ᠶᠡᠬᠡᠨᠠᠭᠤᠷ ᠰᠤᠮᠤ ᠨᠠᠶᠢᠳᠠᠨ ᠬᠠᠮᠢᠶᠠᠷᠤᠭᠤᠯᠬᠤ ᠡᠳ᠋ ᠬᠥᠷᠥᠩᠭᠡ ᠶᠢ ᠰᠢᠶ᠋ᠳᠪᠦᠷᠢᠯᠡᠬᠦ ᠶᠢ ᠠᠬᠢᠭᠤᠯᠬᠤ ᠬᠤᠷᠠᠯ ᠬᠤᠷᠠᠯᠳᠤᠭᠤᠯᠪᠠ᠃
ᠨᠡᠶᠢᠲᠡᠯᠡᠭᠰᠡᠨ ᠴᠠᠭ᠄
2024/8/14
    8 ᠰᠠᠷ᠎ᠠ ᠶᠢᠨ 13 ᠤ ᠡᠳᠦᠷ᠂ ᠶᠡᠭᠡ ᠨᠠᠭᠤᠷ ᠰᠤᠮᠤ ᠨᠠᠶᠢᠳᠠᠨ ᠬᠠᠮᠢᠶᠠᠷᠤᠭᠤᠯᠬᠤ ᠡᠳ᠋ ᠬᠥᠷᠥᠩᠭᠡ ᠶᠢ ᠰᠢᠶ᠋ᠳᠪᠦᠷᠢᠯᠡᠬᠦ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠨᠠᠶᠢᠳᠠᠨ ᠬᠠᠮᠢᠶᠠᠷᠤᠭᠤᠯᠬᠤ ᠪᠠᠯᠠ ᠮᠥᠩᠭᠦ ᠶᠢ ᠬᠠᠮᠢᠶᠠᠷᠴᠤ ᠰᠢᠶ᠋ᠳᠪᠦᠷᠢᠯᠡᠬᠦ ᠠᠷᠭ᠎ᠠ ᠮᠠᠶ᠋ᠢᠭ ᠲᠤ ᠴᠢᠭᠯᠡᠭᠦᠯᠦᠨ ᠶᠠᠷᠢᠯᠴᠠᠵᠤ᠂ ᠬᠤᠷᠠᠯ ᠢ ᠰᠤᠮᠤᠨ ᠳᠠᠷᠤᠭ᠎ᠠ ᠰᠢᠭᠤᠷᠭᠠᠨ ᠡᠷᠭᠢᠯᠡᠵᠦ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠰᠤᠮᠤᠨ ᠳᠠᠷᠤᠭ᠎ᠠ ᠪᠣᠯᠤᠨ ᠡᠯ᠎ᠡ ᠭᠠᠴᠠᠭᠠᠨ ᠤ ᠱᠦᠵᠢ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠮᠠᠨ ᠤ ᠰᠤᠮᠤ ᠶᠢᠨ ᠨᠠᠶᠢᠳᠠᠨ ᠬᠠᠮᠢᠶᠠᠷᠤᠭᠤᠯᠤᠭᠰᠠᠨ ᠡᠳ᠋ ᠬᠥᠷᠥᠩᠭᠡ ᠶᠢᠨ ᠲᠥᠷᠥᠯ ᠵᠦᠶ᠋ᠯ ᠤᠨ ᠬᠠᠮᠢᠶᠠᠷᠤᠯᠲᠠ ᠶᠢᠨ ᠪᠠᠶᠢᠳᠠᠯ ᠢ ᠨᠡᠶᠢᠲᠡᠯᠡᠵᠦ᠂ ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠠᠰᠢᠭ ᠣᠷᠣᠯᠭ᠎ᠠ ᠶᠢᠨ ᠪᠠᠯᠠ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠰᠢᠭ ᠣᠷᠣᠯᠭ᠎ᠠ ᠶᠢᠨ ᠪᠠᠯᠠ ᠮᠥᠩᠭᠦ ᠶᠢᠨ ᠲᠤᠰᠬᠠᠶ ᠵᠦᠶ᠋ᠯ ᠤᠨ ᠬᠠᠮᠢᠶᠠᠷᠤᠯᠲᠠ ᠶᠢ ᠴᠢᠩᠳᠠᠯᠠᠵᠤ᠂ ᠠᠰᠢᠭ ᠣᠷᠣᠯᠭ᠎ᠠ ᠶᠢᠨ ᠪᠠᠯᠠ ᠮᠥᠩᠭᠦ ᠶᠢᠨ ᠬᠡᠷᠡᠭᠯᠡᠬᠦ ᠲᠠᠰ ᠳᠠᠷᠠᠭᠠᠯᠠᠯ ᠢ ᠵᠢᠷᠤᠮᠵᠢᠭᠤᠯᠵᠤ᠂ ᠠᠰᠢᠭ ᠣᠷᠣᠯᠭ᠎ᠠ ᠶᠢᠨ ᠪᠠᠯᠠ ᠮᠥᠩᠭᠦ ᠶᠢ ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ ᠵᠦᠶ᠋ᠯᠡᠰ ᠲᠤ ᠬᠡᠷᠡᠭᠯᠡᠬᠦ ᠶᠢ ᠬᠤᠷᠢᠭᠯᠠᠵᠤ᠂ ᠠᠰᠢᠭ ᠣᠷᠣᠯᠭ᠎ᠠ ᠶᠢᠨ ᠪᠠᠯᠠ ᠮᠥᠩᠭᠦ ᠶᠢ ᠦᠨᠡᠨ ᠬᠦ ᠪᠣᠳᠠᠲᠠᠶ ᠬᠡᠷᠡᠭᠯᠡᠬᠦ ᠬᠡᠷᠡᠭᠲᠡᠶ᠃ ᠬᠤᠶᠠᠷ ᠲᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ᠂ ᠭᠠᠴᠠᠭ᠎ᠠ ᠠᠴᠠ ᠲᠤᠰ ᠭᠠᠴᠠᠭᠠᠨ ᠤ ᠨᠠᠶᠢᠳᠠᠨ ᠬᠠᠮᠢᠶᠠᠷᠤᠭᠤᠯᠤᠭᠰᠠᠨ ᠡᠳ᠋ ᠬᠥᠷᠥᠩᠭᠡ ᠶᠢᠨ ᠪᠠᠶᠢᠳᠠᠯ ᠢ ᠪᠦᠬᠦ ᠲᠠᠯ᠎ᠠ ᠪᠠᠷ ᠮᠥᠷᠳᠡᠨ ᠬᠢᠨᠠᠯᠲᠠ ᠲᠠᠯᠪᠢᠵᠤ᠂ ᠡᠳ᠋ ᠬᠥᠷᠥᠩᠭᠡ ᠶᠢ ᠭᠡᠭᠡᠭᠳᠡᠭᠦᠯᠬᠦ ᠦᠭᠡᠢ᠂ ᠨᠡᠭᠦᠯᠭᠡᠨ ᠬᠡᠷᠡᠭᠯᠡᠬᠦ ᠦᠭᠡᠢ ᠪᠠᠶᠢᠬᠤ ᠶᠢ ᠪᠠᠲᠤᠯᠠᠨ᠎ᠠ᠃ ᠭᠤᠷᠪᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠶᠢᠳᠠᠨ ᠬᠠᠮᠢᠶᠠᠷᠤᠭᠤᠯᠬᠤ ᠬᠡᠯᠡᠯᠴᠡᠭᠡᠷ ᠤᠨ ᠬᠤᠭᠤᠴᠠᠭ᠎ᠠ ᠲᠤᠯᠬᠤ ᠠᠴᠠ ᠡᠮᠦᠨ᠎ᠡ ᠡᠯ᠎ᠡ ᠭᠠᠴᠠᠭ᠎ᠠ ᠴᠠᠭ ᠲᠤᠬᠠᠶ ᠳᠤᠨᠢ ᠪᠠᠯᠠ ᠮᠥᠩᠭᠦ ᠶᠢᠨ ᠬᠡᠷᠡᠭᠯᠡᠯᠲᠡ ᠶᠢᠨ ᠴᠢᠭᠯᠡᠯ ᠢ ᠲᠥᠯᠥᠪᠯᠡᠵᠦ᠂ ᠠᠵᠤ ᠦᠶ᠋ᠯᠡᠰ ᠤᠨ ᠲᠥᠷᠥᠯ ᠵᠦᠶ᠋ᠯ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠠᠯᠠ ᠮᠥᠩᠭᠦ ᠶᠢ ᠲᠥᠯᠥᠪᠯᠡᠭᠰᠡᠨ ᠲᠥᠷᠥᠯ ᠵᠦᠶ᠋ᠯ ᠳᠡᠭᠡᠨ ᠤᠷᠢᠳᠠᠪᠠᠷ ᠣᠷᠣᠭᠤᠯᠬᠤ ᠶᠢ ᠪᠠᠲᠤᠯᠠᠬᠤ ᠬᠡᠷᠡᠭᠲᠡᠶ᠃
 
ᠢᠷᠡᠯᠲᠡ᠄ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠬᠠᠭᠤᠯᠬᠤ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号