ᠰᠢᠯᠤᠭᠤᠨ ᠬᠥᠪᠡᠭᠡᠲᠦ ᠴᠠᠭᠠᠨ ᠬᠤᠰᠢᠭᠤ᠄ ᠨᠡᠭᠦᠯᠭᠡᠨ ᠲᠥᠪᠬᠢᠨᠡᠭᠦᠯᠬᠦ ᠣᠷᠣᠨ ᠤ ᠣᠯᠠᠨ ᠨᠡᠶᠢᠲᠡ ᠶᠢᠨ ᠦᠶ᠋ᠯᠡᠴᠢᠯᠡᠭᠡᠨ ᠤ ᠪᠡᠯᠡᠳᠬᠡᠮᠵᠢ ᠶᠢ ᠳᠡᠭᠡᠭᠰᠢᠯᠡᠭᠦᠯᠵᠦ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/8/1
     ᠣᠶᠢᠷ᠎ᠠ ᠳᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠢᠩᠭᠠᠨᠲᠤ ᠪᠠᠯᠭᠠᠰᠤᠨ ᠤ ᠨᠠᠨ ᠮᠥ ᠬᠠᠨ ᠳ᠋ᠦᠩ ᠶᠦᠦᠠᠨ  ᠲᠤᠭᠤᠷᠢᠭ ᠲᠥᠪᠯᠡᠷᠡᠭᠦᠯᠦᠨ ᠲᠥᠪᠬᠢᠨᠡᠭᠦᠯᠬᠦ ᠲᠣᠭᠤᠷᠢᠭ ᠲᠤ ᠲᠦᠰᠢᠭᠯᠡᠨ ᠪᠥᠲᠥᠭᠡᠨ ᠪᠠᠶᠢᠭᠤᠯᠤᠭᠰᠠᠨ ᠣᠯᠠᠨ ᠨᠡᠶᠢᠲᠡ ᠶᠢᠨ  ᠤᠶᠢᠴᠢᠯᠡᠭᠡᠨ ᠤ ᠢᠵᠢ ᠪᠥᠷᠢᠳᠦᠭᠰᠡᠨ 2 ᠰᠠᠭᠤᠷᠢ ᠲᠥᠬᠦᠭᠡᠷᠦᠮᠵᠢ ᠶᠢᠨ ᠲᠥᠷᠥᠯ ᠵᠦᠶ᠋ᠯ ᠢ ᠵᠠᠯᠭᠠᠭ᠎ᠠ ᠪᠠᠷ ᠠᠰᠢᠭᠯᠠᠯᠲᠠ ᠳᠤ ᠣᠷᠣᠭᠤᠯᠪᠠ᠃ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠨᠢ ᠲᠥᠪᠬᠢᠨᠡᠭᠦᠯᠬᠦ ᠲᠣᠭᠤᠷᠢᠭ ᠤᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠱᠠᠲᠤ  ᠵᠦᠭ ᠰᠢᠯᠵᠢᠬᠦ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠦᠯᠦᠨ᠂ ᠳᠤᠲᠠᠭᠤᠳᠠᠯ ᠪᠠ ᠣᠷᠬᠢᠭᠳᠠᠯ ᠢ ᠨᠥᠬᠦᠪᠥᠷᠢᠯᠡᠵᠦ᠂ ᠣᠯᠠᠨ ᠨᠡᠶᠢᠲᠡ ᠶᠢᠨ ᠤᠶᠢᠴᠢᠯᠡᠭᠡᠨ ᠤ ᠪᠡᠯᠡᠳᠬᠡᠮᠵᠢ ᠶᠢᠨ ᠪᠠᠭᠲᠠᠭᠠᠮᠵᠢ ᠶᠢ ᠥᠷᠭᠡᠳᠬᠡᠨ ᠲᠠᠰ ᠳᠡᠪᠰᠢᠭᠦᠯᠬᠦ ᠶᠢ ᠠᠬᠢᠭᠤᠯᠵᠤ᠂ ᠪᠠᠶᠠᠨ ᠨᠡᠶᠢᠭᠡᠮ ᠲᠣᠭᠤᠷᠢᠭ ᠤᠨ 190 ᠨᠡᠭᠦᠭᠰᠡᠨ ᠣᠯᠠᠨ ᠲᠦᠮᠡᠨ ᠪᠠ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠲᠡᠷᠭᠡ ᠵᠣᠭᠰᠣᠭᠠᠬᠤ ︵ᠴᠠᠬᠢᠯᠭᠠᠨ ᠬᠥᠳᠡᠯᠭᠡᠭᠦᠷᠲᠦ ᠲᠡᠷᠭᠡ  ᠳᠤ ᠴᠠᠬᠢᠯᠭᠠᠨ ᠴᠡᠨᠡᠭᠯᠡᠬᠦ︶ ᠪᠠ ᠰᠡᠯᠡᠭᠦᠴᠡᠯ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠤᠶᠢᠴᠢᠯᠡᠭᠡᠨ ᠤ ᠪᠡᠯᠡᠳᠬᠡᠮᠵᠢ ᠶᠢᠨ ᠲᠠᠯ᠎ᠠ ᠪᠠᠷ ᠬᠢ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠳᠡᠭᠡᠭᠰᠢᠯᠡᠭᠦᠯᠪᠡ᠃    ᠨᠠᠨ ᠮᠦ ᠬᠠᠨ ᠳ᠋ᠦᠩ ᠶᠦᠦᠠᠨ ᠲᠣᠭᠤᠷᠢᠭ ᠤᠨ ᠬᠤᠶᠢᠲᠤ ᠲᠠᠯ᠎ᠠ ᠶᠢᠨ ᠡᠭᠦᠳᠡ ᠠᠴᠠ ᠬᠤᠶᠢᠰᠢ ᠬᠠᠷᠠᠬᠤ ᠳᠤ᠂ ᠬᠠᠮᠤᠭ ᠲᠦᠷᠦᠭᠦᠨ ᠳᠤ ᠰᠢᠨ᠎ᠡ ᠪᠠᠷ ᠪᠠᠶᠢᠭᠤᠯᠤᠭᠰᠠᠨ ᠲᠡᠷᠭᠡᠨ ᠵᠣᠭᠰᠣᠭᠠᠯ  ᠤᠳ ᠬᠠᠷᠠᠭᠳᠠᠨ᠎ᠠ᠂ ᠲᠡᠷᠭᠡᠨ ᠤ ᠵᠣᠭᠰᠣᠭᠠᠯ  ᠤᠳ ᠨᠢ ᠲᠡᠷᠢ ᠲᠡᠭᠰᠢ ᠵ᠊᠂ ᠴᠣ᠋ ᠰᠢᠨ᠎ᠡ ᠴᠠᠬᠢᠯᠭᠠᠨ ᠴᠡᠨᠡᠭᠯᠡᠬᠦ ᠲᠥᠬᠦᠭᠡᠷᠦᠮᠵᠢ ᠨᠢ ᠮᠠᠰᠢ ᠢᠯᠡ ᠲᠣᠳᠣ ᠬᠠᠷᠠᠭᠳᠠᠨ᠎ᠠ᠃ ᠲᠡᠷᠭᠡᠨ ᠵᠣᠭᠰᠣᠭᠠᠯ ᠤᠨ ᠴᠠᠬᠢᠯᠭᠠᠨ ᠴᠡᠨᠡᠭᠯᠡᠬᠦ ᠣᠷᠣᠨ ᠢ ᠮᠠᠰᠢᠨᠲᠤ ᠲᠡᠷᠭᠡ ᠪᠠ ᠮᠠᠰᠢᠨᠲᠤ ᠪᠤᠰᠤ ᠲᠡᠷᠭᠡ ᠭᠡᠵᠦ ᠬᠤᠶᠠᠷ ᠣᠷᠣᠨ ᠬᠤᠪᠢᠶᠠᠵᠤ᠂ ᠣᠯᠠᠨ ᠲᠦᠮᠡᠨ ᠤ ᠠᠳᠠᠯᠢ ᠪᠤᠰᠤ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ᠂ ᠰᠠᠭᠤᠭᠠᠯᠢ ᠠᠷᠠᠳ ᠤᠨ ᠲᠣᠭᠤᠷᠢᠭ ᠲᠤ ᠲᠥᠪᠯᠡᠷᠡᠭᠦᠯᠦᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠳᠤᠲᠠᠭᠳᠠᠵᠤ ᠬᠤᠪᠢ ᠪᠠᠷ ᠢᠶᠠᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠴᠠᠬᠢᠯᠭᠠᠨ ᠴᠡᠨᠡᠭᠯᠡᠬᠦ ᠤᠲᠠᠰᠤ ᠶᠢ ᠲᠠᠲᠠᠭᠰᠠᠨ ᠠᠴᠠ ᠪᠣᠯᠤᠭᠰᠠᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠰᠢᠶ᠋ᠳᠪᠦᠷᠢᠯᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠪᠠ ᠲᠡᠷᠭᠡ ᠵᠣᠭᠰᠣᠬᠤ ᠪᠠᠶᠢᠷᠢ ᠬᠦᠷᠦᠯᠴᠡᠬᠦ ᠥᠬᠡᠶ ᠪᠠᠶᠢᠬᠤ ᠪᠠᠶᠢᠳᠠᠯ ᠢ ᠨᠠᠮᠳᠠᠭᠤᠯᠪᠠ᠃ᠲᠡᠷᠭᠡᠨ ᠵᠣᠭᠰᠣᠭᠠᠯ ᠤᠨ ᠪᠠᠷᠠᠭᠤᠨ ᠲᠠᠯ᠎ᠠ ᠳᠤᠨᠢ ᠪᠠᠷᠤᠭ 4800 ᠲᠡᠭᠰᠢ ᠳᠥᠷᠪᠡᠯᠵᠢᠨ ᠮᠧᠲᠷ ᠭᠠᠵᠠᠷ ᠡᠵᠡᠯᠡᠬᠦ ᠣᠯᠠᠨ ᠲᠦᠮᠡᠨ ᠤ ᠰᠡᠯᠡᠭᠦᠴᠡᠯ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠪᠠᠶᠢᠵᠤ᠂ ᠳᠣᠲᠣᠷ᠎ᠠ ᠨᠢ  ᠡᠯᠡᠰᠦ  ᠨᠠᠭᠠᠳᠬᠤ ᠲᠠᠯᠠᠪᠤᠷ᠂ ᠭᠤᠯᠭᠤᠭᠤᠷ ᠱᠠᠲᠤ᠂ ᠳᠡᠭᠦᠵᠢᠩ᠂  ᠰᠡᠯᠡᠭᠦᠴᠡᠵᠤ ᠠᠯᠬᠠᠬᠤ  ᠶᠢᠨ ᠮᠠᠰᠢᠨ ᠵᠡᠷᠭᠡ ᠡᠯᠪᠡᠭ ᠪᠠᠶᠠᠯᠢᠭ ᠣᠯᠠᠨ ᠶᠠᠩᠵᠤ ᠶᠢᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠲᠠᠢ ᠪᠠᠶᠢᠳᠠᠭ᠃ ᠲᠡᠷᠭᠡᠨ ᠤ ᠵᠣᠭᠰᠣᠭᠠᠯ ᠢ ᠳᠠᠭᠠᠵᠤ  ᠬᠠᠷᠠᠪᠠᠯ᠂ ᠳᠥᠷᠪᠡᠨ ᠵᠦᠭ ᠢ ᠠᠵᠢᠭᠯᠠᠪᠠᠯ ᠪᠠᠷᠤᠭ 30000 ᠲᠡᠭᠰᠢ ᠳᠥᠷᠪᠡᠯᠵᠢᠨ ᠮᠧᠲᠷ ᠲᠠᠯᠠᠪᠠᠶ ᠲᠠᠢ ᠪᠦᠬᠦ ᠠᠷᠠᠳ ᠤᠨ ᠡᠷᠡᠭᠦᠯ ᠮᠡᠨᠳᠦ ᠶᠢᠨ ᠲᠠᠯᠠᠪᠠᠶ ᠶᠢ ᠣᠯᠵᠤ ᠬᠠᠷᠠᠨ᠎ᠠ᠂ ᠡᠭᠦᠨ ᠳᠤ ᠰᠥᠨᠢ ᠶᠢᠨ ᠭᠡᠷᠡᠯᠲᠦ ᠭᠦᠶᠦᠯᠲᠡ ᠶᠢᠨ ᠵᠠᠮ᠂ ᠣᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ᠂ ᠰᠡᠯᠡᠭᠦᠴᠡᠯ ᠤᠨ  ᠭᠤᠳᠤᠮᠵᠢ ᠪᠠ ᠡᠯ᠎ᠡ ᠵᠦᠢᠯ ᠤᠨ ᠴᠡᠴᠡᠭ ᠤᠷᠭᠤᠮᠠᠯ ᠵᠡᠷᠭᠡ ᠪᠤᠶ᠃ ᠰᠠᠭᠤᠭᠠᠯᠢ ᠠᠷᠠᠳ ᠵᠠᠩ ᠯᠢᠨ    ᠪᠢ ᠪᠣᠯ ᠣᠶᠢᠷ᠎ᠠ ᠬᠠᠪᠢ ᠶᠢᠨ ᠰᠠᠭᠤᠭᠠᠯᠢ ᠠᠷᠠᠳ  ᠶᠤᠮ᠂ ᠵᠤᠨ ᠪᠣᠯᠪᠠᠯ᠂ ᠣᠷᠣᠢ ᠪᠣᠯᠭᠠᠨ  ᠰᠡᠯᠡᠭᠦᠴᠡᠬᠦ ᠪᠠᠷ ᠭᠠᠷᠴᠤ ᠢᠷᠡᠳᠡᠭ ᠬᠥᠮᠦᠨ ᠲᠤᠩ ᠠᠷᠪᠢᠨ  ᠪᠠᠶᠢᠳᠠᠭ᠃ ᠮᠠᠨ ᠤ ᠣᠶᠢᠷ᠎ᠠ ᠬᠠᠪᠢ ᠶᠢᠨ ᠰᠠᠭᠤᠭᠠᠯᠢ ᠠᠷᠠᠳ ᠲᠤ ᠴᠠᠶ ᠬᠤᠭᠤᠯᠠᠨ ᠤ ᠳᠠᠷᠠᠭ᠎ᠠ ᠰᠡᠯᠡᠭᠦᠴᠡᠬᠦ ᠭᠠᠵᠠᠷ ᠣᠯᠭᠤᠵᠤ ᠃ ᠢᠯᠠᠩᠭᠤᠶ᠎ᠠ ᠬᠡᠦᠬᠡᠳ ᠤᠳ᠂ ᠡᠨᠡ ᠬᠡᠰᠡᠭ ᠲᠤ ᠬᠡᠦᠬᠡᠳ ᠤᠳ ᠤᠨ ᠵᠤᠭ᠎ᠠ ᠴᠡᠩᠭᠡᠯ ᠤᠨ ᠲᠥᠬᠦᠭᠡᠷᠦᠮᠵᠢ ᠨᠢ ᠮᠠᠰᠢ ᠣᠯᠠᠨ ᠪᠠᠶᠢᠳᠠᠭ᠂ ᠣᠯᠠᠨ ᠢᠶᠠᠷ ᠢᠶᠠᠨ ᠪᠠᠰᠠ ᠣᠯᠵᠤ ᠬᠠᠷᠠᠯ᠎ᠠ᠂ ᠮᠠᠰᠢ ᠣᠯᠠᠨ ᠭᠡᠷ ᠤᠨ ᠠᠬᠠᠮᠠᠳ ᠬᠤᠭᠤᠯᠠᠨ ᠤ ᠳᠠᠷᠠᠭ᠎ᠠ ᠬᠡᠦᠬᠡᠳ ᠢᠶᠠᠨ ᠳᠠᠭᠠᠭᠤᠯᠤᠨ ᠠᠳᠡ ᠢᠷᠡᠵᠦ  ᠨᠠᠭᠠᠳᠤᠳᠠᠭ ᠪᠥᠭᠡᠳ ᠬᠤᠲᠠ ᠶᠢᠨ ᠲᠣᠭᠤᠷᠢᠭ ᠠᠴᠠ ᠬᠤᠯᠠ ᠪᠠᠶᠢᠵᠤ᠂ ᠬᠡᠦᠬᠡᠳ ᠤᠨ ᠠᠮᠤᠷ ᠲᠦᠪᠰᠢᠨ᠂ᠪᠠᠰᠠ ᠠᠭᠤᠷ ᠠᠮᠢᠰᠬᠤᠯ  ᠨᠢ ᠮᠠᠰᠢ ᠰᠠᠶᠢᠨ ᠪᠠᠶᠢᠳᠠᠭ᠂ ᠨᠢᠳᠤᠨᠤᠨ ᠠᠴᠠ ᠡᠬᠢᠯᠡᠨ ᠪᠢᠳᠡ ᠡᠷᠲᠡᠬᠡᠨ ᠪᠠᠶᠢᠭᠤᠯᠵᠤ ᠳᠠᠭᠤᠰᠬᠠᠬᠤ ᠶᠢ ᠬᠦᠰᠡᠭᠰᠡᠭᠡᠷ ᠢᠷᠡᠵᠡᠢ᠂ ᠡᠨᠡ  ᠲᠠᠯᠠᠪᠤᠷ ᠪᠠᠶᠢᠭᠤᠯᠵᠤ  ᠳᠠᠭᠤᠰᠤᠭᠰᠠᠨ ᠨᠢ ᠪᠢᠳᠡᠨ ᠤ ᠠᠮᠢᠳᠤᠷᠠᠯ ᠤᠨ ᠣᠷᠴᠢᠨ ᠲᠣᠭᠤᠷᠢᠨ ᠳᠤ ᠴᠤ ᠮᠠᠰᠢ ᠶᠡᠭᠡ ᠳᠡᠭᠡᠭᠰᠢᠯᠡᠯᠲᠡ ᠲᠠᠢ ᠪᠣᠯᠤᠭᠰᠠᠨ ᠶᠤᠮ᠃ ᠡᠨᠡ ᠨᠢ ᠪᠢᠳᠡᠨ ᠤ ᠠᠮᠢᠳᠤᠷᠠᠯ ᠤᠨ ᠣᠷᠴᠢᠨ ᠲᠣᠭᠤᠷᠢᠨ ᠳᠤ ᠴᠤ ᠮᠠᠰᠢ ᠶᠡᠭᠡ ᠳᠡᠭᠡᠭᠰᠢᠯᠡᠯᠲᠡ ᠲᠠᠢ  ᠪᠤᠯᠤᠭᠰᠠᠨ ᠢ  ᠲᠦᠯᠦᠭᠡᠯᠡᠡᠬᠦ ᠶᠤᠮ᠃    ᠣᠶᠢᠯᠠᠭᠠᠭᠰᠠᠨ ᠢᠶᠠᠷ᠂  ᠳᠤᠬᠠᠢ  ᠠᠵᠢᠯ ᠡᠬᠢᠯᠡᠬᠦ ᠠᠴᠠ ᠡᠮᠦᠨ᠎ᠡ ᠠᠳᠡ  ᠪᠤᠯ ᠨᠢᠭᠡ ᠬᠡᠰᠡᠭ ᠠᠲᠠᠷ ᠭᠠᠵᠠᠷ ᠪᠠᠶᠢᠵᠤ᠂ ᠲᠥᠪᠯᠡᠷᠡᠭᠦᠯᠦᠨ ᠲᠥᠪᠬᠢᠨᠡᠭᠦᠯᠬᠦ ᠣᠷᠣᠨ ᠤ ᠢᠵᠢ ᠪᠥᠷᠢᠳᠦᠭᠦᠯᠦᠨ ᠪᠥᠲᠥᠭᠡᠨ ᠪᠠᠶᠢᠭᠤᠯᠤᠭᠰᠠᠨ ᠣᠯᠠᠨ ᠨᠡᠶᠢᠲᠡ ᠶᠢᠨ ᠤᠶᠢᠯᠡᠴᠢᠯᠡᠭᠡᠨ ᠤ 2 ᠰᠠᠭᠤᠷᠢ ᠲᠥᠬᠦᠭᠡᠷᠦᠮᠵᠢ ᠶᠢᠨ ᠲᠥᠷᠥᠯ ᠵᠦᠶ᠋ᠯ ᠢ ᠪᠠᠶᠢᠭᠤᠯᠤᠭᠰᠠᠨ ᠤ ᠳᠠᠷᠠᠭ᠎ᠠ᠂ ᠬᠠᠶᠠᠭᠳᠠᠮᠠᠯ ᠠᠲᠠᠷ ᠭᠠᠵᠠᠷ ᠢ ᠶᠡᠷᠦᠩᠬᠡᠶᠢᠯᠡᠭᠰᠡᠨ ᠴᠢᠨᠠᠷᠲᠠᠶ ᠣᠯᠠᠨ ᠨᠡᠶᠢᠲᠡ ᠶᠢᠨ ᠤᠶᠢᠯᠡᠴᠢᠯᠡᠭᠡᠨ ᠤ ᠲᠥᠬᠦᠭᠡᠷᠦᠮᠵᠢ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠪᠣᠯᠭᠠᠨ ᠬᠤᠪᠢᠷᠠᠭᠤᠯᠤᠭᠰᠠᠨ ᠪᠠᠶᠢᠨ᠎ᠠ᠃ ᠡᠨᠡ ᠨᠢ ᠨᠡᠭᠦᠯᠭᠡᠭᠰᠡᠨ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠶ᠂ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠨᠡᠩ ᠴᠤ ᠭᠠᠵᠠᠷ ᠰᠢᠷᠣᠶ ᠶᠢᠨ ᠡᠬᠢ ᠪᠠᠶᠠᠯᠢᠭ ᠢ ᠨᠠᠷᠢᠯᠢᠬᠵᠢᠭᠤᠯᠤᠨ ᠠᠰᠢᠭᠯᠠᠬᠤ ᠶᠢ ᠪᠡᠶᠡᠯᠡᠭᠦᠯᠵᠦ᠂ ᠨᠡᠯᠢᠶᠡᠳ ᠶᠡᠭᠡ ᠬᠡᠮᠵᠢᠶᠡᠨ ᠳᠡᠭᠡᠷ᠎ᠡ ᠬᠤᠲᠠ ᠪᠠᠯᠭᠠᠰᠤᠨ ᠤ ᠨᠣᠭᠤᠭᠠᠨ ᠭᠠᠵᠠᠷ ᠤᠨ ᠲᠠᠷᠬᠠᠯᠲᠠ ᠶᠢᠨ ᠲᠡᠩᠴᠡᠭᠦᠷᠢ ᠦᠭᠡᠶ ᠪᠠᠶᠢᠳᠠᠯ ᠢ ᠨᠥᠬᠦᠪᠥᠷᠢᠯᠡᠵᠦ᠂ ᠡᠭᠦᠨ ᠤ ᠬᠠᠮᠲᠤ ᠬᠤᠲᠠ ᠪᠠᠯᠭᠠᠰᠤᠨ ᠤ ᠠᠮᠢ ᠠᠬᠤᠶ ᠶᠢᠨ ᠲᠡᠩᠴᠡᠭᠦᠷᠢ ᠶᠢ ᠪᠠᠲᠤᠯᠠᠬᠤ᠂ ᠬᠤᠲᠠ ᠪᠠᠯᠭᠠᠰᠤᠨ ᠤ ᠦᠵᠡᠮᠵᠢ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠴᠢᠬᠤᠯᠠ  ᠤᠶᠢᠯᠡᠳᠤᠯ ᠪᠠᠳᠠᠷᠠᠭᠤᠯᠵᠤ᠂ ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠡᠭᠦᠳᠦᠨ ᠪᠦᠲᠦᠭᠡᠬᠦ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠬᠤ ᠠᠮᠢ ᠠᠬᠤᠶ ᠶᠢᠨ ᠴᠢᠳᠠᠮᠵᠢ ᠶᠢ ᠪᠦᠷᠢᠯᠳᠦᠭᠦᠯᠵᠦ᠂ ᠬᠤᠲᠠ ᠪᠠᠯᠭᠠᠰᠤᠨ ᠤ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠣᠯᠠᠨ ᠨᠡᠶᠢᠲᠡ ᠶᠢᠨ  ᠤᠶᠢᠴᠢᠯᠡᠭᠡᠨ ᠤ ︽ᠬᠠᠲᠠᠭᠤ ᠲᠣᠨᠤᠭ︾ ᠪᠠ ︽ᠵᠥᠭᠡᠯᠡᠨ ᠲᠣᠨᠤᠭ︾ ᠤᠨ ᠬᠤᠤᠰ ᠳᠡᠭᠡᠭᠰᠢᠯᠡᠯᠲᠡ ᠶᠢ  ᠪᠡᠶᠡᠯᠡᠭᠦᠯᠦᠭᠰᠡᠨ ᠪᠠᠶᠢᠨ᠎ᠠ᠃    ᠣᠨᠳᠣᠤ ᠭᠠᠵᠠᠷ ᠨᠡᠭᠦᠯᠭᠡᠵᠦ ᠲᠥᠪᠯᠡᠷᠡᠭᠦᠯᠦᠨ ᠲᠥᠪᠬᠢᠨᠡᠭᠦᠯᠬᠦ ᠣᠷᠣᠨ ᠤ ᠣᠯᠠᠨ ᠨᠡᠶᠢᠲᠡ ᠶᠢᠨ ᠲᠥᠬᠦᠭᠡᠷᠦᠮᠵᠢ ᠶᠢ ᠪᠥᠲᠥᠭᠡᠨ ᠪᠠᠶᠢᠭᠤᠯᠬᠤ ᠪᠠ ᠲᠡᠭᠦᠯᠳᠡᠷᠵᠢᠭᠦᠯᠬᠦ ᠪᠣᠯ ᠮᠠᠨ ᠤ ᠬᠤᠰᠢᠭᠤᠨ ᠤ  ᠨᠡᠭᠦᠯᠭᠡᠭᠰᠡᠨ ᠣᠯᠠᠨ ᠲᠦᠮᠡᠨ ᠢ ᠬᠤᠲᠠ ᠶᠢᠨ ᠠᠷᠠᠳ ᠪᠣᠯᠭᠠᠬᠤ ᠠᠬᠢᠴᠠ ᠶᠢ ᠲᠦᠷᠭᠡᠳᠬᠡᠨ ᠠᠬᠢᠭᠤᠯᠵᠤ᠂ ᠰᠢᠨ᠎ᠡ ᠣᠷᠴᠢᠨ ᠲᠣᠭᠤᠷᠢᠨ ᠳᠤ ᠵᠣᠬᠢᠴᠠᠭᠤᠯᠤᠨ᠂ ᠰᠢᠨ᠎ᠡ ᠨᠡᠶᠢᠭᠡᠮ ᠲᠣᠭᠤᠷᠢᠭ ᠲᠤ ᠠᠭᠤᠰᠤᠯᠴᠠᠭᠤᠯᠬᠤ ᠪᠠ ᠬᠤᠲᠠᠴᠢᠯᠠᠯᠲᠠ ᠶᠢᠨ ᠶᠠᠪᠤᠴᠠ ᠳᠤ ᠠᠷᠠᠳ ᠤᠨ ᠠᠮᠢᠳᠤᠷᠠᠯ ᠢ ᠲᠠᠰᠤᠷᠠᠯᠲᠠ ᠥᠬᠡᠶ ᠰᠠᠶᠢᠵᠢᠷᠠᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ᠃ ᠮᠠᠨ ᠤ ᠬᠤᠰᠢᠭᠤ ᠣᠯᠠᠨ ᠨᠡᠶᠢᠲᠡ ᠶᠢᠨ ᠤᠶᠢᠯᠡᠴᠢᠯᠡᠭᠡᠨ ᠤ ᠲᠥᠬᠦᠭᠡᠷᠦᠮᠵᠢ ᠶᠢᠨ ᠪᠠᠭᠲᠠᠭᠠᠮᠵᠢ ᠶᠢ ᠥᠷᠭᠡᠳᠬᠡᠨ ᠲᠠᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠠᠷᠠᠳ ᠲᠤ ᠲᠥᠬᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ᠂ ᠠᠷᠠᠳ ᠢ ᠠᠮᠤᠷᠵᠢᠭᠤᠯᠬᠤ᠂ ᠠᠷᠠᠳ ᠢ ᠪᠠᠶᠠᠰᠬᠠᠬᠤ ᠨᠠᠩ ᠰᠠᠶᠢᠨ ᠠᠭᠤᠷ ᠠᠮᠢᠰᠬᠤᠯ ᠢ ᠪᠣᠶ ᠪᠣᠯᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠥᠬᠡᠶ  ᠳᠡᠭᠡᠭᠰᠢᠯᠡᠭᠦᠯᠦᠨ᠎ᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号