ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠠᠴᠠ 33 ᠳ᠋ᠤᠭᠠᠷ ᠬᠤᠭᠤᠴᠠᠭᠠᠨ ᠤ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠲᠠᠮᠢᠷ ᠤᠨ ᠲᠥᠯᠥᠭᠡᠯᠡᠭᠴᠢᠳ ᠤᠨ ᠪᠦᠯᠬᠦᠮ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃
ᠨᠡᠶᠢᠲᠡᠯᠡᠭᠰᠡᠨ ᠴᠠᠭ᠄
2024/8/12
 ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠭᠡ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠠᠴᠠ 33 ᠳ᠋ᠤᠭᠠᠷ ᠬᠤᠭᠤᠴᠠᠭᠠᠨ ᠤ ᠣᠯᠢᠮᠫᠢᠺ ᠤᠨ ᠪᠡᠶ᠎ᠡ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ᠄    33 ᠳ᠋ᠤᠭᠠᠷ ᠬᠤᠭᠤᠴᠠᠭᠠᠨ ᠤ ᠵᠣᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠡᠭᠡᠷ᠎ᠡ᠂ ᠮᠠᠨ ᠤ ᠤᠯᠤᠰ ᠤᠨ ᠲᠠᠮᠢᠷᠴᠢᠳ ᠰᠢᠷᠭᠠᠭᠤ ᠬᠠᠲᠠᠭᠤᠵᠢᠯᠲᠠᠶ ᠲᠡᠮᠡᠴᠡᠵᠦ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠡᠭᠦᠷᠭᠡ ᠬᠠᠷᠢᠭᠤᠴᠠᠯᠭ᠎ᠠ ᠪᠠᠨ ᠥᠯᠥ ᠬᠥᠰᠡᠷᠳᠡᠭᠦᠯᠵᠦ᠂ 40 ᠠᠯᠲᠠᠨ ᠮᠧᠳᠠᠯ᠂ 27 ᠮᠥᠩᠭᠦᠨ ᠮᠧᠳᠠᠯ᠂ 24 ᠬᠦᠷᠡᠯ ᠮᠧᠳᠠᠯ ᠣᠯᠵᠤ᠂ ᠬᠥᠳᠡᠯᠭᠡᠭᠡᠨ ᠤ ᠬᠢᠷᠢ ᠪᠦᠲᠦᠮᠵᠢ ᠪᠠ ᠣᠶᠤᠨ ᠤ ᠪᠣᠯᠪᠠᠰᠤᠨ ᠤ ᠬᠤᠤᠰ ᠡᠯᠪᠡᠭ ᠬᠤᠷᠢᠶᠠᠯᠲᠠ ᠶᠢ ᠪᠡᠶᠡᠯᠡᠭᠦᠯᠵᠦ᠂ ᠡᠬᠡ ᠤᠯᠤᠰ ᠪᠠ ᠠᠷᠠᠳ ᠲᠦᠮᠡᠨ ᠳᠡᠭᠡᠨ ᠢᠷᠠᠭᠤ ᠠᠯᠳᠠᠷ ᠣᠯᠭᠤᠭᠰᠠᠨ ᠪᠠᠶᠢᠨ᠎ᠠ᠃ ᠨᠠᠮ ᠤᠨ ᠲᠥᠪ ᠬᠤᠷᠢ᠊ ᠡᠶ᠎ᠡ ᠪᠣᠯᠤᠨ ᠳᠦᠷᠦ ᠶᠢᠨ ᠶᠠᠪᠤᠳᠠᠯ ᠤᠨ ᠬᠤᠷᠢ᠊ ᠡᠶ᠎ᠡ ᠲᠠ ᠨᠠᠷ ᠲᠤ ᠬᠠᠯᠠᠭᠤᠨ ᠪᠠᠶᠠᠷ ᠬᠦᠷᠭᠡᠵᠦ ᠳᠣᠲᠣᠨᠣ ᠲᠣᠬᠤᠨᠢᠭᠤᠯᠤᠯ ᠬᠦᠷᠭᠡᠵᠦ ᠪᠠᠶᠢᠨ᠎ᠠ︕    ᠲᠤᠰ ᠬᠤᠭᠤᠴᠠᠭᠠᠨ ᠤ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠡᠭᠡᠷ᠎ᠡ᠂ ᠲᠠ ᠨᠠᠷ ᠢᠮᠠᠭᠲᠠ ᠨᠠᠮ ᠪᠠ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠠ ᠣᠯᠢᠮᠫᠢᠺ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠶᠣᠰᠣ ᠰᠤᠷᠲᠠᠬᠤᠨ ᠤ ᠠᠯᠲᠠᠨ ᠮᠧᠳᠠᠯ᠂ ᠬᠡᠪ ᠨᠠᠮᠪᠠ ᠶᠢᠨ ᠠᠯᠲᠠᠨ ᠮᠧᠳᠠᠯ᠂ ᠠᠷᠢᠭᠤᠨ ᠴᠡᠪᠡᠷ ᠠᠯᠲᠠᠨ ᠮᠧᠳᠠᠯ ᠤᠯᠬᠤ ᠶᠢ ᠪᠠᠷᠢᠮᠲᠠᠯᠠᠵᠤ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠡᠷᠡᠰ ᠬᠠᠲᠠᠭᠤ ᠬᠡᠪ ᠰᠤᠷᠲᠠᠯ᠂ ᠬᠡᠲᠦ᠋ᠢᠳᠦᠭᠰᠡᠨ ᠤᠷ᠎ᠠ ᠴᠢᠳᠠᠪᠤᠷᠢ ᠪᠠᠷ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠴᠤᠭ ᠪᠠᠳᠠᠷᠠᠩᠭᠤᠢ ᠡᠷᠡᠯᠬᠡᠭᠯᠡᠨ ᠤᠷᠤᠭᠰᠢᠯᠠᠬᠤ ᠴᠣ᠋ ᠰᠢᠨ᠎ᠡ ᠬᠠᠭᠤᠳᠠᠰᠤ ᠶᠢ ᠪᠢᠴᠢᠭᠯᠡᠵᠦ᠂ ᠪᠡᠶ᠎ᠡ ᠶᠢᠨ ᠲᠠᠮᠢᠷ ᠤᠨ ᠹᠷᠣᠨᠲ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠡᠷᠡᠯᠬᠡᠭᠯᠡᠨ ᠤᠷᠤᠭᠰᠢᠯᠠᠬᠤ ᠴᠠᠭ ᠦᠶ᠎ᠡ ᠶᠢᠨ ᠳᠦᠷᠰᠦ ᠪᠠᠶᠢᠳᠠᠯ ᠢ ᠢᠯᠡᠷᠡᠭᠦᠯᠪᠡ᠃ ᠲᠠ ᠨᠠᠷ ︽ᠨᠡᠩ ᠲᠦᠷᠭᠡᠨ᠂ ᠨᠡᠩ ᠥᠨᠳᠥᠷ᠂ ᠨᠡᠩ ᠬᠦᠴᠦᠷᠬᠡᠭ᠂ ᠨᠡᠩ ᠪᠦᠯᠬᠦᠮᠳᠡᠯ ᠲᠠᠢ︾ ᠣᠯᠢᠮᠫᠢᠺ ᠤᠨ ᠰᠡᠴᠡᠨ ᠦᠭᠡ ᠶᠢ ᠢᠳᠡᠪᠬᠢᠲᠡᠢ ᠦᠢᠯᠡᠳᠦᠯᠭᠡᠵᠢᠭᠦᠯᠵᠦ᠂ ᠳᠡᠯᠡᠬᠡᠢ ᠶᠢᠨ ᠡᠯ᠎ᠡ ᠤᠯᠤᠰ ᠡᠯ᠎ᠡ ᠭᠠᠵᠠᠷ ᠣᠷᠣᠨ ᠤ ᠲᠠᠮᠢᠷᠴᠢᠳ ᠲᠠᠢ ᠡᠷᠬᠡ ᠲᠡᠭᠰᠢ ᠪᠠᠷ ᠦᠷᠢᠰᠦᠯᠳᠦᠵᠦ᠂ ᠨᠥᠬᠦᠷᠰᠡᠭ ᠢᠶᠠᠷ ᠰᠣᠯᠢᠯᠴᠠᠵᠤ᠂ ᠤᠷ᠎ᠠ ᠮᠡᠷᠭᠡᠵᠢᠯ ᠢᠶᠠᠨ ᠨᠡᠮᠡᠭᠳᠡᠭᠦᠯᠵᠦ᠂ ᠨᠥᠬᠦᠷᠯᠡᠯ ᠢᠶᠠᠨ ᠵᠤᠵᠠᠭᠠᠳᠬᠠᠵᠤ᠂ ᠳᠡᠯᠡᠬᠡᠢ ᠳ᠋ᠠᠬᠢᠨ ᠳᠤ ᠳᠤᠮᠳᠠᠳᠤ ᠤᠯᠤᠰ ᠤᠨ ᠬᠦᠴᠦᠨ ᠴᠢᠳᠠᠯ ᠪᠣᠯᠤᠨ ᠳᠤᠮᠳᠠᠳᠤ ᠤᠯᠤᠰ ᠤᠨ ᠲᠦᠷᠢ ᠲᠥᠷᠬᠦ ᠶᠢ ᠢᠯᠡᠷᠡᠭᠦᠯᠵᠦ᠂ ᠳᠤᠮᠳᠠᠳᠤ ᠤᠯᠤᠰ ᠤᠨ ᠲᠠᠭᠤᠨ ᠪᠣᠯᠤᠨ ᠳᠤᠮᠳᠠᠳᠤ ᠤᠯᠤᠰ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠲᠠ ᠨᠠᠷ ᠤᠨ ᠰᠢᠯᠢᠳᠡᠭ ᠬᠢᠷᠢ ᠪᠦᠲᠦᠮᠵᠢ ᠪᠠ ᠭᠠᠷᠮᠠᠭᠠᠢ ᠢᠯᠡᠷᠡᠯ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠡᠭᠡ ᠣᠷᠣᠨᠴᠢ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠦᠨᠳᠦᠰᠦᠲᠡᠨ ᠤ ᠵᠣᠷᠢᠭ ᠰᠠᠨᠠᠭ᠎ᠠ ᠶᠢ ᠬᠥᠭᠵᠢᠭᠡᠨ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠤᠭᠰᠠᠨ ᠪᠠᠶᠢᠨ᠎ᠠ᠃    ᠲᠠᠨᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠬᠠᠷᠠᠯᠲᠠ ᠪᠠᠨ ᠲᠣᠭᠲᠠᠭᠠᠵᠤ᠂ ᠤᠯᠤᠰ ᠣᠷᠣᠨ ᠳᠠᠭᠠᠨ ᠢᠷᠠᠭᠤ ᠠᠯᠳᠠᠷ ᠣᠯᠭᠤᠬᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠰᠢᠨ᠎ᠡ ᠨᠣᠶᠠᠨ ᠤᠷᠬᠢᠯ ᠳᠤ ᠲᠠᠰᠤᠷᠠᠯᠳᠠ ᠦᠭᠡᠢ ᠠᠪᠠᠷᠢᠵᠤ᠂ ᠤᠯᠠᠨ ᠲᠦᠮᠡᠨ ᠤ ᠪᠡᠶ᠎ᠡ ᠶᠢᠨ ᠲᠠᠮᠢᠷ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠥᠷᠨᠢᠭᠦᠨ ᠬᠥᠭᠵᠢᠯᠲᠡ ᠶᠢ ᠲᠠᠶᠢᠴᠢᠯᠠᠵᠤ᠂ ᠳᠤᠮᠳᠠᠳᠤ ᠤᠯᠤᠰ ᠤᠨ ᠮᠠᠶᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠡᠬᠡ ᠤᠯᠤᠰ ᠪᠣᠯᠤᠨ ᠠᠷᠠᠳ ᠲᠦᠮᠡᠨ ᠲᠠ ᠨᠠᠷ ᠤᠨ ᠢᠯᠠᠯᠲᠠ ᠲᠠᠢ ᠪᠠᠷ ᠪᠤᠴᠠᠵᠤ ᠢᠷᠡᠬᠦ ᠶᠢ ᠬᠦᠰᠡᠨ ᠬᠦᠯᠢᠶᠡᠵᠦ ᠪᠠᠶᠢᠨ᠎ᠠ︕    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠃     ᠲᠥᠷᠥ ᠶᠢᠨ ᠶᠠᠪᠤᠳᠠᠯ ᠤᠨ ᠬᠤᠷᠢᠶ᠎ᠠ    2024 ᠣᠨ ᠤ 8 ᠳ᠋ᠤᠭᠠᠷ ᠰᠠᠷ᠎ᠠ ᠶᠢᠨ 11 ᠤ ᠡᠳᠦᠷ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号