ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠪᠠ ᠡᠮᠡᠭᠲᠡᠶᠢᠴᠦᠳ ᠤᠨ ᠬᠤᠯᠪᠤᠭ᠎ᠠ ᠳᠤ ᠬᠦᠷᠴᠦ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/8/13
     8 ᠰᠠᠷ᠎ᠠ ᠶᠢᠨ 9 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭ᠎ᠠ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠪᠠ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠳᠤ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ  ᠪᠦᠷᠢᠯᠳᠦᠭᠦᠨ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠳᠡᠳ᠋ ᠰᠤᠷᠭᠠᠭᠤᠯᠢ ︵ᠳᠡᠭᠡᠳᠦ ᠰᠤᠷᠭᠠᠭᠤᠯᠢ︶ ᠶᠢᠨ ᠵᠠᠬᠢᠷᠤᠯ ᠠᠨ ᠵᠢᠩ ᠽᠧ ︽ᠰᠢᠨ᠎ᠡ ᠠᠶᠠᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯᠯᠠᠭᠠᠨ ᠤ ᠬᠥᠲᠥᠯᠪᠦᠷᠢ — ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ︾ ᠪᠠᠷ ᠭᠤᠣᠯ ᠰᠡᠳᠦᠪ ᠪᠤᠯᠭᠠᠵᠤ᠂ ︽ᠡᠨᠡ ᠤᠳᠠᠭ᠎ᠠ ᠶᠢᠨ ᠪᠦᠭᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ   ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠳᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠮᠥᠨ︾᠂ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ︾᠂ ︽︿ᠲᠣᠭᠲᠠᠭᠠᠯ﹀ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠣᠨᠣᠪᠴᠢᠲᠠᠶ ᠣᠶᠢᠯᠠᠭᠠᠬᠤ︾᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ︾ ᠳᠥᠷᠪᠡᠨ ᠲᠠᠯ᠎ᠠ ᠠᠴᠠ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠲᠣᠳᠣᠷᠬᠠᠶᠢᠯᠠᠵᠤ ᠭᠦᠨᠵᠡᠭᠡᠢ ᠲᠠᠶᠢᠯᠪᠤᠷᠢᠯᠠᠪᠠ᠃ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠨᠠᠷᠢᠨ ᠪᠣᠳᠠᠲᠠᠢ᠂ ᠭᠤᠣᠯᠳᠠᠯᠭ᠎ᠠ ᠨᠢ ᠲᠣᠪᠤᠶᠢᠮ᠎ᠠ ᠪᠠᠶᠢᠵᠤ᠂ ᠭᠥᠯᠢᠶᠡᠨ ᠠᠪᠤᠭᠰᠠᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠣᠨᠣᠪᠴᠢᠲᠠᠢ ᠡᠵᠡᠮᠰᠢᠬᠦ ᠳᠤ ᠠᠰᠢᠭᠲᠠᠢ ᠶᠤᠮ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠺᠠᠳ᠋ᠷ ᠸᠠᠩ ᠵᠢᠩ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢ ᠰᠣᠨᠣᠰᠤᠭᠠᠳ᠄ ︽ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠠᠭᠤᠯᠤᠭᠳᠠᠬᠤᠨ ᠨᠢ ᠡᠯᠪᠡᠭ ᠪᠠᠶᠠᠯᠢᠭ᠂ ᠭᠦᠨᠵᠡᠭᠡᠢ ᠪᠥᠭᠡᠳ ᠣᠶᠢᠯᠠᠭᠠᠮᠵᠢᠲᠠᠢ᠂ ᠰᠣᠨᠣᠰᠤᠭᠠᠳ ᠮᠠᠰᠢ ᠶᠡᠭᠡ ᠰᠡᠩᠬᠡᠷᠡᠭᠦᠯᠦᠯ ᠵᠣᠷᠢᠭᠵᠢᠭᠤᠯᠤᠯ ᠣᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠵᠠᠢ᠃ ᠪᠢᠳᠡ ᠵᠠᠪᠠᠯ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠲᠠᠯ᠎ᠠ ᠪᠠᠷ ᠰᠠᠶᠢᠨ ᠳᠠᠭᠠᠭᠤᠯᠤᠭᠴᠢ ᠪᠣᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠰᠡᠳᠬᠢᠬᠦᠢ ᠪᠠ ᠠᠷᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠠᠰᠠᠭᠤᠳᠠᠯ ᠢ ᠰᠢᠢᠳᠪᠦᠷᠢᠯᠡᠨ᠂ ᠬᠥᠭᠵᠢᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠦᠢᠯᠡᠴᠢᠯᠡᠭᠡ ᠪᠠᠲᠤᠯᠠᠭ᠎ᠠ ᠬᠠᠩᠭᠠᠬᠤ ᠳᠤᠮᠳᠠ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︾ ᠭᠡᠵᠦ ᠰᠡᠳᠬᠢᠯ ᠳᠣᠭᠳᠣᠯᠤᠨ ᠬᠡᠯᠡᠪᠡ᠃    ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭ᠎ᠠ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ᠂ ᠦᠢᠯᠡᠳᠦᠯᠭᠡ ᠰᠡᠳᠬᠦᠯ ᠤᠨ ᠬᠤᠷᠢᠶᠠᠨ ᠤ ᠶᠡᠷᠦᠩᠬᠡᠢ ᠨᠠᠶᠢᠷᠠᠭᠤᠯᠤᠭᠴᠢ ᠵᠠᠩ ᠢ ᠮᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠶᠡᠷᠦᠩᠬᠡᠢ ᠪᠠᠶᠢᠳᠠᠯ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠣᠨᠣᠪᠴᠢᠲᠠᠶ ᠣᠶᠢᠯᠠᠭᠠᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠵᠡᠷᠭᠡ ᠲᠦᠷᠪᠡᠨ ᠲᠠᠯ᠎ᠠ ᠠᠴᠠ ᠪᠦᠭᠦ ᠣᠷᠣᠨ ᠤ ᠡᠮᠡᠭᠲᠡᠶᠢᠴᠦᠳ ᠤᠨ ᠬᠤᠯᠪᠤᠭ᠎ᠠ ᠶᠢᠨ ᠺᠠᠳ᠋ᠷ ᠠᠵᠢᠯᠲᠠᠨ ᠠᠵᠢᠯᠴᠢᠨ ᠳᠤ ᠤᠬᠠᠭᠤᠯᠤᠨ ᠲᠠᠶᠢᠯᠪᠤᠷᠢᠯᠠᠵᠤ᠂ ᠤᠬᠠᠭᠤᠯᠤᠨ ᠲᠠᠶᠢᠯᠪᠤᠷᠢᠯᠠᠭᠰᠠᠨ ᠠᠭᠤᠯᠭ᠎ᠠ ᠨᠢ ᠠᠮᠢᠳᠤᠯᠢᠭ ᠪᠣᠳᠠᠲᠠᠢ᠂ ᠭᠦᠨᠵᠡᠭᠡᠢ ᠣᠶᠢᠯᠠᠭᠠᠮᠵᠢᠲᠠᠢ ᠪᠣᠯᠪᠠ᠃     ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭ᠎ᠠ ᠶᠢᠨ ᠬᠠᠷᠢᠭᠤᠴᠠᠯᠭᠠᠲᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠷ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠪᠦᠲᠦᠮᠵᠢᠲᠡᠶ ᠭᠦᠢᠴᠡᠳᠬᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠦᠶ᠋ᠯᠡ ᠠᠵᠢᠯᠯᠠᠭ᠎ᠠ ᠪᠠᠨ ᠨᠢᠭᠡᠳᠬᠡᠵᠦ᠂ ᠣᠳᠣᠬᠢᠴᠢᠯᠠᠭᠰᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠡᠮᠡᠭᠲᠡᠶᠢᠴᠦᠳ ᠤᠨ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦ ᠣᠷᠣᠭᠤᠯᠤᠨ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠰᠠᠶᠢᠲᠤᠷ ᠬᠢᠵᠦ᠂ ᠡᠮᠡᠭᠲᠡᠶᠢᠴᠦᠳ ᠤᠨ ᠬᠤᠯᠪᠤᠭ᠎ᠠ ᠶᠢᠨ ᠰᠢᠰᠲ᠋ᠧᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠨᠡᠩ ᠤᠯᠠᠨ  ᠠᠮᠢᠵᠢᠷᠠᠯ ᠤᠨ   ᠬᠦᠴᠦᠨ ᠲᠠᠢ᠂ ᠣᠨᠴᠠᠯᠢᠭ ᠲᠠᠢ᠂ ᠨᠥᠯᠥᠭᠡ ᠲᠠᠢ ᠤᠬᠠᠭᠤᠯᠤᠨ ᠲᠠᠶᠢᠯᠪᠤᠷᠢᠯᠠᠬᠤ ᠲᠦᠷᠦᠯ ᠲᠡᠮᠳᠡᠭ ᠢ ᠡᠭᠦᠳᠬᠦ ᠬᠡᠷᠡᠭᠲᠡᠢ ᠭᠡᠵᠦ ᠢᠯᠡᠳᠬᠡᠪᠡ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号