬᠦ ᠶᠢᠨ ᠬᠠᠮᠲᠤ ᠵᠣᠬᠢᠴᠠᠩᠭᠤᠶ ᠪᠦᠬᠦᠢ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃    ︵ᠬᠤᠶᠠᠷ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠰᠢᠭᠤᠶᠢᠲᠤ ᠣᠷᠣᠨ ᠤ ᠨᠤᠲᠤᠭ ᠪᠡᠯᠴᠢᠭᠡᠷ ᠲᠤ ᠬᠤᠭ ᠨᠣᠪᠰᠢ ᠰᠢᠲᠠᠭᠠᠬᠤ᠂ ᠲᠡᠵᠢᠭᠡᠯ ᠡᠪᠡᠰᠦ ᠰᠢᠲᠠᠭᠠᠬᠤ᠂ ᠲᠠᠮᠠᠬᠢ ᠲᠠᠲᠠᠬᠤ᠂ ᠴᠠᠭᠠᠰᠤ ᠰᠢᠲᠠᠭᠠᠬᠤ᠂ ᠬᠦᠵᠢ ᠠᠰᠠᠭᠠᠬᠤ᠂ ᠭᠠᠯ ᠰᠢᠷᠠᠬᠤ᠂ ᠬᠡᠭᠡᠷ᠎ᠡ ᠬᠤᠭᠤᠯᠠᠯᠠᠬᠤ ᠵᠢᠴᠢ ᠬᠤᠸᠠᠷ ᠫᠤᠤᠵᠢᠩ᠂ ᠺᠦᠩ ᠮᠢᠩ ᠳ᠋ᠧᠩ ᠲᠠᠯᠪᠢᠬᠤ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠴᠠᠭᠠᠵᠠᠯᠠᠵᠤ᠂ ᠡᠯ᠎ᠡ ᠰᠤᠮᠤ ᠪᠠᠯᠭᠠᠰᠤ ᠲᠣᠭᠤᠷᠢᠨ ᠬᠠᠮᠠᠭᠠᠯᠠᠬᠤ ᠨᠢᠭᠲᠠᠴᠠ ᠪᠠ ᠤᠳᠠᠭ᠎ᠠ ᠪᠠᠨ ᠨᠡᠮᠡᠭᠳᠡᠭᠦᠯᠵᠦ᠂ ᠬᠠᠤᠯᠢ ᠪᠤᠰᠤ ᠪᠠᠷ ᠬᠡᠭᠡᠷ᠎ᠡ ᠭᠠᠳᠠᠨ᠎ᠠ ᠭᠠᠯ ᠬᠡᠷᠡᠭᠯᠡᠬᠦ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠰᠢᠭᠤᠶᠢᠲᠤ ᠣᠷᠣᠨ ᠤ ᠨᠤᠲᠤᠭ ᠪᠡᠯᠴᠢᠭᠡᠷ ᠲᠤ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠭᠠᠯ ᠰᠡᠷᠭᠡᠶᠢᠯᠡᠬᠦ ᠲᠣᠨᠣᠭᠯᠠᠯ ᠤᠭᠰᠠᠷᠠᠭ᠎ᠠ ᠦᠭᠡᠶ ᠮᠠᠰᠢᠨᠲᠤ ᠲᠡᠷᠭᠡ ᠬᠥᠰᠬᠡ ᠶᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠳᠤ ᠶᠠᠪᠤᠭᠤᠯᠬᠤ ᠪᠠ ᠠᠵᠢᠯᠯᠠᠭᠤᠯᠬᠤ ᠶᠢ ᠴᠢᠩᠭ᠎ᠠ ᠴᠠᠭᠠᠵᠠᠯᠠᠵᠤ᠂ ᠭᠠᠯ ᠤᠨ ᠠᠶᠤᠯ ᠤᠨ ᠳᠠᠯᠳᠠ ᠭᠡᠮ ᠢ ᠡᠷᠡᠰ ᠠᠷᠢᠯᠭᠠᠬᠤ ᠬᠡᠷᠡᠭᠲᠡᠶ᠃    ︵ᠭᠤᠷᠪᠠ︶ ᠴᠢᠩᠭ᠎ᠠ ᠰᠡᠷᠭᠡᠶᠢᠯᠡᠨ ᠬᠠᠮᠢᠶᠠᠷᠤᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ᠠᠭᠤᠯᠠ ᠶᠢ ᠴᠡᠪᠡᠷᠯᠡᠬᠦ᠂ ᠭᠤᠤ ᠶᠢ ᠴᠡᠪᠡᠷᠯᠡᠬᠦ᠂ ᠣᠶ ᠰᠢᠭᠤᠶ ᠶᠢ ᠴᠡᠪᠡᠷᠯᠡᠬᠦ ᠠᠵᠢᠯ ᠢ ᠴᠠᠭ ᠲᠤᠬᠠᠶ ᠳᠤᠨᠢ ᠥᠷᠨᠢᠭᠦᠯᠵᠦ᠂ ᠴᠢᠩᠭ᠎ᠠ ᠰᠡᠷᠭᠡᠶᠢᠯᠡᠨ ᠵᠠᠬᠢᠷᠤᠨ ᠬᠠᠮᠢᠶᠠᠷᠬᠤ ᠣᠷᠣᠨ ᠳᠤ ᠳᠤᠷ᠎ᠠ ᠪᠠᠷ ᠢᠶᠠᠨ ᠤᠷᠤᠭᠰᠠᠨ ᠰᠤᠯᠠ ᠬᠥᠮᠦᠰ ᠢ ᠲᠦᠢᠯᠪᠤᠷᠢᠲᠠᠶ ᠴᠡᠪᠡᠷᠯᠡᠬᠦ ᠬᠡᠷᠡᠭᠲᠡᠶ᠃ ᠬᠠᠮᠢᠶᠠᠷᠤᠯᠲᠠ ᠶᠢ ᠳᠠᠭᠠᠬᠤ ᠦᠭᠡᠶ ᠪᠤᠶᠤ ᠵᠣᠷᠢᠭᠤᠳᠠ ᠵᠥᠷᠢᠴᠡᠭᠰᠡᠳ ᠢ ᠴᠥᠮ ᠲᠣᠭᠲᠠᠭᠠᠯ ᠶᠣᠰᠣᠭᠠᠷ ᠴᠢᠩᠭ᠎ᠠ ᠰᠢᠳᠬᠡᠨ ᠲᠣᠷᠭᠠᠵᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠶ᠃    ︵ᠲᠦᠷᠪᠡ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠭᠠᠯ ᠤᠨᠲᠠᠷᠠᠭᠠᠬᠤ ᠡᠩᠨᠡᠭᠡ ᠵᠢᠴᠢ ᠥᠷᠭᠡᠨ ᠣᠯᠠᠨ ᠺᠠᠳ᠋ᠷ ᠣᠯᠠᠨ ᠲᠦᠮᠡᠨ ᠪᠠ ᠭᠠᠳᠠᠨ᠎ᠠ ᠠᠴᠠ ᠢᠷᠡᠭᠰᠡᠨ ᠬᠥᠮᠦᠰ ᠤᠨ ᠰᠢᠭᠤᠶᠢᠲᠤ ᠣᠷᠣᠨ ᠨᠤᠲᠤᠭ ᠪᠡᠯᠴᠢᠭᠡᠷ ᠤᠨ ᠳᠣᠲᠣᠷᠠᠬᠢ ᠠᠯᠢᠪᠠ ᠠᠵᠢᠯᠯᠠᠭ᠎ᠠ ᠨᠢ ᠡᠷᠬᠡᠪᠰᠢ ᠭᠠᠯ ᠰᠡᠷᠭᠡᠶᠢᠯᠡᠬᠦ ᠠᠵᠢᠯ ᠤᠨ ᠶᠡᠭᠡ ᠲᠠᠯ᠎ᠠ ᠶᠢ ᠳᠠᠭᠠᠵᠤ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠨᠢᠭᠡᠳᠦᠯᠲᠡᠶ ᠲᠣᠬᠢᠷᠠᠭᠤᠯᠤᠯᠲᠠ ᠶᠢ ᠳᠠᠭᠠᠬᠤ ᠬᠡᠷᠡᠭᠲᠡᠶ᠃ ᠶᠠᠮᠠᠷᠪᠠ ᠨᠢᠭᠡᠴᠡ ᠪᠠ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠣᠯᠵᠤ ᠮᠡᠳᠡᠪᠡᠯ᠂ ᠳᠠᠷᠦ᠋ᠢᠬᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠲᠦᠭᠰᠢᠭᠦᠷᠢ ᠮᠡᠳᠡᠭᠡᠯᠡᠬᠦ ᠤᠲᠠᠰᠤ ᠶᠢ ᠤᠲᠠᠰᠤᠳᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠲᠦᠭᠰᠢᠭᠦᠷᠢ ᠮᠡᠳᠡᠭᠦᠯᠦᠭᠰᠡᠨ ᠤ ᠳᠠᠷᠠᠭ᠎ᠠ ᠴᠠᠭ ᠲᠤᠬᠠᠶ ᠳᠤᠨᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠵᠣᠬᠢᠴᠠᠩᠭᠤᠶ ᠠᠷᠭ᠎ᠠ ᠬᠡᠮᠵᠢᠶ᠎ᠡ ᠠᠪᠴᠤ ᠬᠠᠮᠢᠶ᠎ᠠ ᠪᠥᠬᠦᠶ ᠨᠢᠭᠡᠴᠡ᠂ ᠬᠥᠮᠦᠰ ᠢ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠬᠡᠷᠡᠭᠲᠡᠶ᠃    ︵ᠲᠠᠪᠤ︶ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠭᠠᠯ ᠰᠡᠷᠭᠡᠶᠢᠯᠡᠬᠦ ᠠᠵᠢᠯ ᠢ ᠣᠳᠣᠬᠠᠨ ᠤ ᠠᠵᠢᠯ ᠤᠨ ᠢᠶᠠᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠵᠠᠰᠠᠭ ᠵᠠᠬᠢᠷᠭᠠᠨ ᠤ ︽ᠨᠢᠭᠡᠳᠦᠭᠡᠷ ᠭᠠᠷ︾ ᠤᠨ ᠬᠠᠷᠢᠭᠤᠴᠠᠯᠭ᠎ᠠ ᠶᠢᠨ ᠲᠦᠷᠢᠮ ᠢᠶᠠᠷ ᠭᠤᠤᠯ ᠪᠣᠯᠭᠠᠭᠰᠠᠨ ᠡᠯ᠎ᠡ ᠵᠦᠢᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠡᠯ᠎ᠡ ᠵᠦᠢᠯ ᠤᠨ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠬᠠᠮᠢᠶᠠᠷᠤᠨ ᠡᠵᠡᠮᠳᠡᠬᠦ ᠣᠷᠣᠨ ᠪᠠ ᠭᠠᠯ ᠰᠡᠷᠭᠡᠶᠢᠯᠡᠬᠦ ᠠᠵᠢᠯ ᠤᠨ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠬᠡᠷᠡᠭᠲᠡᠶ᠃ ᠭᠤᠤᠯ ᠤᠳᠤᠷᠢᠳᠤᠯᠭ᠎ᠠ ᠭᠠᠯ ᠰᠡᠷᠭᠡᠶᠢᠯᠡᠬᠦ ᠠᠵᠢᠯ ᠢ ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠪᠡᠶ᠎ᠡ ᠪᠠᠷ ᠢᠶᠠᠨ ᠰᠢᠮᠳᠠᠭᠤᠯᠤᠨ ᠪᠠᠶᠢᠴᠠᠭᠠᠵᠤ᠂ ᠭᠠᠯ ᠲᠦᠢᠮᠡᠷ ᠭᠠᠷᠪᠠᠯ ᠪᠡᠶ᠎ᠡ ᠪᠠᠷ ᠢᠶᠠᠨ ᠨᠢᠭᠡᠳᠦᠭᠡᠷ ᠹᠷᠣᠨᠲ ᠲᠤ ᠬᠦᠷᠴᠦ ᠭᠠᠯ ᠲᠦᠢᠮᠡᠷ ᠢ ᠳᠠᠷᠤᠵᠤ ᠤᠨᠲᠠᠷᠠᠭᠠᠬᠤ ᠶᠢ ᠵᠢᠯᠣᠭᠤᠳᠬᠤ ᠬᠡᠷᠡᠭᠲᠡᠶ᠃     ︵ᠵᠢᠷᠭᠤᠭ᠎ᠠ︶ ᠡᠯ᠎ᠡ ᠰᠤᠮᠤ ᠪᠠᠯᠭᠠᠰᠤ ᠨᠢ ᠭᠠᠯ ᠲᠦᠢᠮᠡᠷ ᠤᠨ ᠪᠠᠶᠢᠳᠠᠯ ᠢ ᠪᠥᠬᠦ ᠲᠠᠯ᠎ᠠ ᠪᠠᠷ ᠬᠢᠨᠠᠨ ᠬᠡᠮᠵᠢᠵᠦ᠂ ᠭᠠᠯ ᠲᠦᠢᠮᠡᠷ ᠤᠨ ᠪᠠᠶᠢᠳᠠᠯ ᠪᠠ ᠬᠥᠭᠵᠢᠯᠲᠡ ᠶᠢᠨ ᠪᠠᠶᠢᠳᠠᠯ ᠢ ᠴᠠᠭ ᠢᠮᠠᠭᠲᠠ ᠡᠵᠡᠮᠰᠢᠵᠦ᠂ ᠭᠠᠯ ᠤᠨᠲᠠᠷᠠᠭᠠᠬᠤ ᠶᠡᠭᠡ ᠠᠩᠭᠢ᠂ ᠬᠠᠭᠠᠰ ᠲᠤᠰᠬᠠᠶ ᠭᠠᠯ ᠤᠨᠲᠠᠷᠠᠭᠠᠬᠤ ᠠᠩᠭᠢ ᠪᠥᠬᠦ ᠲᠠᠯ᠎ᠠ ᠪᠠᠷ ᠪᠠᠶᠢᠯᠳᠤᠭᠠᠨ ᠤ ᠡᠮᠦᠨᠡᠬᠢ ᠪᠠᠶᠢᠳᠠᠯ ᠳᠤ ᠣᠷᠣᠵᠤ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠭᠠᠯ ᠤᠨᠲᠠᠷᠠᠭᠠᠬᠤ ᠮᠠᠰᠢᠨ ᠪᠠᠭᠠᠵᠢ ᠪᠠ ᠲᠣᠨᠤᠭ ᠲᠥᠬᠦᠭᠡᠷᠦᠮᠵᠢ ᠪᠠᠨ ᠰᠠᠶᠢᠲᠤᠷ ᠰᠡᠯᠪᠢᠨ ᠵᠠᠰᠠᠵᠤ᠂ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠦᠳᠲᠡᠷ ᠲᠦᠷᠭᠡᠨ ᠲᠤᠰᠬᠠᠯ ᠭᠠᠷᠭᠠᠵᠤ᠂ ᠲᠦᠷᠭᠡᠨ ᠳᠠᠭᠠᠷᠢᠯᠲᠠ ᠬᠢᠵᠦ᠂ ᠰᠢᠨᠵᠢᠯᠡᠬᠦ ᠤᠬᠠᠭᠠᠨᠴᠢ ᠪᠠᠷ ᠵᠢᠯᠣᠭᠤᠳᠴᠤ᠂ ᠬᠦᠨᠳᠦ ᠴᠡᠷᠢᠭ ᠢᠶᠠᠷ ᠭᠠᠯ ᠤᠨᠲᠠᠷᠠᠭᠠᠵᠤ᠂ ᠭᠠᠯ ᠲᠦᠢᠮᠡᠷ ᠤᠨ ᠬᠤᠬᠢᠷᠠᠯ ᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠬᠡᠷᠡᠭᠲᠡᠶ᠃ ᠭᠠᠯ ᠤᠨᠲᠠᠷᠠᠭᠠᠬᠤ ᠶᠠᠪᠤᠴᠠ ᠳᠤ ᠣᠶ ᠰᠢᠭᠤᠶ ᠶᠢᠨ ᠰᠡᠷᠭᠡᠶᠢᠯᠡᠯᠲᠡ ᠭᠡᠳᠡᠭ ᠨᠢ ᠪᠦᠷᠢᠯᠳᠦᠬᠦᠨ ᠨᠢᠭᠡᠴᠡ ᠨᠦᠭᠦᠳ ᠨᠢᠭᠲᠠ ᠬᠠᠮᠵᠢᠯᠴᠠᠨ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰᠠᠯᠠᠬᠤ ᠪᠠ ᠦᠢᠯᠡᠴᠢᠯᠡᠬᠦ ᠠᠵᠢᠯ ᠢ ᠴᠠᠭ ᠲᠤᠬᠠᠶ ᠳᠤᠨᠢ ᠰᠠᠶᠢᠲᠤᠷ ᠬᠢᠬᠦ ᠬᠡᠷᠡᠭᠲᠡᠶ᠃    ︵ᠳᠤᠯᠤᠭ᠎ᠠ︶ ᠡᠯ᠎ᠡ ᠰᠤᠮᠤ ᠪᠠᠯᠭᠠᠰᠤ᠂ ᠬᠤᠰᠢᠭᠤ ᠣᠶ ᠰᠢᠭᠤᠶ ᠶᠢᠨ ᠰᠡᠷᠭᠡᠶᠢᠯᠡᠯᠲᠡ ᠨᠢ ᠡᠯ᠎ᠡ ᠪᠦᠷᠢᠯᠳᠦᠬᠦᠨ ᠨᠢᠭᠡᠴᠡ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠳᠠᠭᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢ ᠠᠴᠠ ᠪᠠᠨ ᠰᠠᠯᠬᠤ᠂ ᠠᠵᠢᠯ ᠤᠨ ᠪᠠᠶᠢᠷᠢ ᠠᠴᠠ ᠪᠠᠨ ᠬᠤᠴᠣᠷᠬᠤ᠂ ᠳᠤᠷ᠎ᠠ ᠪᠠᠷ ᠢᠶᠠᠨ ᠠᠵᠢᠯ ᠤᠨ ᠪᠠᠶᠢᠷᠢ ᠠᠴᠠ ᠪᠠᠨ ᠰᠠᠯᠬᠤ ᠵᠡᠷᠭᠡ ᠪᠠᠶᠢᠳᠠᠯ ᠭᠠᠷᠬᠤ ᠶᠢ ᠴᠢᠩᠭ᠎ᠠ ᠴᠠᠭᠠᠵᠠᠯᠠᠵᠤ᠂ ᠵᠠᠰᠠᠭ ᠤᠨ ᠵᠠᠷᠯᠢᠭ ᠪᠠ ᠭᠠᠯ ᠤᠨ ᠪᠠᠶᠢᠳᠠᠯ ᠤᠨ ᠮᠡᠳᠡᠭᠡ ᠵᠠᠩᠭᠢ ᠳᠠᠮᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠴᠢᠩᠭᠠᠷᠠᠭᠤᠯᠤᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠲᠣᠭᠲᠠᠭᠠᠯ ᠶᠣᠰᠣᠭᠠᠷ ᠱᠠᠲᠤ ᠱᠠᠲᠤ ᠪᠠᠷ ᠰᠢᠰᠲ᠋ᠧᠮᠵᠢᠭᠦᠯᠦᠨ ᠳᠡᠭᠡᠭᠰᠢ ᠮᠡᠳᠡᠭᠦᠯᠬᠦ ᠬᠡᠷᠡᠭᠲᠡᠶ᠂ ᠬᠤᠶᠢᠰᠢᠯᠠᠭᠤᠯᠤᠨ ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠶ᠂ ᠬᠤᠳᠠᠯ ᠢᠶᠠᠷ ᠮᠡᠳᠡᠭᠦᠯᠬᠦ ᠴᠢᠨᠠᠭᠰᠢᠯᠠᠪᠠᠯ ᠮᠡᠳᠡᠭᠦᠯᠬᠦ ᠦᠭᠡᠶ ᠪᠠᠶᠢᠵᠤ ᠪᠣᠯᠬᠤ ᠦᠭᠡᠶ᠃ ᠶᠠᠮᠠᠷᠪᠠ ᠨᠢᠭᠡᠴᠡ ᠪᠠ ᠬᠤᠪᠢ ᠬᠥᠮᠦᠨ ᠭᠠᠷ ᠤᠲᠠᠰᠤᠨ ᠤ ᠣᠬᠤᠷ ᠮᠡᠳᠡᠭᠡ᠂ ᠸᠢᠴᠠᠲ᠂ ᠪᠢᠴᠢᠯ ᠪᠯᠤᠭ ᠢᠶᠠᠷ ᠳᠤᠷ᠎ᠠ ᠪᠠᠷ ᠢᠶᠠᠨ ᠬᠤᠳᠠᠯ ᠬᠠᠭᠤᠷᠮᠠᠭ ᠮᠡᠳᠡᠭᠡ ᠵᠠᠩᠭᠢ ᠤᠯᠠᠮᠵᠢᠯᠠᠬᠤ ᠶᠢ ᠴᠢᠩᠭ᠎ᠠ ᠴᠠᠭᠠᠵᠠᠯᠠᠵᠤ᠂ ᠣᠯᠵᠤ ᠮᠡᠳᠡᠪᠡᠯ ᠴᠢᠩᠭ᠎ᠠ ᠰᠢᠶ᠋ᠳᠪᠦᠷᠢᠯᠡᠬᠦ ᠬᠡᠷᠡᠭᠲᠡᠶ᠃ ᠤᠬᠠᠭᠤᠯᠬᠤ ᠵᠠᠭᠤᠴᠢᠯᠠᠭᠤᠷ ᠤᠳ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠰᠣᠨᠢᠨ ᠮᠡᠳᠡᠭᠡᠨ ᠤ ᠮᠡᠳᠡᠭᠡᠯᠡᠯ ᠤᠨ ᠲᠣᠭᠲᠠᠭᠠᠯ ᠢ ᠴᠢᠩᠭ᠎ᠠ ᠵᠢᠷᠤᠮᠯᠠᠵᠤ᠂ ᠤᠬᠠᠭᠤᠯᠤᠨ ᠮᠡᠳᠡᠭᠡᠯᠡᠬᠦ ᠣᠨᠣᠪᠴᠢᠲᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃    ︵ᠨᠠᠢᠮᠠ︶ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠬᠡᠷᠡᠭ ᠢ ᠪᠠᠶᠢᠴᠠᠭᠠᠨ ᠰᠢᠶ᠋ᠳᠪᠦᠷᠢᠯᠡᠬᠦ ᠡᠭᠦᠷᠭᠡ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠭᠠᠯ ᠲᠦᠢᠮᠡᠷ ᠤᠨ ᠬᠡᠷᠡᠭ ᠢ ᠳᠠᠷᠦ᠋ᠢᠬᠠᠨ ᠪᠠᠶᠢᠴᠠᠭᠠᠨ ᠰᠢᠶ᠋ᠳᠪᠦᠷᠢᠯᠡᠵᠦ᠂ ᠬᠡᠷᠡᠭ ᠢ ᠴᠢᠩᠭ᠎ᠠ ᠰᠢᠶ᠋ᠳᠪᠦᠷᠢᠯᠡᠵᠦ ᠳᠠᠭᠤᠰᠬᠠᠬᠤ ᠬᠡᠷᠡᠭᠲᠡᠶ᠃ ᠭᠠᠯ ᠤᠨ ᠠᠶᠤᠯ ᠤᠨ ᠬᠡᠷᠡᠭ ᠢ ᠪᠠᠶᠢᠴᠠᠭᠠᠨ ᠲᠣᠳᠣᠯᠠᠬᠤ ᠦᠭᠡᠶ ᠪᠣᠯ ᠲᠠᠯᠪᠢᠵᠤ ᠶᠠᠪᠤᠭᠤᠯᠬᠤ ᠦᠭᠡᠶ᠂ ᠠᠳᠡᠯ ᠤᠨ ᠬᠠᠷᠢᠭᠤᠴᠠᠯᠭ᠎ᠠ ᠡᠭᠦᠷᠭᠡᠯᠡᠭᠴᠢ ᠶᠢ ᠰᠢᠶ᠋ᠳᠪᠦᠷᠢᠯᠡᠬᠦ ᠦᠭᠡᠶ ᠪᠣᠯ ᠲᠠᠯᠪᠢᠵᠤ ᠶᠠᠪᠤᠭᠤᠯᠬᠤ ᠦᠭᠡᠶ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠦᠭᠡᠶ ᠪᠣᠯ ᠲᠠᠯᠪᠢᠵᠤ ᠶᠠᠪᠤᠭᠤᠯᠬᠤ ᠦᠭᠡᠶ᠂ ᠰᠤᠷᠭᠠᠮᠵᠢ ᠠᠪᠬᠤ ᠦᠭᠡᠶ ᠪᠣᠯ ᠲᠠᠯᠪᠢᠵᠤ ᠶᠠᠪᠤᠭᠤᠯᠬᠤ ᠦᠭᠡᠶ ᠪᠠᠶᠢᠬᠤ ᠶᠢ ᠡᠷᠡᠰ ᠭᠦᠢᠴᠡᠳᠬᠡᠬᠦ ᠬᠡᠷᠡᠭᠲᠡᠶ᠃ ᠨᠡᠶᠢᠲᠡᠯᠢᠭ ᠬᠡᠷᠡᠭ ᠢ ᠢᠯᠡ ᠪᠠᠷ ᠢᠯᠡᠷᠡᠭᠦᠯᠵᠦ᠂ ᠴᠡᠭᠡᠷᠯᠡᠯ ᠪᠣᠯᠭᠠᠬᠤ ᠬᠡᠷᠡᠭᠲᠡᠶ᠃    ︵ᠶᠢᠰᠦ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠢ ᠦᠨᠳᠦᠰᠦᠯᠡᠨ᠂ ᠲᠡᠮᠦᠷ ᠵᠠᠮ᠂ ᠵᠠᠰᠠᠮᠠᠯ ᠵᠠᠮ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠰᠢᠲᠠᠮᠠᠬᠠᠶ ᠬᠡᠶ᠂ ᠬᠢᠮᠢ ᠶᠢᠨ ᠠᠵᠤ ᠦᠢᠯᠡᠳᠪᠦᠷᠢ ᠶᠢᠨ ᠬᠤᠭᠤᠯᠠᠶ ᠶᠢᠨ ᠬᠠᠮᠢᠶᠠᠷᠤᠯᠲᠠ ᠶᠢᠨ ᠨᠢᠭᠡᠴᠡ ᠪᠠ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠬᠡᠭᠡᠷ᠎ᠡ ᠭᠠᠳᠠᠨ᠎ᠠ ᠪᠠᠷᠢᠯᠭ᠎ᠠ ᠶᠢᠨ ᠠᠵᠢᠯ ᠬᠢᠵᠦ᠂ ᠭᠠᠯ ᠤᠨ ᠠᠶᠤᠯ ᠠᠮᠠᠷᠬᠠᠨ ᠡᠭᠦᠰᠳᠡᠭ ᠭᠠᠵᠠᠷ ᠪᠠ ᠣᠷᠣᠨ ᠪᠦᠰᠡ ᠳᠤ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠪᠠ ᠭᠠᠯ ᠰᠡᠷᠭᠡᠶᠢᠯᠡᠬᠦ ᠰᠡᠷᠡᠮᠵᠢ ᠶᠢᠨ ᠲᠡᠮᠳᠡᠭ ᠲᠠᠯᠪᠢᠭᠰᠠᠨ ᠥᠬᠡᠶ ᠪᠠᠶᠢᠪᠠᠯ᠂ ᠬᠤᠰᠢᠭᠤᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︵ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠢ ᠲᠤᠷᠰᠢᠨ ᠪᠠᠶᠢᠴᠠᠭᠠᠬᠤ ᠶᠡᠭᠡ ᠠᠩᠭᠢ︶ ᠠᠴᠠ ᠵᠠᠷᠯᠢᠭᠳᠠᠨ ᠵᠠᠯᠠᠷᠠᠭᠤᠯᠵᠤ᠂ ᠬᠤᠪᠢ ᠬᠥᠮᠦᠨ ᠢ 200 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠵᠦ᠂ ᠨᠢᠭᠡᠴᠡ ᠶᠢ 2000 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ᠃ ᠭᠠᠯ ᠰᠡᠷᠭᠡᠶᠢᠯᠡᠬᠦ ᠬᠤᠭᠤᠴᠠᠭᠠᠨ ᠳᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠦᠨᠡᠰᠦ ᠰᠢᠲᠠᠭᠠᠵᠤ ᠪᠣᠷᠳᠣᠭᠤᠷ ᠴᠤᠭᠯᠠᠭᠤᠯᠬᠤ᠂ ᠠᠲᠠᠷ ᠰᠢᠲᠠᠭᠠᠵᠤ ᠨᠡᠭᠦᠷᠡᠰᠦ ᠰᠢᠲᠠᠭᠠᠬᠤ᠂ ᠬᠤᠭ ᠨᠣᠪᠰᠢ ᠰᠢᠲᠠᠭᠠᠬᠤ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠪᠠᠶᠢᠪᠠᠯ᠂ ᠬᠤᠰᠢᠭᠤᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︵ᠣᠷᠴᠢᠨ ᠲᠣᠭᠤᠷᠢᠨ ᠢᠳᠡᠭᠡᠨ ᠡᠮ ᠤᠨ ᠵᠦᠢᠯ ᠢ ᠲᠤᠷᠰᠢᠨ ᠪᠠᠶᠢᠴᠠᠭᠠᠬᠤ ᠶᠡᠭᠡ ᠠᠩᠭᠢ︶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠷᠯᠢᠭᠳᠠᠨ ᠵᠣᠭᠰᠣᠭᠠᠵᠤ᠂ ᠰᠡᠷᠡᠮᠵᠢ ᠥᠭᠴᠦ᠂ ᠬᠤᠪᠢ ᠬᠥᠮᠦᠨ ᠢ 300 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠷᠣᠭᠰᠢ ᠵᠣᠭᠤᠰ ᠢᠶᠠᠷ ᠨᠡᠶᠢᠯᠡᠭᠦᠯᠦᠨ ᠰᠢᠳᠬᠡᠵᠦ᠂ ᠨᠢᠭᠡᠴᠡ ᠶᠢ 10000 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠷᠣᠭᠰᠢ ᠵᠣᠭᠤᠰ ᠢᠶᠠᠷ ᠨᠡᠶᠢᠯᠡᠭᠦᠯᠦᠨ ᠰᠢᠳᠬᠡᠨ ᠲᠣᠷᠭᠠᠬᠤ ᠶᠢᠨ ᠬᠠᠮᠲᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠰᠡᠷᠡᠮᠵᠢ ᠥᠭᠬᠦ᠂ ᠵᠠᠰᠠᠭ ᠵᠠᠬᠢᠷᠭᠠᠨ ᠢᠶᠠᠷ ᠲᠦᠷ ᠬᠤᠷᠢᠬᠤ ᠵᠡᠷᠭᠡ ᠰᠢᠳᠬᠡᠨ ᠲᠣᠷᠭᠠᠭᠠᠳ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ︵ᠠᠷᠪᠠ︶ ᠶᠠᠮᠠᠷᠪᠠ ᠨᠢᠭᠡᠴᠡ ᠪᠣᠯᠤᠨ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠂ ᠶᠠᠮᠠᠷᠪᠠ ᠨᠢᠭᠡᠴᠡ ᠪᠠ ᠬᠤᠪᠢ ᠬᠥᠮᠦᠨ ᠲᠦᠭᠰᠢᠭᠦᠷᠢ ᠮᠡᠳᠡᠭᠦᠯᠬᠦ ᠳᠤ ᠦᠨ᠎ᠡ ᠲᠥᠯᠥᠪᠦᠷᠢ ᠦᠭᠡᠢ ᠪᠠᠷ ᠲᠥᠬᠦᠮ ᠦᠵᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ ᠮᠡᠳᠡᠭᠦᠯᠬᠦ᠂ ᠨᠢᠭᠤᠭᠠᠳ ᠮᠡᠳᠡᠭᠦᠯᠬᠦ ᠦᠭᠡᠢ ᠪᠠᠶᠢᠬᠤ ᠶᠢ ᠴᠠᠭᠠᠵᠠᠯᠠᠨ᠎ᠠ᠃    2024 ᠣᠨ ᠤ 3 ᠰᠠᠷ᠎ᠠ ᠶᠢᠨ 15 ᠤ ᠡᠳᠦᠷ
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号