ᠰᠢᠩ ᠶᠣᠣ ᠪᠠᠯᠭᠠᠰᠤ ︽ᠵᠠᠯᠠᠭᠤ ᠨᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠨᠡᠶᠢᠭᠡᠮ ᠤᠨ ᠦᠶ᠋ᠯᠡᠳᠦᠯᠭᠡ ᠶᠢᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃
ᠨᠡᠶᠢᠲᠡᠯᠡᠭᠰᠡᠨ ᠴᠠᠭ᠄
2024/8/14
    ᠶᠡᠷᠦᠩᠬᠡᠶ ᠱᠦᠵᠢ ᠰᠢ ᠶᠢᠨ ᠫᠢᠩ ᠤᠨ ᠵᠠᠯᠠᠭᠤᠴᠤᠳ ᠤᠨ ᠠᠵᠢᠯ ᠤᠨ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠵᠠᠯᠠᠭᠤᠴᠤᠳ ᠢ ᠬᠥᠲᠥᠯᠥᠨ ᠵᠢᠯᠣᠭᠤᠳᠴᠤ ᠦᠨᠳᠦᠰᠦᠨ ᠱᠠᠲᠤᠨ ᠳᠤ ᠦᠨᠳᠦᠰᠦ ᠬᠠᠳᠬᠤᠭᠤᠯᠵᠤ᠂ ᠦᠶ᠋ᠯᠡᠳᠦᠯᠭᠡ ᠶᠢᠨ ᠳᠤᠮᠳᠠ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾᠎ ᠢ ᠬᠥᠳᠡᠭᠡ ᠲᠣᠰᠬᠤᠨ ᠳᠤ ᠬᠦᠷᠭᠡᠬᠦ᠂ ᠨᠡᠶᠢᠭᠡᠮ ᠤᠨ ᠬᠢᠴᠢᠶᠡᠯ ᠤᠨ ᠲᠠᠩᠬᠢᠮ ᠳᠤ ︽ᠬᠥᠮᠦᠵᠢᠯ ᠭᠥᠷᠳᠡᠬᠦ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠬᠦ᠂ ᠬᠤᠪᠢ ᠨᠡᠮᠡᠷᠢ ᠦᠵᠡᠭᠦᠯᠬᠦ︾᠎ ᠶᠢ ᠳᠡᠮᠵᠢᠬᠦ ᠶᠢᠨ ᠲᠥᠯᠥᠭᠡ᠂ ᠣᠶᠢᠷ᠎ᠠ ᠳᠤ᠂ ᠮᠠᠨ ᠤ ᠪᠠᠯᠭᠠᠰᠤ ︽ᠵᠠᠯᠠᠭᠤ ᠨᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠨᠡᠶᠢᠭᠡᠮ ᠤᠨ ᠦᠶ᠋ᠯᠡᠳᠦᠯᠭᠡ ᠶᠢᠨ ᠭᠤᠤᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃    ᠠᠵᠢᠯᠯᠠᠭ᠎ᠠ ᠳᠤᠮᠳᠠ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠯᠠᠭᠤ ᠨᠠᠰᠤᠨ ᠤ ᠡᠭᠦᠷᠭᠡᠯᠡᠯ︾᠎ ᠤᠨ ᠭᠤᠣᠯ ᠰᠡᠳᠦᠪ ᠤᠨ ᠲᠣᠭᠤᠷᠢᠨ ᠳᠤ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠡᠷᠡᠴᠢᠯᠡᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠢᠩ ᠮᠤᠩ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠪᠠᠷᠠᠭᠤᠨ ᠬᠤᠶᠢᠲᠤ ᠶᠢᠨ ᠤᠯᠠᠭᠠᠨ ᠡᠪᠡᠰᠦ ᠪᠣᠷᠳᠤᠭ᠎ᠠ ᠶᠢᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠰᠤᠳᠤᠯᠤᠨ ᠨᠡᠭᠡᠭᠡᠬᠦ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠲᠠᠶᠢᠯᠤᠮᠵᠢ ᠶᠢ ᠰᠣᠨᠣᠰᠬᠤ ᠪᠠᠷ ᠳᠠᠮᠵᠢᠭᠤᠯᠤᠨ᠂ ᠲᠤᠬᠠᠢ ᠶᠢᠨ ᠲᠠᠯᠠᠪᠠᠢ ᠶᠢᠨ ᠠᠰᠠᠭᠤᠯᠲᠠ ᠶᠢ ᠠᠰᠠᠭᠤᠬᠤ ᠲᠠᠢ ᠤᠶᠠᠯᠳᠤᠭᠤᠯᠵᠤ᠂ ᠤᠯᠠᠨ ᠳᠤ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠨ ᠢ ᠮᠡᠳᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠲᠠᠨᠢᠯᠲᠠ ᠶᠢ ᠨᠢ ᠴᠢᠩᠭᠠᠳᠬᠠᠵᠤ᠂  ᠬᠥᠳᠡᠭᠡ  ᠲᠣᠰᠬᠤᠨ ᠎ ᠢ  ᠬᠥᠭᠵᠢᠭᠦᠯᠦᠨ  ᠮᠠᠨᠳᠤᠭᠤᠯᠬᠤ  ᠰᠠᠶᠢᠨ ᠰᠠᠶᠢᠬᠠᠨ ᠢᠷᠡᠭᠡᠳᠦᠢ ᠶᠢ ᠪᠡᠶᠡᠴᠢᠯᠡᠨ ᠣᠶᠢᠯᠠᠭᠠᠵᠤ ᠮᠡᠳᠡᠷᠡᠭᠦᠯᠪᠡ᠃    ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠵᠠᠯᠠᠭᠤᠴᠤᠳ ᠬᠥᠳᠡᠭᠡ ᠠᠵᠤ ᠠᠬᠤᠶ ᠬᠥᠳᠡᠭᠡ ᠲᠣᠰᠬᠤᠨ ᠤ ᠬᠥᠭᠵᠢᠯᠲᠡ ᠶᠢᠨ ᠲᠤᠬᠠᠶ ᠨᠠᠩ ᠪᠥᠬᠦ ᠲᠠᠯ᠎ᠠ ᠶᠢᠨ ᠲᠠᠨᠢᠯᠲᠠ ᠲᠠᠢ ᠪᠣᠯᠵᠣ᠂ ᠮᠠᠨ ᠤ ᠪᠠᠯᠭᠠᠰᠤ ᠦᠷᠭᠦᠯᠵᠢᠯᠡᠨ ᠵᠠᠯᠠᠭᠤᠴᠤᠳ ᠤᠨ ᠦᠨᠳᠦᠰᠦᠨ ᠱᠠᠲᠤᠨ ᠤ ᠠᠷᠠᠳ ᠤᠨ ᠪᠠᠶᠢᠳᠠᠯ ᠢ ᠣᠶᠢᠯᠠᠭᠠᠵᠤ᠂ ᠰᠤᠷᠬᠤ ᠪᠠ ᠰᠤᠷᠬᠤ ᠭᠠᠵᠠᠷ ᠤᠨ ᠳᠠᠪᠠᠭᠤᠯᠢᠭ ᠢᠶᠠᠨ ᠠᠰᠢᠭᠯᠠᠨ ᠨᠥᠬᠦᠴᠡᠯ ᠪᠦᠷᠢᠯᠳᠦᠭᠦᠯᠵᠦ᠂ ᠵᠠᠯᠠᠭᠤᠴᠤᠳ ᠤᠨ ᠡᠷᠳᠡᠮ ᠮᠡᠳᠡᠯᠭᠡ ᠰᠤᠷᠴᠤ ᠴᠢᠳᠠᠪᠤᠷᠢᠲᠠᠨ ᠪᠣᠯᠬᠤ ᠪᠠ ᠨᠤᠲᠤᠭ ᠤᠨ ᠠᠷᠠᠳ ᠲᠦᠮᠡᠨ ᠳᠡᠭᠡᠨ ᠦᠶ᠋ᠯᠡᠴᠢᠯᠡᠬᠦ ᠬᠤᠤᠰ ᠴᠢᠭᠯᠡᠯ ᠢᠶᠠᠷ ᠤᠷᠤᠭᠰᠢᠯᠠᠬᠤ ᠶᠢ ᠠᠬᠢᠭᠤᠯᠵᠤ᠂ ᠥᠷᠭᠡᠨ ᠣᠯᠠᠨ ᠵᠠᠯᠠᠭᠤᠴᠤᠳ ᠢ ᠬᠥᠲᠥᠯᠥᠨ ᠳᠠᠭᠠᠭᠤᠯᠵᠤ ᠪᠠᠶᠢᠭᠠᠳ ᠮᠡᠳᠡᠯᠭᠡ ᠪᠠᠷ ᠢᠶᠠᠨ ᠦᠨᠳᠦᠰᠦᠨ ᠱᠠᠲᠤᠨ ᠤ ᠪᠥᠲᠥᠭᠡᠨ ᠪᠠᠶᠢᠭᠤᠯᠤᠯᠲᠠ ᠳᠤ ᠦᠶ᠋ᠯᠡᠴᠢᠯᠡᠭᠦᠯᠵᠦ᠂ ᠬᠤᠶᠠᠷ ᠭᠠᠷ ᠢᠶᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠣᠷᠭᠢᠯᠤᠮ᠎ᠠ ᠬᠠᠯᠠᠭᠤᠨ ᠦᠶ᠋ᠯᠡᠳᠦᠯᠭᠡ ᠶᠢᠨ ᠳᠤᠮᠳᠠ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠥᠪᠡᠷ ᠤᠨ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号