ᠮᠢᠩᠭᠠᠨᠲᠤ ᠶᠢᠨ ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠣᠶᠣᠯ ᠤᠨ ᠢᠲᠡᠭᠡᠯ ᠢ ᠨᠡᠮᠡᠭᠳᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠎ᠠ᠃
ᠨᠡᠶᠢᠲᠡᠯᠡᠭᠰᠡᠨ ᠴᠠᠭ᠄
2024/8/19
    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ ︵2024 ᠣᠨ ᠤ 7 ᠰᠠᠷ᠎ᠠ ᠶᠢᠨ 18᠎ ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠪᠠᠲᠤᠯᠠᠪᠠ︶᠎ ᠳᠤ᠄ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠣᠳᠠᠰ ᠤᠨ ᠪᠣᠯᠪᠠᠰᠤᠨ ᠪᠠ ᠣᠶᠤᠨ ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ ᠮᠥᠨ᠃ ᠡᠷᠬᠡᠪᠰᠢ ᠰᠣᠶᠣᠯ ᠤᠨ ᠢᠲᠡᠭᠡᠯ ᠢᠶᠠᠨ ᠨᠡᠮᠡᠭᠳᠡᠭᠦᠯᠵᠦ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠦᠨ᠂ ᠬᠤᠪᠢᠰᠬᠠᠯᠲᠤ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ᠂ ᠮᠡᠳᠡᠭᠡ ᠵᠠᠩᠭᠢ ᠶᠢᠨ ᠮᠡᠷᠭᠡᠵᠢᠯ ᠤᠨ ᠦᠳᠲᠡᠷ ᠲᠦᠷᠭᠡᠨ ᠬᠥᠭᠵᠢᠯᠲᠡ ᠶᠢᠨ ᠰᠢᠨ᠎ᠡ ᠪᠠᠶᠢᠳᠠᠯ ᠳᠤ ᠲᠦᠷᠭᠡᠨ ᠵᠣᠬᠢᠴᠠᠵᠤ᠂ ᠬᠡᠪᠴᠢᠶ᠎ᠡ ᠪᠠᠷ ᠠᠤᠭ᠎ᠠ ᠶᠡᠭᠡ ᠰᠢᠯᠢᠳᠡᠭ ᠰᠣᠶᠣᠯ ᠤᠨ ᠴᠢᠳᠠᠪᠤᠷᠢᠲᠠᠨ ᠤ ᠡᠩᠨᠡᠭᠡ ᠶᠢ ᠪᠤᠶᠢᠵᠢᠭᠤᠯᠤᠨ ᠪᠦᠷᠢᠯᠳᠦᠭᠦᠯᠵᠦ᠂ ᠪᠦᠬᠦ ᠦᠨᠳᠦᠰᠦᠲᠡᠨ ᠤ ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃    ᠰᠢᠯᠤᠭᠤᠨ ᠬᠥᠪᠡᠭᠡᠲᠦ ᠴᠠᠭᠠᠨ ᠬᠤᠰᠢᠭᠤ ᠪᠣᠯ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ ᠲᠡᠦᠬᠡ ᠰᠣᠶᠣᠯ ᠤᠨ ᠥᠪ ᠢᠶᠠᠷ ᠮᠠᠰᠢ ᠪᠠᠶᠠᠯᠢᠭ ᠪᠠᠶᠢᠵᠤ᠂ ᠮᠠᠨ ᠤ ᠤᠯᠤᠰ ᠤᠨ ᠴᠢᠩ ᠤᠯᠤᠰ ᠤᠨ ᠦᠶ᠎ᠡ ᠶᠢᠨ ᠠᠯᠳᠠᠷᠲᠤ ᠣᠳᠣᠨ ᠣᠷᠣᠨ ᠤ ᠡᠷᠳᠡᠮᠲᠡᠨ ᠮᠢᠩᠭᠠᠨᠲᠤ ᠶᠢᠨ ᠨᠤᠲᠤᠭ ᠪᠣᠯᠤᠨ᠎ᠠ᠃ 2002 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠴᠠᠭᠠᠨᠨᠠᠭᠤᠷ ᠪᠠᠯᠭᠠᠰᠤ ᠵᠢᠩᠬᠢᠨᠢ ᠪᠠᠷ ᠮᠢᠩᠭᠠᠨᠲᠤ ᠪᠠᠯᠭᠠᠰᠤ ᠭᠡᠵᠦ ᠨᠡᠷ᠎ᠡ ᠪᠠᠨ ᠬᠠᠯᠠᠪᠠ᠃ 2008 ᠣᠨ ᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠯᠤᠰ ᠤᠨ ᠣᠳᠣᠨ ᠣᠷᠣᠨ ᠤ ᠥᠷᠲᠡᠭᠡ ᠠᠴᠠ ᠪᠠᠶᠢᠭᠤᠯᠤᠭᠰᠠᠨ ᠮᠢᠩᠭᠠᠨᠲᠤ ᠣᠳᠣᠨ ᠣᠷᠣᠨ ᠤ ᠠᠵᠢᠭᠯᠠᠯᠲᠠ ᠶᠢᠨ ᠥᠷᠲᠡᠭᠡ ᠶᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠢᠩᠭᠠᠨᠲᠤ ᠪᠠᠯᠭᠠᠰᠤᠨ ᠤ ᠬᠠᠷᠢᠶᠠᠨ ᠳᠤ ᠪᠠᠶᠢᠭᠤᠯᠵᠠᠢ᠃ ᠡᠨᠡᠬᠦ ᠤᠯᠤᠰ ᠤᠨ ᠲᠡᠰ ᠤᠨ ᠭᠤᠣᠯᠳᠠᠯᠭ᠎ᠠ ᠲᠠᠢ ᠢᠨᠵᠧᠨᠧᠷᠢᠩ ᠪᠣᠯ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠬᠡ ᠤᠯᠤᠰ ᠤᠨ ᠤᠳᠤᠨ ᠣᠷᠣᠨ ᠤ ᠰᠤᠳᠤᠯᠭᠠᠨ ᠤ ᠦᠢᠯᠡᠰ ᠪᠣᠯᠤᠨ ᠭᠠᠵᠠᠷ ᠠᠴᠠ ᠤᠢᠢᠷ᠎ᠠ ᠣᠭᠲᠠᠷᠭᠤᠢ ᠶᠢᠨ ᠠᠮᠤᠷ ᠲᠦᠪᠰᠢᠨ ᠢ ᠬᠢᠨᠠᠨ ᠬᠡᠮᠵᠢᠬᠦ ᠢᠨᠵᠧᠨᠧᠷᠢᠩ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠪᠣᠯᠤᠨ᠎ᠠ᠂ ᠲᠡᠷᠡ ᠨᠢ ᠥᠪᠥᠷ ᠮᠣᠩᠭᠤᠯ ᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠤ ᠢᠷᠠᠭᠤ ᠠᠯᠳᠠᠷᠲᠤ ᠤᠯᠠᠮᠵᠢᠯᠠᠯ ᠢ ᠤᠯᠠᠮᠵᠢᠯᠠᠨ ᠪᠠᠳᠠᠷᠠᠭᠤᠯᠵᠠᠢ᠃    ᠨᠢᠭᠡ᠂ ᠮᠢᠩᠭᠠᠨᠲᠤ ᠶᠢᠨ ᠠᠭᠤᠤ ᠶᠡᠭᠡ ᠭᠠᠪᠢᠶ᠎ᠠ ᠵᠢᠳᠬᠦᠯ ᠪᠠ ᠭᠠᠷᠮᠠᠭᠠᠢ ᠠᠮᠵᠢᠯᠲᠠ ᠪᠦᠲᠦᠮᠵᠢ᠃ ᠮᠢᠩᠭᠠᠨᠲᠤ ︵1692 - 1765 ᠣᠨ︶ ᠪᠣᠯ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠲᠡᠦᠬᠡᠨ ᠳᠡᠭᠡᠷᠡᠬᠢ ᠠᠯᠳᠠᠷᠲᠤ ᠬᠥᠮᠦᠨ᠂ ᠴᠢᠩ ᠤᠯᠤᠰ ᠤᠨ ᠦᠶ᠎ᠡ ᠶᠢᠨ ᠣᠳᠣᠨ ᠣᠷᠣᠨ ᠤ ᠰᠤᠳᠤᠯᠭᠠᠲᠠᠨ᠂ ᠲᠣᠭᠠᠨ ᠤ ᠤᠬᠠᠭᠠᠨᠲᠠᠨ᠂ ᠭᠠᠵᠠᠷ ᠵᠦᠢ ᠶᠢᠨ ᠬᠡᠮᠵᠢᠨ ᠵᠢᠷᠤᠭᠠᠴᠢ᠃ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠳᠤᠮᠳᠠᠬᠢ ᠲᠥᠯᠥᠭᠡᠯᠡᠬᠦ ᠴᠢᠨᠠᠷᠲᠠᠢ ᠬᠥᠮᠦᠰ ᠪᠣᠯᠤᠨ᠎ᠠ᠂ ᠲᠡᠷᠡ ᠭᠦᠨ ᠵᠤᠵᠠᠭᠠᠨ ᠡᠬᠡ ᠣᠷᠣᠨᠴᠢ ᠰᠡᠳᠬᠢᠯᠭᠡ ᠲᠠᠢ ᠪᠠᠶᠢᠵᠤ᠂ ᠥᠪᠡᠷ ᠤᠨ ᠨᠢᠭᠡ ᠨᠠᠰᠤ ᠪᠠᠨ ᠳᠤᠮᠳᠠᠳᠤ ᠶᠢᠨ ᠦᠨᠳᠦᠰᠦᠲᠡᠨ ᠤ ᠣᠳᠣᠨ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠪᠠ ᠠᠵᠢᠭᠯᠠᠯᠲᠠ ᠶᠢᠨ ᠦᠢᠯᠡᠰ ᠲᠤ ᠵᠣᠷᠢᠭᠤᠯᠵᠤ᠂ ᠡᠬᠡ ᠤᠯᠤᠰ ᠤᠨ ᠣᠳᠣᠨ ᠣᠷᠣᠨ ᠤ ᠰᠢᠨᠵᠢᠯᠡᠬᠦ ᠤᠬᠠᠭᠠᠨ ᠰᠣᠶᠣᠯ ᠤᠨ ᠡᠷᠳᠡᠨᠢᠰ ᠤᠨ ᠬᠥᠮᠥᠷᠭᠡ ᠶᠢ ᠪᠠᠶᠠᠯᠢᠭᠵᠢᠭᠤᠯᠬᠤ ᠳᠤ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠡᠦᠬᠡᠨ ᠳᠤ ᠭᠡᠷᠡᠯ ᠰᠠᠴᠤᠷᠠᠩᠭᠤᠢ ᠬᠠᠭᠤᠳᠠᠰᠤ ᠶᠢ ᠦᠯᠡᠳᠡᠭᠡᠭᠰᠡᠨ ᠶᠤᠮ᠃    ᠮᠠᠨ ᠤ ᠤᠯᠤᠰ ᠪᠣᠯ ᠳᠡᠯᠡᠬᠡᠢ ᠳᠡᠭᠡᠷᠡᠬᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠢᠶᠠᠷ ᠬᠠᠮᠤᠭ ᠤᠨ ᠡᠷᠲᠡ᠂ ᠬᠠᠮᠤᠭ ᠤᠨ ᠬᠥᠭᠵᠢᠭᠰᠡᠨ ᠤᠯᠤᠰ ᠤᠨ ᠨᠢᠭᠡ ᠨᠢ ᠮᠥᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠥᠭᠵᠢᠯᠲᠡ ᠨᠢ ᠤᠳᠤᠨ ᠣᠷᠣᠨ ᠤ ᠰᠤᠳᠤᠯᠤᠯ ᠢ ᠱᠠᠭᠠᠷᠳᠠᠳᠠᠭ᠂ ᠡᠶᠢᠮᠦ ᠠᠴᠠ ᠮᠠᠨ ᠤ ᠤᠯᠤᠰ ᠴᠤ ᠳᠡᠯᠡᠬᠡᠢ ᠳᠡᠭᠡᠷ᠎ᠡ ᠤᠳᠤᠨ ᠣᠷᠣᠨ ᠤ ᠰᠤᠳᠤᠯᠤᠯ ᠢᠶᠠᠷ ᠬᠠᠮᠤᠭ ᠤᠨ ᠡᠷᠲᠡ ᠬᠥᠭᠵᠢᠭᠰᠡᠨ ᠤᠯᠤᠰ ᠤᠨ ᠨᠢᠭᠡ ᠨᠢ ᠮᠥᠨ᠂ ᠴᠠᠭ ᠦᠶ᠎ᠡ ᠨᠢᠭᠡᠪᠦᠷᠢ ᠳᠤ ᠴᠥᠮ ᠡᠭᠦᠳᠦᠨ ᠪᠦᠲᠦᠭᠡᠯᠲᠡ ᠲᠠᠢ᠂ ᠲᠡᠮᠳᠡᠭᠯᠡᠯ ᠲᠠᠢ ᠪᠠᠶᠢᠳᠠᠭ︔ ᠮᠠᠨ ᠤ ᠤᠯᠤᠰ ᠤᠨ ᠬᠠᠮᠤᠭ ᠡᠷᠲᠡᠨ ᠤ ᠰᠤᠳᠤᠷ ᠪᠢᠴᠢᠭ ᠲᠤ ᠳᠠᠷᠤᠢ ︽ᠴᠢᠨ ᠷᠦᠤᠤ ᠬᠤᠤ ᠲᠢᠶᠠᠨ︾᠂ ︽ᠠᠷᠠᠳ ᠤᠨ ᠴᠠᠭ ᠢ ᠬᠦᠨᠳᠦᠳᠬᠡᠨ ᠬᠦᠨᠳᠦᠳᠬᠡᠭᠰᠡᠨ︾ ᠲᠤᠬᠠᠢ ᠲᠡᠮᠳᠡᠭᠯᠡᠯ ᠪᠠᠶᠢᠳᠠᠭ︔ ᠡᠨᠡ ᠨᠢ ᠳᠤᠮᠳᠠᠳᠤ ᠶᠢᠨ ᠡᠪᠦᠭᠡ ᠳᠡᠭᠡᠳᠦᠰ ᠪᠠᠶᠢᠭᠠᠯᠢ ᠶᠢᠨ ᠦᠵᠡᠭᠳᠡᠯ ᠢ ᠠᠵᠢᠭᠯᠠᠬᠤ ᠶᠢ ᠮᠠᠰᠢ ᠴᠢᠬᠤᠯᠠᠴᠢᠯᠠᠵᠤ᠂ ᠪᠠᠶᠢᠭᠠᠯᠢ ᠶᠢᠨ ᠵᠢᠮ᠎ᠡ ᠶᠣᠰᠣ ᠶᠢ ᠡᠵᠡᠮᠰᠢᠵᠦ᠂ ᠨᠢᠭᠡ ᠵᠢᠯ ᠤᠨ ᠤᠯᠠᠷᠢᠯ ᠤᠨ ᠴᠠᠭ ᠢ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠵᠢᠯᠯᠠᠭ᠎ᠠ ᠶᠢ ᠴᠠᠭ ᠤᠯᠠᠷᠢᠯ ᠤᠨ ᠬᠥᠭᠵᠢᠯᠲᠡ ᠶᠣᠰᠣᠭᠠᠷ ᠴᠠᠭ ᠲᠤᠬᠠᠶ ᠳᠤᠨᠢ ᠶᠠᠪᠤᠭᠳᠠᠭᠤᠯᠬᠤ ᠶᠢ ᠬᠠᠷᠠᠭᠤᠯᠵᠤ ᠪᠠᠶᠢᠨ᠎ᠠ᠃    ᠳᠤᠮᠳᠠᠳᠤ ᠤᠯᠤᠰ ᠤᠨ ᠡᠷᠲᠡᠨ ᠤ ᠣᠳᠣᠨ ᠣᠷᠣᠨ ᠤ ᠰᠤᠳᠤᠯᠤᠯ ᠨᠢ ᠶᠡᠷᠦ ᠨᠢ ᠢᠯᠡ ᠲᠣᠳᠣ᠂ ᠵᠢᠩᠬᠢᠨᠢ ᠠᠯᠪᠠᠨ ᠶᠣᠰᠣᠨ ᠤ ᠥᠩᠭᠡ ᠪᠤᠳᠤᠭ ᠲᠠᠢ ᠪᠠᠶᠢᠵᠤ᠂ ᠣᠳᠣᠨ ᠣᠷᠣᠨ ᠤ ᠪᠠᠶᠢᠭᠤᠯᠤᠮᠵᠢ ᠨᠢ ᠲᠥᠪ ᠵᠠᠰᠠᠭ ᠤᠨ ᠣᠷᠳᠣᠨ ᠤ ᠨᠢᠭᠡᠳᠦᠯᠲᠡᠶ ᠬᠠᠮᠢᠶᠠᠷᠤᠯᠲᠠ ᠳᠣᠣᠷ᠎ᠠ᠂ ᠲᠥᠷᠥ ᠠᠴᠠ ᠰᠢᠭᠤᠳ ᠬᠠᠮᠢᠶᠠᠷᠴᠤ᠂ ᠠᠯᠢᠪᠠ ᠪᠦᠬᠦᠨ ᠢ ᠴᠥᠮ ᠵᠠᠰᠠᠭ ᠤᠨ ᠣᠷᠳᠣᠨ ᠠᠴᠠ ᠬᠠᠮᠢᠶᠠᠷᠬᠤ ᠶᠢᠨ ᠬᠠᠮᠲᠤ᠂ ᠡᠯ᠎ᠡ ᠦᠨᠳᠦᠰᠦᠲᠡᠨ ᠤ ᠰᠢᠨᠵᠢᠯᠡᠬᠦ ᠤᠬᠠᠭᠠᠨᠲᠠᠳ ᠢ ︽ᠲᠩᠷᠢ ᠶᠢ ᠰᠦᠰᠦᠭᠯᠡᠬᠦ ᠶᠠᠮᠤᠨ︾᠎ ᠤ ᠲᠤᠰᠢᠶᠠᠯ ᠳᠤ ᠲᠣᠬᠢᠷᠠᠭᠤᠯᠵᠠᠶ᠃ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠲᠥᠷᠥᠭᠰᠡᠨ ᠮᠢᠩᠭᠠᠨᠲᠤ ᠪᠣᠯ ᠳᠠᠷᠤᠶ ᠴᠢᠩ ᠤᠯᠤᠰ ᠤᠨ ᠲᠩᠷᠢ ᠲᠡᠳᠬᠦᠭᠴᠢ ᠶᠢᠨ ᠦᠶ᠎ᠡ ᠶᠢᠨ ︽ᠲᠩᠷᠢ ᠶᠢ ᠰᠦᠰᠦᠭᠯᠡᠬᠦ ᠶᠠᠮᠤᠨ︾᠎ ᠤ ᠬᠠᠮᠤᠭ ᠳᠡᠭᠡᠳᠦ ᠨᠣᠶᠠᠨ ︽ᠲᠩᠷᠢ ᠶᠢ ᠰᠦᠰᠦᠭᠯᠡᠬᠦ ᠶᠠᠮᠤᠨ︾ ᠪᠣᠯᠤᠨ᠎ᠠ᠃    ︽ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠳᠠᠭ︾᠂ ᠲᠠᠷᠢᠶᠠᠯᠠᠩ ᠦᠢᠯᠡᠳᠪᠦᠷᠢᠯᠡᠯ ᠨᠢ ᠣᠳᠣᠨ ᠣᠷᠣᠨ ᠴᠠᠭ ᠤᠯᠠᠷᠢᠯ ᠤᠨ ᠤᠬᠠᠭᠠᠨ ᠤ ᠵᠢᠯᠣᠭᠤᠳᠣᠯᠭ᠎ᠠ ᠶᠢ ᠬᠠᠮᠤᠭ ᠠᠴᠠ ᠢᠯᠡᠭᠦᠦ ᠱᠠᠭᠠᠷᠳᠠᠳᠠᠭ᠃ ᠮᠠᠨ ᠤ ᠤᠯᠤᠰ ᠪᠣᠯ ᠳᠡᠯᠡᠬᠡᠢ ᠳᠡᠭᠡᠷᠡᠬᠢ ᠬᠠᠮᠤᠭ ᠤᠨ ᠲᠤᠮᠤ ᠲᠠᠷᠢᠶᠠᠯᠠᠩ ᠤᠨ ᠤᠯᠤᠰ ᠮᠥᠨ᠂ ᠪᠦᠬᠦ ᠤᠯᠤᠰ ᠤᠨ ᠶᠡᠭᠡ ᠨᠢᠭᠡᠳᠦᠯ ᠢ ᠪᠠᠲᠤᠯᠠᠬᠤ ᠶᠢᠨ ᠲᠥᠯᠥᠭᠡ᠂ ᠪᠦᠬᠦ ᠤᠯᠤᠰ ᠤᠨ ᠡᠯ᠎ᠡ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠵᠢᠯᠯᠠᠭ᠎ᠠ ᠴᠠᠭ ᠤᠯᠠᠷᠢᠯ ᠤᠨ ᠬᠥᠭᠵᠢᠯᠲᠡ ᠶᠣᠰᠣᠭᠠᠷ ᠴᠠᠭ ᠲᠤᠬᠠᠢ ᠳᠤᠨᠢ ᠶᠠᠪᠤᠭᠳᠠᠵᠤ᠂ ᠮᠢᠩᠭᠠᠨᠲᠤ ︽ᠲᠩᠷᠢ ᠶᠢ ᠰᠦᠰᠦᠭᠯᠡᠬᠦ ᠶᠠᠮᠤᠨ ᠤ ᠬᠢᠨᠠᠭᠴᠢ︾ ᠪᠣᠯᠤᠭᠰᠠᠨ ᠤ ᠬᠤᠪᠢ ᠳᠤ᠂ ᠵᠢᠯ ᠪᠦᠷᠢ ᠲᠥᠪ ᠵᠠᠰᠠᠭ ᠤᠨ ᠣᠷᠳᠣᠨ ᠤ ᠨᠢᠭᠡᠳᠦᠯᠲᠡᠢ ᠬᠠᠮᠢᠶᠠᠷᠤᠯᠲᠠ ᠳᠣᠣᠷ᠎ᠠ᠂ ᠣᠨ ᠲᠣᠭᠠᠯᠠᠯ ᠤᠨ ︽ᠴᠠᠭ ᠤᠯᠠᠷᠢᠯ ᠤᠨ ᠦᠨᠳᠦᠰᠦᠨ ᠬᠠᠤᠯᠢ︾᠎ ᠶᠢ ᠬᠠᠷᠢᠭᠤᠴᠠᠨ ᠨᠠᠶᠢᠷᠠᠭᠤᠯᠤᠨ ᠵᠣᠬᠢᠶᠠᠵᠤ᠂ ᠪᠦᠬᠦ ᠤᠯᠤᠰ ᠤᠨ ᠡᠯ᠎ᠡ ᠭᠠᠵᠠᠷ ᠲᠤ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠠᠯᠪᠠᠨ ᠵᠠᠬᠢᠷᠭ᠎ᠠ᠂ ᠪᠠᠶᠢᠭᠤᠯᠤᠮᠵᠢ᠂ ᠬᠤᠳᠠᠯᠳᠤᠭᠠᠨ ᠤ ᠰᠠᠯᠠᠭ᠎ᠠ ᠮᠥᠴᠢᠷ ᠢᠯᠠᠩᠭᠤᠶ᠎ᠠ ᠪᠦᠬᠦ ᠤᠯᠤᠰ ᠤᠨ ᠡᠯ᠎ᠡ ᠭᠠᠵᠠᠷ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤ ᠪᠠᠷ ᠵᠢᠷᠤᠮᠯᠠᠨ ᠬᠡᠷᠡᠭᠵᠢᠭᠦᠯᠪᠡ᠃ ᠮᠢᠩᠭᠠᠨᠲᠤ ᠰᠧ ᠲᠢᠶᠠᠨ ᠵᠢᠶᠠᠨ ᠶᠠᠮᠤᠨ ᠳᠤ ᠬᠠᠮᠤᠭ ᠳᠡᠭᠡᠳᠦ ᠲᠤᠰᠢᠶᠠᠯᠲᠠᠨ ᠪᠠᠶᠢᠭᠰᠠᠨ ᠬᠤᠭᠤᠴᠠᠭᠠᠨ ᠳᠠᠭᠠᠨ ᠭᠤᠣᠯᠳᠠᠭᠤ ︽ᠴᠠᠭ ᠤᠯᠠᠷᠢᠯ ᠤᠨ ᠪᠢᠴᠢᠭ︾᠎ ᠢ ᠮᠣᠩᠭᠤᠯ ᠬᠡᠯᠡᠨ ᠳᠤ ᠣᠷᠴᠢᠭᠤᠯᠬᠤ ᠠᠵᠢᠯ ᠢ ᠤᠷᠲᠤ ᠬᠤᠭᠤᠴᠠᠭ᠎ᠠ ᠪᠠᠷ ᠬᠠᠷᠢᠭᠤᠴᠠᠵᠤ ᠪᠠᠶᠢᠪᠠ᠃ ᠡᠭᠦᠨ ᠠᠴᠠ ᠮᠢᠩᠭᠠᠲᠤ ᠲᠩᠷᠢ ᠶᠢ ᠰᠦᠰᠦᠭᠯᠡᠬᠦ ᠶᠠᠮᠤᠨ ᠳᠤ ᠬᠠᠯᠠᠰᠢᠷᠠᠯ ᠦᠭᠡᠢ ᠰᠢᠷᠭᠠᠭᠤ ᠠᠵᠢᠯᠯᠠᠭᠰᠠᠨ ᠢ ᠣᠯᠵᠤ ᠮᠡᠳᠡᠪᠡ᠂ ᠲᠡᠷᠡ ᠪᠣᠯ ᠲᠤᠬᠠᠶᠢᠯᠠᠭᠰᠠᠨ ᠠᠵᠢᠯ ᠳᠠᠭᠠᠨ ᠰᠢᠮᠳᠠᠳᠠᠭ ᠣᠳᠣᠨ ᠣᠷᠣᠨ ᠤ ᠲᠤᠰᠢᠶᠠᠯᠲᠠᠨ ᠮᠥᠷᠲᠡᠭᠡᠨ ᠪᠠᠰᠠ ᠣᠨᠣᠯ ᠤᠨ ᠰᠤᠳᠤᠯᠭᠠᠨ ᠤ ᠲᠠᠯ᠎ᠠ ᠪᠠᠷ ᠠᠮᠵᠢᠯᠲᠠ ᠣᠯᠤᠭᠰᠠᠨ ᠶᠤᠮ᠃ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠪᠠ ᠲᠠᠷᠢᠶᠠᠯᠠᠩ ᠦᠢᠯᠡᠳᠪᠦᠷᠢᠯᠡᠯ ᠤᠨ ᠦᠢᠯᠡᠳᠦᠯᠭᠡ ᠶᠢᠨ ᠲᠠᠯ᠎ᠠ ᠠᠴᠠ ᠠᠪᠴᠤ ᠦᠵᠡᠪᠡᠯ᠂ ᠮᠢᠩᠭᠠᠨᠲᠤ ᠶᠢᠨ ᠤᠳᠤᠨ ᠣᠷᠣᠨ ᠵᠢᠷᠤᠬᠠᠢ ᠶᠢᠨ ᠲᠠᠯ᠎ᠠ ᠪᠠᠷ ᠬᠢᠭᠰᠡᠨ ᠠᠵᠢᠯᠯᠠᠭ᠎ᠠ ᠨᠢ ᠦᠨᠡᠬᠡᠷ ᠲᠤᠬᠠᠢ ᠶᠢᠨ ᠦᠶ᠎ᠡ ᠶᠢᠨ ᠨᠡᠶᠢᠭᠡᠮ ᠤᠨ ᠦᠢᠯᠡᠳᠪᠦᠷᠢᠯᠡᠯ ᠪᠠ ᠠᠮᠢᠳᠤᠷᠠᠯ ᠤᠨ ᠬᠠᠮᠤᠭ ᠤᠨ ᠪᠣᠳᠠᠲᠠᠢ ᠬᠡᠷᠡᠭᠴᠡᠭᠡ ᠪᠣᠯᠬᠤ ᠶᠤᠮ᠂ ᠲᠡᠭᠦᠨ ᠤ ᠡᠨᠡ ᠲᠠᠯ᠎ᠠ ᠶᠢᠨ ᠭᠠᠪᠢᠶ᠎ᠠ ᠵᠢᠳᠬᠦᠯ ᠪᠣᠯ ᠪᠠᠯᠠᠷᠠᠰᠢ ᠦᠭᠡᠢ ᠶᠤᠮ᠃    ᠮᠠᠨ ᠤ ᠤᠯᠤᠰ ᠪᠣᠯ ᠤᠯᠠᠨ ᠦᠨᠳᠦᠰᠦᠲᠡᠨ ᠲᠠᠢ ᠨᠢᠭᠡᠳᠦᠭᠰᠡᠨ ᠤᠯᠤᠰ ᠮᠥᠨ᠂ ᠴᠢᠩ ᠤᠯᠤᠰ ᠤᠨ ᠦᠶ᠎ᠡ ᠳᠤ ᠲᠣᠭᠲᠠᠭᠠᠭᠰᠠᠨ ︽ᠴᠠᠭ ᠦᠶ᠎ᠡ ᠶᠢᠨ ᠦᠨᠳᠦᠰᠦᠨ ᠬᠠᠤᠯᠢ︾ ᠪᠣᠯ ᠪᠦᠬᠦ ᠤᠯᠤᠰ ᠲᠤ ᠵᠣᠷᠢᠭᠤᠯᠤᠭᠰᠠᠨ ᠴᠠᠭ ᠤᠯᠠᠷᠢᠯ ᠤᠨ ᠪᠢᠴᠢᠭ ᠮᠥᠨ᠃ ᠡᠨᠡ ᠬᠦ ᠴᠠᠭ ᠤᠯᠠᠷᠢᠯ ᠤᠨ ᠪᠢᠴᠢᠭ ᠢ ᠬᠢᠲᠠᠳ ᠬᠡᠪᠯᠡᠯ ᠠᠴᠠ ᠭᠠᠳᠠᠨ᠎ᠠ ᠪᠠᠰᠠ ᠤᠯᠠᠨ ᠵᠦᠢᠯ ᠤᠨ ᠦᠨᠳᠦᠰᠦᠲᠡᠨ ᠤ ᠦᠰᠦᠭ ᠪᠢᠴᠢᠭ ᠢᠶᠠᠷ ᠣᠷᠴᠢᠭᠤᠯᠤᠨ ᠬᠡᠪᠯᠡᠵᠦ᠂ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠣᠷᠣᠰᠢᠨ ᠰᠠᠭᠤᠵᠤ ᠪᠠᠶᠢᠭ᠎ᠠ ᠭᠠᠵᠠᠷ ᠣᠷᠣᠨ ᠳᠤ ᠲᠠᠷᠬᠠᠭᠠᠨ᠎ᠠ᠃ ᠮᠢᠩᠭᠠᠨᠲᠤ ᠪᠣᠯ ᠮᠣᠩᠭᠤᠯ ᠦᠨᠳᠦᠰᠦᠲᠡᠨ ᠤ ᠭᠠᠷᠤᠯᠲᠠᠢ᠂ ︽ᠴᠠᠭ ᠤᠯᠠᠷᠢᠯ ᠤᠨ ᠪᠢᠴᠢᠭ︾᠎ ᠢ ᠮᠣᠩᠭᠤᠯ ᠬᠡᠯᠡᠨ ᠳᠤ ᠣᠷᠴᠢᠭᠤᠯᠬᠤ ᠡᠭᠦᠷᠭᠡ ᠪᠣᠯ ᠲᠡᠭᠦᠨ ᠤ ᠵᠠᠶᠢᠯᠠᠭᠤᠯᠵᠤ ᠪᠣᠯᠤᠰᠢ ᠦᠭᠡᠢ ᠡᠭᠦᠷᠭᠡ ᠶᠤᠮ᠃ ᠮᠢᠩᠭᠠᠨᠲᠤ ᠡᠨᠡ ᠬᠦ ᠣᠷᠴᠢᠭᠤᠯᠭ᠎ᠠ ᠶᠢᠨ ᠠᠵᠢᠯ ᠢ ᠮᠠᠰᠢ ᠰᠠᠶᠢᠨ ᠬᠢᠭᠰᠡᠨ ᠲᠤᠯᠠ ᠲᠩᠷᠢ ᠲᠡᠳᠬᠦᠭᠴᠢ ᠬᠠᠭᠠᠨ ᠲᠤᠰᠬᠠᠶᠢᠯᠠᠨ ᠮᠢᠩᠭᠠᠨᠲᠤ ᠳᠤ ︽ᠣᠷᠴᠢᠭᠤᠯᠭ᠎ᠠ ᠶᠢᠨ ᠣᠷᠣᠭᠰᠠᠳ ᠤᠨ ᠭᠠᠷᠤᠯ︾ ᠭᠡᠰᠡᠨ ᠢᠷᠠᠭᠤ ᠠᠯᠳᠠᠷ ᠤᠨ ᠴᠣᠯᠠ ᠬᠠᠶᠢᠷᠠᠯᠠᠵᠠᠢ᠃    ᠮᠠᠨ ᠤ ᠤᠯᠤᠰ ᠤᠨ ᠪᠠᠷᠠᠭᠤᠨ ᠬᠤᠶᠢᠲᠤ ᠣᠷᠣᠨ ᠳᠤ ᠭᠠᠯᠳᠠᠨ ᠤ ᠤᠷᠪᠠᠯᠭᠠᠨ ᠭᠠᠷᠤᠭᠰᠠᠨ ᠦᠶ᠎ᠡ ᠳᠤ᠂ ᠴᠢᠩ ᠤᠯᠤᠰ ᠤᠨ ᠲᠥᠪ ᠵᠠᠰᠠᠭ ᠤᠨ ᠭᠠᠵᠠᠷ ᠪᠠᠷᠠᠭᠤᠨ ᠬᠤᠶᠢᠲᠤ ᠣᠷᠣᠨ ᠤ ᠨᠠᠷᠢᠨ ᠲᠣᠳᠣᠷᠬᠠᠶ ᠭᠠᠵᠠᠷ ᠤᠨ ᠵᠢᠷᠤᠭ ᠵᠢᠷᠤᠬᠤ ᠶᠢ ᠲᠤᠯᠭᠠᠮ᠎ᠠ ᠱᠠᠭᠠᠷᠳᠠᠵᠤ ᠪᠠᠶᠢᠪᠠ᠃ ᠮᠢᠩᠭᠠᠲᠤ ᠠᠮᠢ ᠨᠠᠰᠤᠨ ᠤ ᠠᠶᠤᠯ ᠢ ᠰᠥᠷᠴᠦ᠂ ᠳᠠᠯᠠ ᠰᠢᠬᠠᠭᠰᠠᠨ ᠥᠨᠳᠥᠷ ᠨᠠᠰᠤᠯᠠᠵᠤ᠂ ᠬᠤᠶᠠᠷ ᠤᠳᠠᠭ᠎ᠠ ᠵᠠᠷᠯᠢᠭ ᠢᠶᠠᠷ ᠴᠡᠷᠢᠭ ᠳᠠᠭᠠᠭᠤᠯᠤᠨ ᠰᠢᠨᠵᠢᠶᠠᠩ ᠣᠷᠣᠨ ᠳᠤ ᠬᠦᠷᠴᠦ ᠭᠠᠵᠠᠷ ᠤᠨ ᠵᠢᠷᠤᠭ ᠬᠡᠮᠵᠢᠨ ᠵᠢᠷᠤᠪᠠ᠂ ᠲᠤᠬᠠᠶ ᠶᠢᠨ ᠦᠶ᠎ᠡ ᠳᠤ ᠮᠢᠩᠭᠠᠲᠤ ᠰᠢᠨᠵᠢᠶᠠᠩ ᠤᠨ ᠬᠡᠳᠦᠨ ᠮᠢᠩᠭᠠᠨ ᠭᠠᠵᠠᠷ ᠤᠨ ᠭᠠᠵᠠᠷ ᠣᠷᠣᠨ ᠳᠤ ᠬᠡᠭᠡᠷ᠎ᠡ ᠶᠢᠨ ᠬᠡᠮᠵᠢᠯᠲᠡ ᠶᠢᠨ ᠠᠵᠢᠯ ᠬᠢᠵᠦ᠂ ᠠᠵᠢᠯ ᠤᠨ ᠡᠭᠦᠷᠭᠡ ᠨᠢ ᠲᠦᠢᠯ ᠤᠨ ᠬᠠᠲᠠᠭᠤ ᠪᠡᠷᠬᠡ ᠪᠠᠶᠢᠪᠠ᠃ ᠡᠨᠡ ᠬᠦ ᠬᠤᠭᠤᠴᠠᠭᠠᠨ ᠳᠤ ᠮᠢᠩᠭᠠᠨᠲᠤ ᠶᠢᠨ ᠪᠦᠯᠬᠦᠮ ᠲᠦᠮᠡᠨ ᠪᠡᠷᠬᠡ ᠮᠢᠩᠭᠠᠨ ᠵᠣᠪᠠᠭᠤᠷᠢ ᠶᠢ ᠲᠤᠭᠤᠯᠵᠤ᠂ ᠲᠤᠭ᠎ᠠ ᠲᠣᠮᠰᠢ ᠦᠭᠡᠢ ᠥᠨᠳᠥᠷ ᠠᠭᠤᠯᠠ᠂ ᠬᠠᠪᠴᠢᠯ ᠵᠢᠯᠠᠭ᠎ᠠ ᠶᠢ ᠳᠠᠪᠠᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨᠲᠠᠳ ᠤᠨ ᠡᠬᠡ ᠤᠯᠤᠰ ᠤᠨ ᠢᠶᠠᠨ ᠨᠤᠲᠤᠭ ᠳᠡᠪᠢᠰᠬᠡᠷ ᠢ ᠬᠠᠶᠢᠨ ᠬᠡᠮᠵᠢᠬᠦ᠂ ᠰᠢᠨᠵᠢᠯᠡᠬᠦ ᠤᠬᠠᠭᠠᠨ ᠤ ᠲᠥᠯᠥᠭᠡ ᠠᠮᠢ ᠪᠡᠶ᠎ᠡ ᠪᠠᠨ ᠵᠣᠷᠢᠭᠤᠯᠬᠤ ᠡᠷᠬᠢᠮ ᠳᠡᠭᠡᠳᠦ ᠵᠠᠩ ᠴᠢᠨᠠᠷ ᠢ ᠢᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠪᠠᠷᠠᠭᠤᠨ ᠬᠤᠶᠢᠲᠤ ᠬᠢᠯᠢ ᠶᠢ ᠬᠠᠮᠠᠭᠠᠯᠠᠬᠤ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠵᠡᠢ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠬᠥᠬᠡᠬᠤᠲᠠ ᠶᠢᠨ ᠲᠠᠪᠤᠨ ᠰᠤᠪᠤᠷᠭᠠᠲᠤ ᠬᠡᠶᠢᠳ ᠲᠤ ᠪᠠᠶᠢᠳᠠᠭ ᠮᠣᠩᠭᠤᠯ ᠦᠰᠦᠭ ᠤᠨ ᠴᠢᠯᠠᠭᠤᠨ ᠰᠡᠶᠢᠯᠦᠮᠡᠯ ᠤᠨ ᠣᠳᠣᠨ ᠣᠷᠣᠨ ᠤ ᠵᠢᠷᠤᠭ ᠪᠣᠯ ᠮᠠᠨ ᠤ ᠤᠯᠤᠰ ᠤᠨ ᠴᠣᠷ ᠤᠨ ᠭᠠᠭᠴᠠ ᠴᠢᠩ ᠤᠯᠤᠰ ᠤᠨ ᠲᠩᠷᠢ ᠶᠢ ᠰᠦᠰᠦᠭᠯᠡᠬᠦ ᠶᠠᠮᠤᠨ ᠤ ᠠᠯᠪᠠᠨ ᠤ ᠲᠠᠯ᠎ᠠ ᠶᠢᠨ ᠬᠠᠷᠢᠭᠤᠴᠠᠯᠭᠠᠲᠠᠨ ᠮᠢᠩᠭᠠᠨᠲᠤ ᠶᠢ ︽ᠲᠩᠷᠢ ᠶᠢ ᠰᠦᠰᠦᠭᠯᠡᠬᠦ ᠶᠠᠮᠤᠨ ᠤ ᠬᠢᠨᠠᠭᠴᠢ︾᠎ ᠶᠢᠨ ᠦᠶ᠎ᠡ ᠳᠤ ᠰᠡᠶᠢᠯᠦᠭᠰᠡᠨ ᠶᠤᠮ᠃ ᠣᠳᠣᠨ ᠣᠷᠣᠨ ᠤ ᠵᠢᠷᠤᠭ ᠨᠢ ᠲᠠᠪᠤᠨ ᠰᠤᠪᠤᠷᠭ᠎ᠠ ᠶᠢᠨ ᠠᠷᠤ ᠬᠡᠷᠡᠮ ᠳᠡᠭᠡᠷ᠎ᠡ ᠰᠢᠭᠢᠳᠬᠡᠭᠰᠡᠨ ᠬᠢᠲᠠᠳ ᠴᠠᠭᠠᠨ ᠬᠠᠰ ᠴᠢᠯᠠᠭᠤᠨ ᠤ ᠭᠦᠢᠬᠡᠨ ᠭᠦᠳᠦᠭᠦᠷ ᠰᠡᠶᠢᠯᠦᠮᠡᠯ ᠪᠠ ᠤᠲᠠᠰᠤᠨ ᠰᠡᠶᠢᠯᠦᠮᠡᠯ᠂ ᠳ᠋ᠢᠶᠠᠮᠧᠲᠷ ᠨᠢ 144 . 5 ᠰᠠᠨᠲ᠋ᠢᠮᠧᠲᠷ᠃ ᠪᠦᠬᠦ ᠵᠢᠷᠤᠭ ᠳᠡᠭᠡᠷ᠎ᠡ ᠪᠠᠷᠤᠭ 270 ᠠᠰᠢᠳᠠ ᠶᠢᠨ ᠣᠳᠣ᠂ 1570 ᠭᠠᠷᠤᠶ ᠣᠳᠣ ᠰᠡᠶᠢᠯᠵᠡᠶ ᠃ ᠴᠢᠯᠠᠭᠤᠨ ᠰᠡᠶᠢᠯᠦᠮᠡᠯ ᠤᠨ ᠵᠢᠷᠤᠭ ᠤᠨ ᠳᠣᠣᠷ᠎ᠠ ᠲᠠᠯ᠎ᠠ ᠶᠢᠨ ᠵᠡᠭᠦᠨ ᠲᠠᠯ᠎ᠠ ᠳᠤ ᠨᠢᠭᠡᠨ ᠤᠷᠲᠤ ᠳᠥᠷᠪᠡᠯᠵᠢᠨ ᠬᠡᠯᠪᠡᠷᠢᠲᠡᠶ ᠨᠡᠷ᠎ᠡ ᠶᠢᠨ ᠬᠡᠷᠡᠰᠬᠡ᠂ ᠣᠳᠣ ᠰᠡᠶᠢᠯᠦᠭᠰᠡᠨ ᠵᠡᠷᠭᠡ ᠵᠢᠷᠤᠭ ᠲᠠᠢ ᠪᠥᠭᠡᠳ ︽ᠲᠩᠷᠢ ᠶᠢ ᠰᠦᠰᠦᠭᠯᠡᠬᠦ ᠶᠠᠮᠤᠨ ᠤ ᠵᠢᠷᠤᠭᠰᠠᠨ ᠣᠳᠣᠨ ᠣᠷᠣᠨ ᠤ ᠵᠢᠷᠤᠭ︾ ᠭᠡᠰᠡᠨ ᠦᠰᠦᠭ ᠲᠠᠢ᠃ ᠬᠥᠬᠡᠬᠤᠲᠠ ᠶᠢᠨ ᠲᠠᠪᠤᠨ ᠰᠤᠪᠤᠷᠭᠠᠲᠤ ᠰᠦᠮ᠎ᠡ ᠶᠢᠨ ᠮᠣᠩᠭᠤᠯ ᠦᠰᠦᠭ ᠤᠨ ᠴᠢᠯᠠᠭᠤᠨ ᠰᠡᠶᠢᠯᠦᠮᠡᠯ ᠤᠨ ᠣᠳᠣᠨ ᠣᠷᠣᠨ ᠤ ᠵᠢᠷᠤᠭ ᠨᠢ ᠴᠢᠩ ᠤᠯᠤᠰ ᠤᠨ ᠡᠬᠢᠨ ᠤ ᠦᠶ᠎ᠡ ᠶᠢᠨ ᠮᠠᠨ ᠤ ᠤᠯᠤᠰ ᠤᠨ ᠣᠳᠣᠨ ᠣᠷᠣᠨ ᠤ ᠰᠤᠳᠤᠯᠤᠯ ᠤᠨ ᠬᠢᠷᠢ ᠲᠦᠪᠰᠢᠨ ᠢ ᠲᠤᠰᠬᠠᠭᠰᠠᠨ ᠢᠶᠠᠷ ᠪᠠᠷᠠᠬᠤ ᠦᠭᠡᠢ᠂ ᠪᠠᠰᠠ ᠴᠤ ᠮᠢᠩᠭᠠᠨᠲᠤ ᠶᠢᠨ ︽ᠲᠩᠷᠢ ᠶᠢ ᠰᠦᠰᠦᠭᠯᠡᠬᠦ ᠶᠠᠮᠤᠨ︾᠎ ᠤ ᠦᠶ᠎ᠡ ᠶᠢᠨ ᠵᠢᠷᠤᠮᠠᠯ ᠣᠳᠣᠨ ᠣᠷᠣᠨ ᠤ ᠵᠢᠷᠤᠭ ᠪᠠᠶᠢᠵᠤ᠂ ᠮᠢᠩᠭᠠᠨᠲᠤ ᠶᠢᠨ ᠣᠳᠣᠨ ᠣᠷᠣᠨ ᠤ ᠰᠤᠳᠤᠯᠤᠯ ᠤᠨ ᠲᠠᠯ᠎ᠠ ᠪᠠᠷ ᠬᠢ ᠴᠢᠬᠤᠯᠠ ᠶᠡᠭᠡ ᠬᠤᠪᠢ ᠨᠡᠮᠡᠷᠢ ᠶᠢᠨ ᠲᠡᠦᠬᠡ ᠶᠢᠨ ᠭᠡᠷᠡᠴᠢ ᠪᠣᠯᠬᠤ ᠶᠤᠮ᠃ ᠮᠢᠩᠭᠠᠨᠲᠤ ᠳᠡᠭᠡᠳᠦ ᠵᠡᠷᠭᠡ ᠶᠢᠨ ᠲᠣᠭᠠᠨ ᠤ ᠤᠬᠠᠭᠠᠨ ᠤ ᠰᠤᠳᠤᠯᠭᠠᠨ ᠳᠤ᠂ 30 ᠵᠢᠯ ᠤᠨ ᠰᠢᠷᠭᠠᠭᠤ ᠴᠢᠷᠮᠠᠶᠢᠯᠭ᠎ᠠ ᠪᠠᠷ ᠲᠣᠭᠠᠨ ᠤ ᠤᠬᠠᠭᠠᠨ ᠤ ᠬᠦᠷᠢᠶᠡᠨ ᠳᠠᠬᠢ ᠨᠢᠭᠡᠨ ᠰᠠᠯᠪᠤᠷᠢ ᠬᠢᠵᠠᠭᠠᠷᠭᠦᠢ ᠴᠥᠷᠬᠡᠯᠡᠭᠡ ᠶᠢ ᠰᠤᠳᠤᠯᠵᠤ᠂ ᠡᠴᠦᠰ ᠲᠡᠭᠡᠨ ︽ᠲᠣᠭᠤᠷᠢᠭ ᠢ ᠬᠡᠰᠡᠭᠯᠡᠬᠦ ᠨᠢᠭᠲᠠᠴᠠ ᠶᠢᠨ ᠳᠥᠲᠡ ᠠᠷᠭ᠎ᠠ︾᠎ ᠶᠢ ᠵᠣᠬᠢᠶᠠᠵᠤ᠂ ᠶᠢᠰᠦᠨ ᠲᠣᠮᠢ᠊ ᠡᠶ᠎ᠡ ᠶᠢ ᠵᠠᠳᠠᠯᠵᠠᠢ᠃ ᠲᠡᠭᠦᠨ ᠤ ᠠᠵᠢᠯ ᠨᠢ ᠮᠠᠨ ᠤ ᠤᠯᠤᠰ ᠤᠨ ᠲᠣᠭᠠᠨ ᠤ ᠤᠬᠠᠭᠠᠨ ᠤ ᠬᠦᠷᠢᠶᠡᠨ ᠳᠤ ᠥᠪᠡᠷᠮᠢᠴᠡ ᠣᠨᠴᠠᠯᠢᠭ ᠲᠠᠢ ᠪᠠᠶᠢᠵᠤ᠂ ᠧᠦ᠋ᠷᠣᠫᠠ ᠬᠥᠮᠦᠨ ᠤ ᠳ᠋ᠤᠺᠠᠷᠲ ᠵᠠᠳᠠᠯᠤᠯᠲᠠ ᠶᠢᠨ ᠭᠧᠣᠮᠧᠲᠷᠢ ᠶᠢ ᠡᠭᠦᠳᠦᠭᠰᠡᠨ ᠲᠠᠢ ᠠᠳᠠᠯᠢᠳᠬᠠᠵᠤ ᠪᠣᠯᠤᠨ᠎ᠠ᠂ ᠲᠡᠷᠡ ᠰᠢᠨᠲᠠᠷᠠᠰᠢ ᠦᠭᠡᠢ ᠬᠠᠲᠠᠭᠤ ᠵᠣᠷᠢᠭ ᠪᠠ ᠴᠢᠩᠭ᠎ᠠ ᠬᠢᠨᠠᠮᠠᠭᠠᠢ ᠦᠨᠡᠨ ᠢ ᠪᠠᠷᠢᠮᠲᠠᠯᠠᠬᠤ ᠣᠪᠣᠷ ᠢᠶᠠᠷ ᠭᠡᠷᠡᠯ ᠰᠠᠴᠤᠷᠠᠩᠭᠤᠢ ᠰᠢᠨᠵᠢᠯᠡᠬᠦ ᠤᠬᠠᠭᠠᠨ ᠤ ᠦᠷ᠎ᠡ ᠪᠦᠲᠦᠭᠡᠯ ᠢ ᠣᠯᠤᠭᠰᠠᠨ ᠪᠠᠶᠢᠨ᠎ᠠ᠃    ᠳᠤᠮᠳᠠᠳᠤ ᠶᠢᠨ ᠦᠨᠳᠦᠰᠦᠲᠡᠨ ᠤ ᠵᠢᠷᠤᠬᠠᠶ ᠨᠢ ᠠᠷᠭ᠎ᠠ ᠪᠢᠯᠢᠭ ᠢ ᠨᠢᠭᠡᠳᠬᠡᠬᠦ ᠪᠠᠷ ᠤᠯᠠᠮᠵᠢᠯᠠᠯ ᠪᠣᠯᠭᠠᠵᠤ᠂ ᠡᠪᠦᠭᠡ ᠳᠡᠭᠡᠳᠦᠰ ᠨᠢ ᠬᠤᠷᠢᠨ ᠳᠥᠷᠪᠡᠨ ᠴᠠᠭ ᠤᠯᠠᠷᠢᠯ ᠢ ᠡᠭᠦᠳᠦᠨ᠂ ᠲᠠᠷᠢᠶᠠᠯᠠᠩ ᠦᠢᠯᠡᠳᠪᠦᠷᠢᠯᠡᠯ ᠲᠠᠢ ᠨᠢᠭᠲᠠ ᠬᠠᠷᠢᠴᠠᠭ᠎ᠠ ᠲᠠᠢ︔ ᠠᠷᠭ᠎ᠠ ᠪᠢᠯᠢᠭ ᠢ ᠬᠠᠮᠲᠤᠳᠬᠠᠭᠰᠠᠨ ᠬᠤᠷᠢᠨ ᠳᠥᠷᠪᠡᠨ ᠴᠠᠭ ᠤᠯᠠᠷᠢᠯ ᠤᠨ ᠰᠢᠰᠲ᠋ᠧᠮ ᠨᠢ ᠨᠠᠩ ᠴᠤ ᠪᠦᠬᠦ ᠳᠡᠯᠡᠬᠡᠢ ᠳᠤ ᠪᠠᠢᠨ᠎ᠠ︔ ᠳᠤᠮᠳᠠᠳᠤ ᠤᠯᠤᠰ ᠤᠨ ᠵᠢᠷᠤᠬᠠᠶ ᠶᠢᠨ ᠣᠷᠣᠨ ᠲᠤᠭ᠎ᠠ ᠨᠢ ᠨᠡᠩ ᠴᠤ ᠣᠳᠣᠨ ᠣᠷᠣᠨ ᠤ ᠠᠵᠢᠭᠯᠠᠯᠲᠠ ᠲᠠᠢ ᠵᠡᠷᠭᠡ ᠪᠠᠷ ᠬᠥᠭᠵᠢᠵᠦ᠂ ᠵᠢᠷᠤᠬᠠᠶ ᠶᠢᠨ ᠣᠷᠣᠨ ᠨᠢ ᠵᠥᠪᠬᠡᠨ ᠨᠠᠷᠠ ᠰᠠᠷᠠ ᠵᠢᠯ ᠢ ᠲᠣᠬᠢᠷᠠᠭᠤᠯᠬᠤ ᠲᠡᠳᠦᠶ ᠪᠢᠰᠢ᠂ ᠪᠠᠰᠠ ᠨᠠᠷᠠ᠂ ᠰᠠᠷᠠᠨ ᠤ ᠪᠠᠶᠢᠷᠢ ᠵᠢᠴᠢ ᠨᠠᠷᠠ ᠰᠠᠷᠠ ᠭᠬᠢᠷᠲᠦᠬᠦ ᠴᠠᠭ ᠪᠠ ᠭᠠᠷᠠᠭ ᠣᠳᠣᠨ ᠤ ᠪᠠᠶᠢᠷᠢ ᠵᠡᠷᠭᠡ ᠶᠢ ᠪᠠᠭᠲᠠᠭᠠᠵᠤ᠂ ᠢᠦᠶ ᠢ ᠶᠢᠨ ᠣᠳᠣᠨ ᠣᠷᠣᠨ ᠤ ᠴᠠᠭ ᠤᠯᠠᠷᠢᠯ ᠤᠨ ᠪᠢᠴᠢᠭ ᠲᠠᠢ ᠲᠡᠩᠴᠡᠨ᠎ᠡ᠃ ᠳᠤᠮᠳᠠᠳᠤ ᠶᠢᠨ ᠦᠨᠳᠦᠰᠦᠲᠡᠨ ᠤ ᠵᠢᠷᠤᠬᠠᠶ ᠶᠢᠨ ᠤᠬᠠᠭᠠᠨ ᠤ ᠦᠵᠡᠯᠲᠡ ᠨᠢ ᠠᠷᠭ᠎ᠠ ᠪᠢᠯᠢᠭ᠂ ᠲᠠᠪᠤᠨ ᠮᠠᠬᠠᠪᠣᠳ᠂ ᠲᠩᠷᠢ ᠬᠥᠮᠦᠨ ᠤ ᠰᠡᠷᠡᠯ ᠢᠶᠠᠷ ᠰᠠᠭᠤᠷᠢ ᠪᠣᠯᠭᠠᠨ᠎ᠠ᠃    ᠮᠢᠩᠭᠠᠨᠲᠤ ᠨᠢ ᠳᠤᠮᠳᠠᠳᠤ ᠤᠯᠤᠰ ᠤᠨ ᠲᠣᠭᠠᠨ ᠤ ᠤᠬᠠᠭᠠᠨ ᠤ ᠲᠡᠦᠬᠡᠨ ᠳᠡᠭᠡᠷ᠎ᠡ ᠳ᠋ᠦᠩ ᠴᠧᠩ᠂ ᠰᠢᠶᠠᠩ ᠮᠢᠩ ᠳ᠋ᠡ᠂ ᠳ᠋ᠠᠢ ᠰᠢᠤᠢ ︵1805 - 1860 ᠣᠨ︶᠂ ᠰᠢᠤᠢ ᠢᠤ ᠷᠧᠨ᠂ ᠯᠢ ᠱᠠᠨ ᠯᠠᠨ ︵1811 - 1882 ᠣᠨ︶ ᠵᠡᠷᠭᠡ ᠦᠯᠡᠮᠵᠢ ᠤᠯᠠᠨ ᠲᠣᠭᠠᠨ ᠤ ᠤᠬᠠᠭᠠᠨ ᠤ ᠨᠡᠷᠡᠳᠤ ᠡᠷᠳᠡᠮᠲᠡᠳ ᠢ ᠨᠥᠯᠥᠭᠡᠯᠡᠵᠦ᠂ ᠬᠢᠵᠠᠭᠠᠷ ᠦᠭᠡᠢ ᠴᠥᠷᠬᠡᠯᠡᠭᠡ ᠶᠢᠨ ᠰᠤᠳᠤᠯᠤᠯ ᠤᠨ ᠨᠢᠭᠡᠨ ᠨᠡᠯᠢᠶᠡᠳ ᠢᠳᠡᠪᠬᠢ ᠪᠠᠶᠢᠳᠠᠯ ᠢ ᠪᠤᠢ ᠪᠣᠯᠭᠠᠵᠤ᠂ ᠡᠷᠳᠡᠮᠲᠡᠨ ᠴᠢᠳᠠᠪᠤᠷᠢᠲᠠᠨ ᠴᠣᠯᠭᠤᠷᠠᠨ ᠭᠠᠷᠴᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠤᠭᠰᠠᠨ ᠪᠠᠶᠢᠨ᠎ᠠ᠃ ᠮᠢᠩᠭᠠᠨᠲᠤ ᠶᠢᠨ ᠨᠥᠯᠥᠭᠡᠯᠡᠯ ᠳᠣᠣᠷ᠎ᠠ᠂ ᠳᠤᠮᠳᠠᠳᠤ ᠤᠯᠤᠰ ᠤᠨ ᠡᠷᠳᠡᠮᠲᠡᠳ ᠡᠨᠡ ᠬᠦ ᠬᠦᠷᠢᠶ᠎ᠡ ᠬᠡᠪᠴᠢᠶᠡᠨ ᠳᠤ ᠤᠯᠠᠮᠵᠢᠯᠠᠯᠲᠤ ᠲᠣᠭᠠᠨ ᠤ ᠤᠬᠠᠭᠠᠨ ᠤ ᠣᠨᠴᠠᠯᠢᠭ ᠲᠠᠢ ᠠᠷᠭ᠎ᠠ ᠶᠢ ᠬᠡᠷᠡᠭᠯᠡᠨ᠂ ᠭᠤᠷᠪᠠᠯᠵᠢᠨ ᠹᠦᠩᠺᠼ ᠢ ᠦᠨᠳᠦᠰᠦᠨ ᠳᠡᠭᠡᠨ ᠰᠢᠢᠳᠪᠦᠷᠢᠯᠡᠵᠦ᠂ ᠮᠢᠩᠭᠠᠨᠲᠤ ᠶᠢᠨ ︽ᠲᠣᠭᠤᠷᠢᠭ ᠢ ᠬᠡᠰᠡᠭᠯᠡᠬᠦ ᠨᠢᠭᠲᠠᠴᠠ ᠶᠢᠨ ᠳᠥᠲᠡ ᠠᠷᠭ᠎ᠠ︾᠎ ᠳᠤ ᠴᠥᠷᠬᠡᠯᠡᠭᠡ ᠶᠢᠨ ᠬᠤᠷᠠᠬᠤ ᠠᠰᠠᠭᠤᠳᠠᠯ ᠢ ᠳᠤᠷᠠᠳᠴᠠᠢ᠃ ᠴᠥᠷᠬᠦᠯᠡᠭᠡ ᠶᠢᠨ ᠬᠤᠷᠠᠬᠤ ᠠᠰᠠᠭᠤᠳᠠᠯ ᠤᠨ ᠲᠤᠬᠠᠶ ᠪᠣᠳᠣᠯᠬᠢᠯᠠᠯᠲᠠ ᠧᠦ᠋ᠷᠣᠫᠠ ᠳᠤ ᠴᠤ ᠰᠠᠶ᠋ᠢᠬᠠᠨ ᠡᠬᠢᠯᠡᠵᠦ ᠪᠠᠶᠢᠭᠰᠠᠨ᠂ ᠲᠤᠬᠠᠶ ᠶᠢᠨ ᠦᠶ᠎ᠡ ᠶᠢᠨ ᠳᠠᠪᠰᠢᠩᠭᠤᠶ ᠦᠵᠡᠯ ᠰᠠᠨᠠᠭ᠎ᠠ ᠮᠥᠨ᠂ ᠠᠯᠪᠠᠨ ᠶᠣᠰᠣᠨ ᠤ ᠰᠤᠳᠤᠯᠤᠯ ᠢ ᠪᠣᠯ ᠧᠦ᠋ᠯᠧᠷ ᠪᠣᠯᠤᠨ ᠭᠸᠤᠴᠤᠷ ︵1789 - 1857︶ ᠡᠬᠢᠯᠡᠵᠦ ᠬᠢᠭᠰᠡᠨ ᠶᠤᠮ᠃    ᠬᠤᠶᠠᠷ᠂ ᠥᠪᠥᠷ ᠮᠣᠩᠭᠤᠯ ᠤᠨ ᠶᠡᠭᠡ ᠬᠡᠮᠵᠢᠶᠡᠨ ᠤ ᠪᠤᠰᠤᠳᠴᠢ ︽ᠮᠢᠩᠭᠠᠨᠲᠤ ᠶᠢᠨ ᠨᠥᠯᠥᠭᠡᠯᠡᠯ︾ ︵br /︶᠃ ᠳᠤᠮᠳᠠᠳᠤ ᠶᠢᠨ ᠣᠳᠣᠨ ᠣᠷᠣᠨ ᠤ ᠤᠬᠠᠭᠠᠨ ᠤ ᠥᠭᠦᠯᠡᠯᠲᠡ ᠳᠤ ᠥᠩᠭᠡᠷᠡᠭᠰᠡᠨ᠂ ᠣᠳᠣᠬᠠᠨ ᠳᠤ ᠨᠥᠯᠥᠭᠡ ᠦᠵᠡᠭᠦᠯᠵᠦ᠂ ᠢᠷᠡᠭᠡᠳᠦᠶ ᠶᠢ ᠰᠡᠩᠬᠡᠷᠡᠭᠦᠯᠦᠨ᠎ᠡ᠃ ᠣᠳᠣᠨ ᠣᠷᠣᠨ ᠤ ᠲᠡᠦᠬᠡ ᠶᠢᠨ ᠳᠤᠷᠠᠰᠬᠠᠯᠲᠤ ᠵᠦᠶ᠋ᠯᠡᠰ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠶᠤᠨ ᠰᠠᠨᠠᠭᠠᠨ ᠤ ᠤᠯᠠᠮᠵᠢᠯᠠᠯ ᠢ ᠠᠴᠢᠶᠠᠯᠠᠵᠤ ᠪᠠᠢᠬᠤ ᠪᠥᠭᠡᠳ ᠶᠠᠪᠤᠬᠤ ᠲᠤᠲᠤᠮ ᠰᠢᠨᠡᠳᠴᠦ ᠪᠠᠢᠨ᠎ᠠ᠃ ᠮᠠᠨ ᠤ ᠤᠯᠤᠰ ᠤᠨ ᠴᠢᠩ ᠤᠯᠤᠰ ᠤᠨ ᠦᠶ᠎ᠡ ᠶᠢᠨ ᠮᠣᠩᠭᠤᠯ ᠤᠳᠤᠨ ᠣᠷᠣᠨ ᠤ ᠡᠷᠳᠡᠮᠲᠡᠨ᠂ ᠲᠣᠭᠠᠨ ᠤ ᠤᠬᠠᠭᠠᠨᠲᠠᠨ ᠪᠣᠯᠤᠨ ᠭᠠᠵᠠᠷ ᠵᠦᠢ ᠶᠢᠨ ᠬᠡᠮᠵᠢᠨ ᠵᠢᠷᠤᠭᠠᠴᠢ ᠮᠢᠩᠭᠠᠨᠲᠤ ᠶᠢᠨ ᠰᠢᠨᠵᠢᠯᠡᠬᠦ ᠤᠬᠠᠭᠠᠨ ᠤ ᠲᠠᠯ᠎ᠠ ᠪᠠᠷ ᠬᠢ ᠠᠮᠵᠢᠯᠲᠠ ᠶᠢ ᠳᠤᠷᠠᠰᠬᠠᠬᠤ ᠶᠢᠨ ᠲᠥᠯᠥᠭᠡ᠂ 2002 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠷᠦ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠴᠠᠭᠠᠨᠨᠠᠭᠤᠷ ᠪᠠᠯᠭᠠᠰᠤᠨ ᠤ ᠨᠡᠷ᠎ᠡ ᠶᠢ ᠮᠢᠩᠭᠠᠨᠲᠤ ᠪᠠᠯᠭᠠᠰᠤ ᠭᠡᠵᠦ ᠬᠠᠯᠠᠪᠠ᠃    2007 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠤᠶᠤᠴᠢᠯᠠᠯ ᠢᠶᠠᠷ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠪᠠ ᠣᠯᠠᠨ ᠤᠯᠤᠰ ᠤᠨ ᠣᠳᠣᠨ ᠣᠷᠣᠨ ᠤ ᠰᠤᠳᠤᠯᠤᠯ ᠤᠨ ᠬᠤᠯᠪᠣᠭᠠᠲᠤ ᠬᠤᠷᠠᠯ ᠤᠨ ᠵᠢᠵᠢᠭ ᠣᠳᠣᠨ ᠴᠣᠭᠴᠠᠰ ᠤᠨ ᠨᠡᠷ᠎ᠡ ᠳᠤᠷᠠᠳᠬᠤ ᠺᠣᠮᠢᠰ ᠲᠤ ᠮᠡᠳᠡᠭᠦᠯᠦᠨ ᠵᠥᠪᠰᠢᠶᠡᠷᠡᠭᠦᠯᠦᠭᠡᠳ᠂ ᠳᠤᠮᠳᠠᠳᠤ ᠤᠯᠤᠰ  ᠎ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠯᠤᠰ ᠤᠨ ᠣᠳᠣᠨ ᠣᠷᠣᠨ ᠤ   ᠥᠷᠲᠡᠭᠡ ᠠᠴᠠ ᠵᠦ ᠶᠢᠨ ︵ᠪᠡᠭᠡᠵᠢᠩ ᠤᠨ ᠣᠳᠣᠨ ᠣᠷᠣᠨ ᠤ ᠣᠷᠳᠣᠨ ᠤ ᠳᠠᠷᠤᠭ᠎ᠠ︶᠎ ᠤ ᠢᠯᠡᠷᠡᠭᠦᠯᠦᠭᠰᠡᠨ 28242 ᠵᠢᠵᠢᠭ ᠭᠠᠷᠠᠭ ᠣᠳᠣ ᠶᠢ ︽ᠮᠢᠩᠭᠠᠨᠲᠤ ᠣᠳᠣᠨ︾ ᠭᠡᠵᠦ ᠨᠡᠷᠡᠶᠢᠳᠪᠡ᠃ ᠡᠨᠡ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠎ ᠳᠤ ᠨᠡᠷᠡᠶᠢᠳᠦᠭᠰᠡᠨ ᠠᠩᠬᠠᠨ ᠤ ᠵᠢᠵᠢᠭ ᠭᠠᠷᠠᠭ᠂ ᠮᠥᠨ ᠴᠦ ᠪᠦᠬᠦ ᠤᠯᠤᠰ ᠤᠨ ᠰᠢᠶᠠᠨ  ᠎ ᠤ ᠱᠠᠲᠤᠨ ᠤ ᠨᠡᠷᠡᠶᠢᠳᠦᠭᠰᠡᠨ  ᠠᠩᠬᠠᠨ ᠤ ᠵᠢᠵᠢᠭ ᠭᠠᠷᠠᠭ ᠪᠣᠯᠤᠨ᠎ᠠ᠃ ︽ᠮᠢᠩᠭᠠᠨᠲᠤ   ᠤᠳᠤᠨ︾᠎ ᠢ ᠨᠡᠷᠡᠶᠢᠳᠦᠭᠰᠡᠨ ᠮᠠᠨ ᠤ ᠤᠯᠤᠰ ᠤᠨ ᠤᠳᠤᠨ ᠣᠷᠣᠨ ᠤ ᠰᠤᠳᠤᠯᠤᠯ ᠤᠨ ᠲᠡᠦᠬᠡᠨ ᠳᠡᠭᠡᠷᠡᠬᠢ ᠨᠢᠭᠡᠨ ᠶᠡᠭᠡ ᠶᠠᠪᠤᠳᠠᠯ ᠨᠢ ᠮᠠᠨ ᠤ ᠤᠯᠤᠰ ᠤᠨ ᠤᠳᠤᠨ ᠣᠷᠣᠨ ᠤ ᠰᠢᠨᠵᠢᠯᠡᠬᠦ ᠤᠬᠠᠭᠠᠨ ᠤ ᠬᠥᠭᠵᠢᠯᠲᠡ ᠶᠢᠨ ᠲᠡᠦᠬᠡᠨ ᠬᠠᠭᠤᠳᠠᠰᠤᠨ ᠳᠤ ᠢᠷᠠᠭᠤ ᠠᠯᠳᠠᠷᠲᠠᠢ ᠪᠠᠷ ᠲᠡᠮᠳᠡᠭᠯᠡᠭᠳᠡᠭᠰᠡᠨ ᠪᠠᠶᠢᠨ᠎ᠠ᠃    2008 ᠣᠨ ᠳᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠯᠤᠰ ᠤᠨ ᠣᠳᠣᠨ ᠣᠷᠣᠨ ᠤ ᠥᠷᠲᠡᠭᠡ ᠠᠴᠠ ᠪᠠᠶᠢᠭᠤᠯᠤᠭᠰᠠᠨ ᠮᠢᠩᠭᠠᠨᠲᠤ ᠣᠳᠣᠨ ᠣᠷᠣᠨ ᠤ ᠠᠵᠢᠭᠯᠠᠯᠲᠠ ᠶᠢᠨ ᠥᠷᠲᠡᠭᠡ ᠶᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠢᠩᠭᠠᠨᠲᠤ ᠪᠠᠯᠭᠠᠰᠤ ᠶᠢᠨ ᠬᠠᠷᠢᠶ᠎ᠠ ᠣᠷᠣᠨ ᠳᠤ ᠪᠠᠶᠢᠭᠤᠯᠪᠠ᠂ ᠲᠠᠯᠠᠪᠠᠶ ᠨᠢ 8 . 2425 ᠾᠧᠺᠲ᠋ᠠᠷ ᠪᠠᠶᠢᠵᠤ᠂ ᠠᠳᠡ ᠠᠴᠠ ᠪᠡᠭᠡᠵᠢᠩ ᠠᠴᠠ 400 ᠭᠠᠷᠤᠶ ᠺᠢᠯᠣᠮᠧᠲᠷ ᠵᠠᠶᠢᠲᠠᠶ ᠪᠠᠶᠢᠵᠤ᠂ ᠲᠠᠯ᠎ᠠ ᠨᠤᠲᠤᠭ ᠤᠨ ᠭᠠᠵᠠᠷ ᠤᠨ ᠪᠠᠶᠢᠴᠠ ᠲᠡᠭᠰᠢ᠂ ᠳᠥᠷᠪᠡᠨ ᠲᠠᠯ᠎ᠠ ᠪᠠᠷ ᠢᠶᠠᠨ ᠳᠣᠪᠣᠷᠬᠠᠭ ᠢᠶᠠᠷ ᠬᠦᠷᠢᠶᠡᠯᠡᠭᠳᠡᠵᠦ᠂ ᠪᠠᠶᠢᠭᠠᠯᠢ ᠶᠢᠨ ᠷᠠᠳᠢᠣ᠋ ᠬᠠᠯᠬᠠᠪᠴᠢ ᠪᠣᠯᠵᠤ᠂ ᠷᠠᠳᠢᠣ᠋ ᠣᠳᠣᠨ ᠣᠷᠣᠨ ᠤ ᠠᠵᠢᠭᠯᠠᠯᠲᠠ ᠶᠢ ᠥᠷᠨᠢᠭᠦᠯᠬᠦ ᠬᠠᠮᠤᠭ ᠤᠨ ᠰᠠᠶᠢᠨ ᠲᠠᠯᠠᠪᠤᠷ ᠪᠣᠯᠵᠤ᠂ ︽ᠲᠠᠯ᠎ᠠ ᠨᠤᠲᠤᠭ ᠤᠨ ᠲᠩᠷᠢ ᠶᠢᠨ ᠨᠢᠳᠦ︾ ᠬᠡᠮᠡᠭᠳᠡᠭᠰᠡᠨ ᠪᠠᠶᠢᠨ᠎ᠠ᠃ ᠤᠯᠤᠰ ᠤᠨ ᠲᠡᠰ ᠤᠨ ᠣᠷᠣᠨ ᠵᠠᠢ ᠶᠢᠨ ᠠᠮᠤᠷ ᠲᠦᠪᠰᠢᠨ ᠢ ᠬᠢᠨᠠᠨ ᠬᠡᠮᠵᠢᠬᠦ ᠭᠤᠣᠯᠳᠠᠯᠭ᠎ᠠ ᠲᠠᠢ ᠢᠨᠵᠧᠨᠧᠷᠢᠩ ᠢ ᠳᠡᠮᠵᠢᠬᠦ ᠶᠢᠨ ᠲᠥᠯᠥᠭᠡ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠥᠪᠥᠷ ᠮᠣᠩᠭᠤᠯ ᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠤ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠡᠬᠡ ᠤᠯᠤᠰ ᠤᠨ ᠤᠳᠤᠨ ᠣᠷᠣᠨ ᠤ ᠰᠤᠳᠤᠯᠭᠠᠨ ᠤ ᠦᠢᠯᠡᠰ ᠲᠤ ᠬᠤᠪᠢ ᠨᠡᠮᠡᠷᠢ ᠦᠵᠡᠭᠦᠯᠵᠡᠢ᠃    ᠮᠢᠩᠭᠠᠲᠤ ᠶᠢᠨ ᠣᠳᠣᠨ ᠣᠷᠣᠨ ᠤ ᠠᠵᠢᠭᠯᠠᠯᠲᠠ ᠶᠢᠨ ᠥᠷᠲᠡᠭᠡᠨ ᠤ ᠰᠠᠭᠤᠷᠢᠨ ᠭᠠᠵᠠᠷ ᠵᠢᠴᠢ ᠷᠠᠳᠢᠣ᠋ ᠳᠠᠪᠲᠠᠮᠵᠢ ᠶᠢᠨ ᠵᠢᠭᠰᠠᠯ ᠤᠨ ᠵᠢᠷᠤᠭ ᠬᠡᠮᠵᠢᠭᠦᠷ ᠤᠨ ᠰᠠᠭᠤᠷᠢ ᠲᠠᠯᠪᠢᠬᠤ ᠶᠣᠰᠣᠯᠠᠯ 2008 ᠣᠨ ᠤ 9 ᠰᠠᠷ᠎ᠠ ᠶᠢᠨ 9᠎ ᠤ ᠡᠳᠦᠷ ᠮᠢᠩᠭᠠᠲᠤ ᠪᠠᠯᠭᠠᠰᠤᠨ ᠳᠤ ᠶᠠᠪᠤᠭᠳᠠᠪᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠠᠶᠠᠷ ᠤᠨ ᠦᠭᠡ ᠪᠣᠯ᠄ ︽ᠪᠠᠶᠠᠷ ᠤᠨ ᠷᠠᠳᠢᠣ᠋ ᠳᠠᠪᠲᠠᠮᠵᠢ ᠶᠢᠨ ᠶᠡᠷᠦᠩᠬᠡᠶ ᠨᠡᠷᠡᠨ ᠳᠦᠷᠰᠦ ᠶᠢᠨ ᠬᠡᠮᠵᠢᠭᠦᠷᠯᠢᠭ ᠰᠠᠭᠤᠷᠢ ᠲᠠᠯᠪᠢᠪᠠ᠄ ᠨᠡᠷᠡᠨ ᠤ ᠬᠤᠪᠢᠷᠠᠯᠲᠠ ᠶᠢ ᠨᠡᠪᠲᠡ ᠣᠶᠢᠯᠠᠭᠠᠵᠤ᠂ ᠳᠡᠯᠡᠬᠡᠶ ᠶᠢᠨ ᠪᠥᠮᠪᠥᠷᠴᠡᠭ ᠤᠨ ᠬᠡᠷ ᠣᠷᠣᠨ ᠢᠶᠠᠨ ᠬᠠᠮᠠᠭᠠᠯᠠᠪᠠ᠃ ᠲᠤᠰ ᠪᠠᠶᠠᠷ ᠤᠨ ᠦᠭᠡ ᠨᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠳᠤᠨ ᠣᠷᠣᠨ ᠤ ᠠᠵᠢᠭᠯᠠᠯᠲᠠ ᠶᠢᠨ ᠬᠦᠷᠢᠶᠡᠨ ᠳᠠᠬᠢ ᠬᠥᠮᠦᠨ ᠲᠥᠷᠥᠯᠬᠢᠲᠡᠨ ᠤ ᠳᠡᠯᠡᠬᠡᠢ ᠶᠢᠨ ᠪᠥᠮᠪᠥᠷᠴᠡᠭ ᠤᠨ ᠭᠡᠷ ᠣᠷᠣᠨ ᠢ ᠬᠠᠮᠠᠭᠠᠯᠠᠬᠤ ᠳᠤ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠠᠪᠠ᠃    ᠤᠯᠤᠰ ᠤᠨ ᠰᠢᠨ᠎ᠡ ᠨᠢᠭᠡ ᠦᠶ᠎ᠡ ᠶᠢᠨ ᠨᠡᠷᠡᠨ ᠤ ᠷᠠᠳᠢᠣ᠋ ᠳᠤᠷᠠᠨ ᠪᠣᠯᠤᠭᠰᠠᠨ ᠤ ᠬᠤᠪᠢ ᠳᠤ᠂ ᠲᠡᠭᠦᠨ ᠤ ᠠᠵᠢᠭᠯᠠᠨ ᠬᠡᠮᠵᠢᠬᠦ ᠰᠤᠳᠤᠯᠭᠠᠨ ᠨᠢ ᠣᠳᠣᠨ ᠣᠷᠣᠨ ᠤ ᠣᠷᠴᠢᠨ ᠲᠣᠭᠤᠷᠢᠨ ᠳᠤ ᠮᠠᠰᠢ ᠴᠢᠩᠭ᠎ᠠ ᠱᠠᠭᠠᠷᠳᠠᠯᠭ᠎ᠠ ᠲᠠᠢ ᠪᠠᠶᠢᠳᠠᠭ᠂ ᠡᠭᠦᠨ ᠳᠤ ᠷᠠᠳᠢᠣ᠋ ᠣᠷᠴᠢᠨ ᠲᠣᠭᠤᠷᠢᠨ ᠨᠢ ᠨᠡᠩ ᠴᠢᠬᠤᠯᠠ ᠪᠠᠶᠢᠳᠠᠭ᠃ ᠡᠭᠦᠨ ᠤ ᠲᠤᠯᠠᠳᠠ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠣᠳᠣᠨ ᠣᠷᠣᠨ ᠤ ᠥᠷᠲᠡᠭᠡ ᠶᠢᠨ ᠨᠡᠷᠡᠨ ᠰᠠᠴᠤᠷᠠᠭ ᠤᠨ ᠰᠤᠳᠤᠯᠭᠠᠨ ᠤ ᠪᠦᠯᠬᠦᠮ ᠨᠢ ᠣᠯᠠᠨ ᠵᠢᠯ ᠨᠠᠷᠢᠨ ᠨᠢᠮᠪᠠᠶ ᠤᠷᠢᠳᠴᠢᠯᠠᠨ ᠰᠤᠳᠤᠯᠵᠤ᠂ ᠬᠠᠮᠤᠭ ᠡᠴᠦᠰ ᠲᠤ ᠥᠷᠲᠡᠭᠡᠨ ᠤ ᠭᠠᠵᠠᠷ ᠢᠶᠠᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠢᠩᠭᠠᠨᠲᠤ ᠪᠠᠯᠭᠠᠰᠤᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠳᠤ ᠰᠣᠩᠭᠤᠨ ᠣᠷᠣᠭᠤᠯᠬᠤ ᠪᠠᠷ ᠲᠣᠭᠲᠠᠪᠠ᠃ ᠤᠯᠤᠰ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠮᠢᠩᠭᠠᠲᠤ ᠪᠠᠯᠭᠠᠰᠤ ᠶᠢ ᠰᠣᠩᠭᠤᠭᠰᠠᠨ ᠨᠢ᠂ ᠠᠳᠡᠬᠢ ᠷᠠᠳᠢᠣ᠋ ᠶᠢᠨ ᠣᠷᠴᠢᠨ ᠲᠣᠭᠤᠷᠢᠨ ᠨᠢ ᠳᠠᠪᠲᠠᠮᠵᠢ ᠶᠢᠨ ᠵᠢᠭᠰᠠᠯ ᠤᠨ ᠨᠡᠷᠡᠨ ᠤ ᠳᠦᠷᠰᠦ ᠶᠢᠨ ᠬᠡᠮᠵᠢᠭᠦᠷᠯᠢᠭ ᠤᠨ ᠠᠵᠢᠭᠯᠠᠯᠲᠠ ᠰᠤᠳᠤᠯᠭᠠᠨ ᠤ ᠰᠢᠨᠵᠢᠯᠡᠬᠦ ᠤᠬᠠᠭᠠᠨ ᠤ ᠬᠡᠷᠡᠭᠴᠡᠭᠡ ᠶᠢ ᠬᠠᠩᠭᠠᠵᠤ ᠳᠡᠶᠢᠯᠬᠦ ᠠᠴᠠ ᠭᠠᠳᠠᠨ᠎ᠠ᠂ ᠪᠠᠰᠠ ᠨᠢᠭᠡ ᠴᠢᠬᠤᠯᠠ ᠰᠢᠯᠲᠠᠭᠠᠨ ᠨᠢ ᠭᠡᠪᠡᠯ᠂ ᠡᠨᠡ ᠭᠠᠵᠠᠷ ᠪᠣᠯ ᠮᠢᠩᠭᠠᠲᠤ ᠶᠢᠨ ᠲᠥᠷᠥᠭᠰᠡᠨ ᠨᠤᠲᠤᠭ ᠪᠣᠯᠬᠤ ᠶᠤᠮ᠃    ᠨᠡᠷᠡᠨ ᠤ ᠬᠥᠳᠡᠯᠭᠡᠭᠡᠨ ᠤ ᠡᠭᠦᠰᠦᠯ ᠪᠠ ᠡᠭᠦᠰᠦᠯ ᠬᠥᠭᠵᠢᠯ ᠤᠨ ᠵᠢᠮ᠎ᠡ ᠶᠣᠰᠣ ᠶᠢ ᠰᠤᠳᠤᠯᠵᠤ᠂ ᠲᠡᠭᠦᠨ ᠤ ᠡᠭᠦᠰᠦᠯ ᠬᠤᠪᠢᠰᠤᠯ ᠢ ᠤᠷᠢᠳᠴᠢᠯᠠᠨ ᠮᠡᠳᠡᠭᠡᠯᠡᠬᠦ ᠨᠢ ᠨᠢᠭᠡ ᠵᠦᠢᠯ ᠤᠨ ᠴᠢᠬᠤᠯᠠ ᠶᠡᠭᠡ ᠣᠳᠣᠨ ᠣᠷᠣᠨ ᠤ ᠰᠤᠳᠤᠯᠤᠯ ᠤᠨ ᠰᠡᠳᠦᠪ ᠪᠣᠯᠬᠤ ᠪᠠᠷ ᠪᠠᠷᠠᠬᠤ ᠦᠭᠡᠢ ᠨᠡᠶᠢᠭᠡᠮ ᠤᠨ ᠠᠮᠢᠳᠤᠷᠠᠯ᠂ ᠤᠯᠤᠰ ᠤᠨ ᠠᠮᠤᠷ ᠲᠦᠪᠰᠢᠨ ᠳᠤ ᠴᠦ ᠴᠢᠬᠤᠯᠠ ᠠᠴᠢ ᠬᠤᠯᠪᠣᠭᠳᠠᠯ ᠲᠠᠢ ᠶᠤᠮ᠃ ᠵᠢᠱᠢᠶᠡᠯᠡᠪᠡᠯ᠄ ᠨᠡᠷᠡᠨ ᠤ ᠭᠢᠯᠪᠠᠭ᠋ᠤ ᠲᠣᠯᠪᠤ ᠪᠣᠯ ᠨᠡᠷᠡᠨ ᠤ ᠠᠶᠢᠮᠠᠭ ᠳᠣᠲᠣᠷᠠᠬᠢ ᠬᠠᠮᠤᠭ ᠤᠨ ᠰᠢᠷᠦᠭᠦᠨ ᠳᠡᠯᠪᠡᠷᠡᠯᠲᠡ ᠶᠢᠨ ᠦᠵᠡᠭᠳᠡᠯ ᠪᠣᠯᠤᠨ᠎ᠠ᠂ ᠨᠢᠭᠡ ᠤᠳᠠᠭᠠᠨ ᠤ ᠨᠡᠶᠢᠲᠡᠯᠢᠭ X ᠳᠡᠰ ᠤᠨ ᠭᠢᠯᠪᠠᠭ᠋ᠤ ᠲᠣᠯᠪᠤ ᠨᠢ ᠬᠡᠳᠦᠨ ᠠᠷᠪᠠᠨ ᠮᠢᠨᠦ᠋ᠲ ᠤᠨ ᠳᠣᠲᠣᠷ᠎ᠠ 100 ᠳ᠋ᠦᠩᠰᠢᠭᠤᠷ ᠮᠥᠬᠦᠯᠢᠭ ᠵᠠᠭᠤᠨ ᠲᠦᠮᠡᠨ ᠲᠣᠨ TNT᠎ ᠲᠠᠢ ᠲᠡᠩᠴᠡᠳᠡᠭ ᠤᠰᠤᠲᠥ᠋ᠷᠥᠭᠴᠢ ᠪᠥᠮᠪᠦᠭᠡ ᠶᠢᠨ ᠳᠡᠯᠪᠡᠷᠡᠬᠦ ᠡᠨᠧᠷᠭᠢ ᠶᠢᠨ ᠶᠡᠷᠦᠩᠬᠡᠶ ᠨᠡᠶᠢᠯᠡᠪᠦᠷᠢ ᠶᠢ ᠢᠯᠭᠠᠷᠠᠭᠤᠯᠳᠠᠭ᠃    ᠡᠳᠡᠭᠡᠷ ᠡᠨᠧᠷᠭᠢ ᠨᠢ ᠭᠤᠣᠯᠳᠠᠭᠤ ᠴᠠᠬᠢᠯᠭᠠᠨ ᠰᠣᠷᠢᠨᠵᠢᠨ ᠳᠣᠯᠭᠢᠶᠠᠨ ᠤ ᠰᠠᠴᠤᠷᠠᠭᠤᠯᠭ᠎ᠠ᠂ ᠥᠨᠳᠥᠷ ᠡᠨᠧᠷᠭᠢᠲᠦ ᠮᠥᠬᠦᠯᠢᠭ ᠤᠨ ᠰᠠᠴᠤᠷᠠᠭᠤᠯᠭ᠎ᠠ ᠪᠠ ᠲᠡᠩᠴᠡᠭᠦᠦ ᠢᠶᠦᠡᠳᠦ ᠪᠦᠯᠦᠭᠯᠡᠯ ᠤᠨ ᠰᠢᠳᠡᠬᠦ ᠬᠡᠯᠪᠡᠷᠢ ᠪᠠᠷ ᠭᠠᠳᠠᠭᠰᠢ ᠲᠠᠷᠬᠠᠳᠠᠭ᠃ ᠲᠡᠳᠡᠭᠡᠷ ᠨᠢ ᠳᠡᠯᠡᠬᠡᠶ ᠶᠢᠨ ᠪᠥᠮᠪᠥᠷᠴᠡᠭ ᠵᠦᠭ ᠲᠠᠷᠬᠠᠬᠤ ᠦᠶᠡᠰ᠂ ᠶᠠᠫᠣᠨ ᠭᠠᠵᠠᠷ ᠤᠨ ᠣᠭᠲᠠᠷᠭᠤᠶ ᠶᠢᠨ ᠣᠷᠴᠢᠨ ᠲᠣᠭᠤᠷᠢᠨ ᠳᠤ ᠬᠤᠷᠴᠠ ᠰᠢᠷᠦᠭᠦᠨ ᠬᠤᠳᠬᠤᠷᠠᠯ ᠡᠭᠦᠰᠭᠡᠵᠦ᠂ ᠠᠭᠠᠷ ᠤᠨ ᠠᠶᠠᠯᠠᠯ᠂ ᠰᠠᠨᠰᠠᠷ ᠤᠨ ᠠᠶᠠᠯᠠᠯ᠂ ᠳᠠᠭᠠᠭᠤᠯᠢ ᠣᠳᠣᠨ ᠤ ᠴᠢᠮᠡᠭᠡ ᠬᠤᠯᠪᠣᠭ᠎ᠠ᠂ ᠠᠶᠠᠯᠠᠯ ᠵᠠᠯᠠᠬᠤ᠂ ᠰᠦᠯᠵᠢᠶ᠎ᠡ᠂ ᠴᠠᠬᠢᠯᠭᠠᠨ ᠬᠦᠷᠭᠡᠬᠦ ᠲᠣᠣᠷ᠂ ᠲᠣᠰᠣ ᠳᠠᠮᠵᠢᠭᠤᠯᠬᠤ ᠬᠤᠭᠤᠯᠠᠶ ᠶᠢᠨ ᠲᠣᠣᠷ ᠵᠡᠷᠭᠡ ᠳᠡᠭᠡᠳᠦ ᠮᠡᠷᠭᠡᠵᠢᠯ ᠤᠨ ᠰᠢᠰᠲ᠋ᠧᠮ ᠤᠨ ᠬᠡᠪ ᠤᠨ ᠠᠵᠢᠯᠯᠠᠭ᠎ᠠ ᠶᠢ ᠨᠥᠯᠥᠭᠡᠯᠡᠨ᠎ᠡ᠃    20 ᠳ᠋ᠤᠭᠠᠷ ᠵᠠᠭᠤᠨ ᠤ ᠶᠡᠷᠡᠭᠡᠳ ᠣᠨ ᠠᠴᠠ ᠨᠠᠭᠠᠰᠢ᠂ ᠠᠮᠧᠷᠢᠺᠠ ᠤᠷᠢᠳ ᠢᠶᠠᠷ ᠤᠯᠤᠰ ᠤᠨ ᠣᠭᠲᠠᠷᠭᠤᠶ ᠶᠢᠨ ᠴᠠᠭ ᠠᠭᠤᠷ ᠤᠨ ᠰᠤᠳᠤᠯᠭᠠᠨ ᠤ ᠲᠥᠯᠥᠪᠯᠡᠭᠡ ᠪᠠᠨ ᠡᠬᠢᠯᠡᠭᠦᠯᠵᠦ᠂ ᠧᠦ᠋ᠷᠣᠫᠠ ᠶᠢᠨ ᠬᠤᠯᠪᠣᠭ᠎ᠠ᠂ ᠣᠷᠣᠰ᠂ ᠶᠠᠫᠣᠨ᠂ ᠡᠨᠡᠳᠬᠡᠭ᠂ ᠺᠠᠨᠠᠳᠠ ᠵᠡᠷᠭᠡ ᠴᠦ ᠤᠷᠢᠳ ᠬᠤᠵᠢᠳ ᠲᠣᠰ ᠲᠣᠰ ᠤᠨ ᠨᠠᠷᠠ ᠪᠠ ᠣᠭᠲᠠᠷᠭᠤᠶ ᠶᠢᠨ ᠴᠠᠭ ᠠᠭᠤᠷ ᠤᠨ ᠬᠢᠨᠠᠨ ᠬᠡᠮᠵᠢᠯᠲᠡ ᠪᠠ ᠰᠤᠳᠤᠯᠭᠠᠨ ᠤ ᠲᠥᠯᠥᠪᠯᠡᠭᠡ ᠪᠠᠨ ᠡᠬᠢᠯᠡᠭᠦᠯᠵᠡᠶ᠃    ᠮᠠᠨ ᠤ ᠤᠯᠤᠰ ᠤᠨ ᠣᠳᠣᠨ ᠣᠷᠣᠨ ᠤ ᠠᠵᠢᠭᠯᠠᠯᠲᠠ ᠶᠢᠨ ᠰᠠᠭᠤᠷᠢᠨ ᠭᠠᠵᠠᠷ ᠪᠣᠯ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠢᠨᠵᠧᠨᠧᠷᠢᠩ ᠪᠠᠶᠢᠵᠤ᠂ ᠳᠡᠯᠡᠬᠡᠶ ᠳᠡᠭᠡᠷᠡᠬᠢ ᠴᠣᠷ ᠤᠨ ᠭᠠᠭᠴᠠ ᠨᠡᠷᠡᠨ ᠤ ᠹᠢᠽᠢᠺ᠂ ᠣᠭᠲᠠᠷᠭᠤᠶ ᠶᠢᠨ ᠹᠢᠽᠢᠺ᠂ ᠣᠭᠲᠠᠷᠭᠤᠶ ᠶᠢᠨ ᠴᠠᠭ ᠠᠭᠤᠷ ᠤᠨ ᠰᠤᠳᠤᠯᠤᠯ ᠢ ᠨᠢᠭᠡ ᠴᠣᠭᠴᠠᠵᠢᠭᠤᠯᠤᠭᠰᠠᠨ ᠥᠨᠳᠥᠷ ᠬᠢᠷᠢ ᠲᠦᠪᠰᠢᠨ ᠪᠥᠬᠦᠶ ᠶᠡᠷᠦᠩᠬᠡᠶᠢᠯᠡᠭᠰᠡᠨ ᠴᠢᠨᠠᠷᠲᠠᠶ ᠨᠡᠷᠡᠨ ᠤ ᠷᠠᠳᠢᠣ᠋ ᠠᠵᠢᠭᠯᠠᠯᠲᠠ ᠶᠢᠨ ᠰᠤᠳᠤᠯᠭᠠᠨ ᠤ ᠲᠥᠪ ᠪᠣᠯᠬᠤ ᠪᠥᠭᠡᠳ ᠮᠠᠨ ᠤ ᠤᠯᠤᠰ ᠤᠨ ᠭᠠᠵᠠᠷ ᠠᠴᠠ ᠣᠶᠢᠷ᠎ᠠ ᠣᠭᠲᠠᠷᠭᠤᠶ ᠶᠢᠨ ᠠᠮᠤᠷ ᠲᠦᠪᠰᠢᠨ ᠢ ᠪᠠᠲᠤᠯᠠᠬᠤ ᠴᠢᠬᠤᠯᠠ ᠰᠠᠭᠤᠷᠢ ᠲᠥᠬᠦᠭᠡᠷᠦᠮᠵᠢ ᠪᠣᠯᠤᠨ᠎ᠠ᠃2013 ᠣᠨ ᠠᠴᠠ ᠨᠠᠰᠢ᠂ ᠲᠠᠯ᠎ᠠ ᠨᠤᠲᠤᠭ ᠤᠨ ︽ᠲᠩᠷᠢ ᠶᠢᠨ ᠨᠢᠳᠦ︾ ᠠᠯᠢ ᠣᠯᠠᠨ ᠨᠡᠷᠡᠨ ᠤ ᠰᠠᠴᠤᠷᠠᠭ ᠤᠨ ᠠᠵᠢᠭᠯᠠᠯᠲᠠ ᠬᠢᠵᠦ᠂ ᠳᠤᠮᠳᠠᠳᠤ ᠤᠯᠤᠰ ᠤᠨ ᠣᠭᠲᠠᠷᠭᠤᠶ ᠶᠢᠨ ᠴᠠᠭ ᠠᠭᠤᠷ ᠤᠨ ᠲᠤᠬᠠᠶ ᠰᠤᠳᠤᠯᠭᠠᠨ ᠪᠠ ᠤᠷᠢᠳᠴᠢᠯᠠᠨ ᠮᠡᠳᠡᠭᠡᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠣᠳᠣᠬᠠᠨ ᠳᠤ᠂ ᠮᠠᠨ ᠤ ᠤᠯᠤᠰ ᠶᠠᠭ ᠰᠠᠶᠢᠬᠠᠨ ᠪᠡᠶ᠎ᠡ ᠪᠠᠨ ᠳᠠᠭᠠᠭᠠᠵᠤ ᠠᠵᠢᠯᠯᠠᠵᠤ ᠪᠠᠶᠢᠭ᠎ᠠ ᠨᠠᠷᠠ ᠪᠠ ᠣᠭᠲᠠᠷᠭᠤᠶ ᠶᠢᠨ ᠴᠠᠭ ᠠᠭᠤᠷ ᠤᠨ ᠰᠤᠳᠤᠯᠤᠯ ᠢ ᠬᠢᠨᠠᠨ ᠬᠡᠮᠵᠢᠬᠦ ᠲᠣᠣᠷ ᠰᠦᠯᠵᠢᠶ᠎ᠡ ᠶᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠨᠡᠷᠡᠨ ᠤ ᠠᠵᠢᠯᠯᠠᠭ᠎ᠠ ᠶᠢ ᠡᠬᠢ ᠡᠭᠦᠰᠦᠯ ᠠᠴᠠ ᠨᠢ ᠬᠢᠨᠠᠨ ᠬᠡᠮᠵᠢᠬᠦ ᠴᠢᠳᠠᠪᠤᠷᠢ ᠪᠠᠨ ᠴᠢᠩᠭᠠᠳᠬᠠᠬᠤ ᠶᠢᠨ ᠬᠠᠮᠲᠤ ᠵᠠᠷᠢᠮ ᠬᠦᠷᠢᠶᠡᠨ ᠳᠤ ᠳᠡᠯᠡᠬᠡᠶ ᠶᠢᠨ ᠲᠡᠷᠢᠭᠦᠨ ᠤ ᠬᠢᠷᠢ ᠬᠡᠮᠵᠢᠶ᠎ᠡ ᠳᠤ ᠬᠦᠷᠦᠭᠰᠡᠨ ᠪᠠᠶᠢᠨ᠎ᠠ᠃ ᠣᠳᠣᠬᠠᠨ ᠳᠤ᠂ ᠮᠢᠩᠭᠠᠲᠤ ᠶᠢᠨ ᠠᠵᠢᠭᠯᠠᠨ ᠬᠡᠮᠵᠢᠬᠦ ᠰᠠᠭᠤᠷᠢᠨ ᠭᠠᠵᠠᠷ ᠶᠠᠭ ᠰᠠᠶᠢᠬᠠᠨ ᠮᠢᠩᠭᠠᠲᠤ ᠶᠢᠨ ᠲᠣᠮᠢ ᠳᠣᠯᠭᠢᠶᠠᠨ - ᠠᠷᠪᠠᠨ ᠮᠧᠲᠷ ᠤᠨ ᠳᠣᠯᠭᠢᠶᠠᠨ ᠷᠠᠳᠢᠣ᠋ ᠨᠡᠷᠡᠨ ᠤ ᠳᠦᠷᠰᠦ ᠶᠢᠨ ᠬᠡᠮᠵᠢᠭᠦᠷᠯᠢᠭ᠂ ᠭᠠᠷᠠᠭ ᠣᠳᠣᠨ ᠤ ᠬᠤᠭᠤᠷᠣᠨᠳᠣᠬᠢ ᠭᠢᠯᠠᠯᠵᠠᠬᠤ ᠳᠤᠷᠠᠨ ᠪᠠ ᠬᠡᠲᠦ ᠥᠷᠭᠡᠨ ᠪᠦᠰᠡᠲᠦ ᠨᠡᠷᠡᠨ ᠤ ᠷᠠᠳᠢᠣ᠋ ᠬᠥᠳᠡᠯᠭᠡᠭᠡᠨ ᠤ ᠳᠠᠪᠲᠠᠮᠵᠢ ᠶᠢᠨ ᠵᠢᠭᠰᠠᠯ ᠬᠡᠮᠵᠢᠭᠦᠷᠯᠢᠭ ᠢ ᠰᠢᠨ᠎ᠡ ᠪᠠᠷ ᠪᠠᠶᠢᠭᠤᠯᠵᠤ ᠪᠠᠶᠢᠨ᠎ᠠ᠃ ᠡᠭᠦᠨ ᠳᠤ᠂ ᠮᠢᠩᠭᠠᠲᠤ ᠶᠢᠨ ᠲᠣᠮᠢ ᠳᠣᠯᠭᠢᠶᠠᠨ ᠠᠷᠪᠠᠨ ᠮᠧᠲᠷ ᠤᠨ ᠳᠣᠯᠭᠢᠶᠠᠨᠲᠤ ᠷᠠᠳᠢᠣ᠋ ᠨᠡᠷᠡᠨ ᠤ ᠳᠦᠷᠰᠦ ᠶᠢᠨ ᠬᠡᠮᠵᠢᠭᠦᠷ ᠨᠢ ᠳᠡᠯᠡᠬᠡᠶ ᠳᠡᠭᠡᠷᠡᠬᠢ ᠨᠡᠷᠡᠨ ᠠᠴᠠ ᠰᠠᠴᠤᠷᠠᠭᠰᠠᠨ ᠳᠡᠯᠪᠡᠷᠡᠯᠲᠡ ᠵᠢᠴᠢ ᠭᠠᠷᠠᠭ ᠣᠳᠣᠨ ᠤ ᠬᠤᠭᠤᠷᠣᠨᠳᠣᠬᠢ ᠰᠢᠷᠦᠭᠦᠨ ᠳᠣᠯᠭᠢᠶᠠᠨ ᠢ ᠨᠥᠬᠦᠪᠥᠷᠢᠯᠡᠵᠦ᠂ ᠳᠤᠤᠷ᠎ᠠ ᠨᠡᠷᠡᠨ ᠤ ᠲᠢᠲᠢᠮ ᠠᠴᠠ ᠳᠡᠭᠡᠭᠰᠢ ᠤᠯᠠᠮᠵᠢᠯᠠᠨ ᠭᠠᠷᠠᠭ ᠣᠳᠣᠨ ᠤ ᠬᠤᠭᠤᠷᠣᠨᠳᠣᠬᠢ ᠣᠷᠣᠨ ᠵᠠᠶ ᠳᠤ ᠣᠷᠣᠬᠤ ᠶᠠᠪᠤᠴᠠ ᠶᠢᠨ ᠳᠦᠷᠰᠦ ᠪᠦᠲᠦᠭᠡᠬᠦ ᠠᠵᠢᠭᠯᠠᠯᠲᠠ ᠶᠢᠨ ᠬᠤᠭᠤᠰᠣᠨ ᠢ ᠨᠥᠬᠦᠪᠥᠷᠢᠯᠡᠬᠦ ᠪᠣᠯᠤᠨ᠎ᠠ᠃ ᠭᠠᠷᠠᠭ ᠣᠳᠣᠨ ᠤ ᠬᠤᠭᠤᠷᠣᠨᠳᠣᠬᠢ ᠭᠢᠯᠠᠰ ᠭᠢᠯᠠᠰ ᠳᠤᠷᠠᠨ ᠨᠢ ᠨᠡᠷᠡᠨ ᠤ ᠬᠥᠳᠡᠯᠭᠡᠭᠡᠨ ᠤ ᠭᠠᠷᠠᠭ ᠣᠳᠣᠨ ᠤ ᠬᠤᠭᠤᠷᠣᠨᠳᠣᠬᠢ ᠨᠡᠷᠡᠨ ᠤ ᠰᠠᠯᠬᠢ ᠶᠢᠨ ᠭᠤᠷᠪᠠᠨ ᠬᠡᠮᠵᠢᠯᠳᠦ ᠣᠷᠣᠨ ᠵᠠᠶ ᠶᠢᠨ ᠪᠦᠲᠦᠴᠡ ᠶᠢ ᠰᠠᠮᠠᠭᠤᠷᠠᠭᠤᠯᠬᠤ ᠣᠨᠴᠠᠯᠢᠭ ᠪᠠ ᠵᠢᠮ᠎ᠡ ᠶᠣᠰᠣ ᠶᠢ ᠨᠠᠩ ᠰᠠᠶᠢᠨ ᠬᠠᠶᠢᠨ ᠬᠡᠮᠵᠢᠵᠦ ᠴᠢᠳᠠᠨ᠎ᠠ᠃ ᠬᠡᠳᠦ ᠥᠷᠭᠡᠨ ᠪᠦᠰᠡᠲᠦ ᠷᠠᠳᠢᠣ᠋ ᠳᠠᠪᠲᠠᠮᠵᠢ ᠶᠢᠨ ᠵᠢᠭᠰᠠᠯ ᠤᠨ ᠬᠡᠮᠵᠢᠭᠦᠷᠯᠢᠭ ᠨᠢ ᠨᠡᠷᠡᠨ ᠤ ᠳᠡᠯᠪᠡᠷᠡᠯᠲᠡ ᠶᠢᠨ ᠡᠭᠦᠰᠦᠯ ᠤᠨ ᠣᠷᠣᠨ ᠠᠴᠠ ᠭᠠᠷᠠᠭ ᠣᠳᠣᠨ ᠤ ᠬᠤᠭᠤᠷᠣᠨᠳᠣᠬᠢ ᠣᠷᠣᠨ ᠵᠠᠶ ᠬᠦᠷᠲᠡᠯᠡᠬᠢ ᠪᠦᠬᠦ᠋ᠢᠯᠡ ᠲᠠᠷᠬᠠᠯᠲᠠ ᠪᠠ ᠬᠤᠪᠢᠷᠠᠯᠲᠠ ᠶᠢᠨ ᠶᠠᠪᠤᠴᠠ ᠶᠢ ᠮᠥᠷᠳᠡᠵᠦ ᠴᠢᠳᠠᠨ᠎ᠠ᠃    ᠰᠢᠨ᠎ᠡ ᠣᠳᠣᠨ ᠣᠷᠣᠨ ᠤ ᠠᠵᠢᠭᠯᠠᠯᠲᠠ ᠶᠢᠨ ᠰᠢᠰᠲ᠋ᠧᠮ ᠤᠨ ᠪᠠᠶᠢᠭᠤᠯᠤᠭᠳᠠᠭᠰᠠᠨ ᠨᠢ ᠮᠢᠩᠭᠠᠲᠤ ᠶᠢᠨ ᠠᠵᠢᠭᠯᠠᠯᠲᠠ ᠶᠢᠨ ᠰᠠᠭᠤᠷᠢᠨ ᠭᠠᠵᠠᠷ ᠤᠨ ᠨᠡᠷᠡᠨ ᠤ ᠠᠭᠠᠷ ᠮᠠᠨᠳᠠᠯ ᠤᠨ ᠢᠷᠣᠭᠠᠷ ᠳᠠᠪᠬᠤᠷᠭ᠎ᠠ ᠠᠴᠠ ᠭᠠᠵᠠᠷ ᠤᠨ ᠭᠠᠳᠠᠷᠭᠤ ᠠᠴᠠ ᠭᠠᠵᠠᠷ ᠤᠨ ᠭᠠᠳᠠᠷᠭᠤ ᠠᠴᠠ ᠣᠢᠢᠷ᠎ᠠ ᠵᠠᠢ᠂ ᠪᠦᠬᠦᠯᠢ ᠡᠳᠦᠷ᠂ ᠥᠨᠳᠥᠷ ᠴᠠᠭ ᠣᠷᠣᠨ ᠵᠠᠢ ᠶᠢᠨ ᠢᠯᠭᠠᠮᠵᠢ ᠶᠢ ᠬᠢᠨᠠᠨ ᠬᠡᠮᠵᠢᠬᠦ ᠶᠢ ᠠᠬᠢᠭᠤᠯᠵᠤ᠂ ᠮᠠᠨ ᠤ ᠤᠯᠤᠰ ᠤᠨ ᠭᠠᠮᠰᠢᠭᠲᠤ ᠣᠷᠣᠨ ᠵᠠᠢ ᠶᠢᠨ ᠴᠠᠭ ᠠᠭᠤᠷ ᠤᠨ ᠬᠡᠷᠡᠭ ᠢ ᠬᠠᠶᠢᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠪᠡ ᠃ ᠡᠨᠡ ᠨᠢ ᠮᠠᠨ ᠤ ᠤᠯᠤᠰ ᠤᠨ ᠣᠳᠣᠨ ᠣᠷᠣᠨ ᠤ ᠰᠤᠳᠤᠯᠭᠠᠲᠠᠳ ᠮᠠᠨ ᠠᠴᠠ ᠬᠠᠮᠤᠭ ᠣᠶᠢᠷᠠᠬᠠᠨ ᠪᠠᠶᠢᠭ᠎ᠠ ᠠᠰᠢᠳᠠ ᠶᠢᠨ ᠣᠳᠣ ᠶᠢ ᠨᠡᠩ ᠬᠦᠴᠦᠷᠬᠡᠭ ᠨᠢᠳᠦ ᠪᠠᠷ ᠠᠵᠢᠭᠯᠠᠨ ᠰᠤᠳᠤᠯᠤᠭᠰᠠᠨ ᠲᠠᠢ ᠠᠳᠠᠯᠢ ᠶᠤᠮ᠃ ᠰᠢᠨ᠎ᠡ ᠲᠥᠷᠥᠯ ᠵᠦᠶ᠋ᠯ ᠨᠢ ᠮᠢᠩᠭᠠᠨᠲᠤ ᠠᠵᠢᠭᠯᠠᠨ ᠬᠡᠮᠵᠢᠬᠦ ᠰᠠᠭᠤᠷᠢᠨ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠲᠠᠳ ᠤᠨ ᠨᠠᠷᠠ ᠶᠢ ᠨᠠᠩ ᠰᠠᠶᠢᠲᠤᠷ ᠠᠵᠢᠭᠯᠠᠨ ᠬᠡᠮᠵᠢᠬᠦ ᠪᠠ ᠰᠤᠳᠤᠯᠬᠤ ᠶᠢ ᠠᠬᠢᠭᠤᠯᠵᠤ᠂ ᠨᠡᠷᠡᠨ ᠤ ᠬᠥᠳᠡᠯᠭᠡᠭᠡᠨ ᠤ ᠵᠢᠮ᠎ᠡ ᠶᠣᠰᠣ ᠶᠢ ᠴᠢᠷᠮᠠᠶᠢᠨ ᠰᠦᠪᠡᠭᠴᠢᠯᠡᠵᠦ᠂ ᠳᠡᠯᠡᠬᠡᠶ ᠶᠢᠨ ᠪᠥᠮᠪᠥᠷᠴᠡᠭ ᠤᠨ ᠬᠡᠷ ᠣᠷᠣᠨ ᠢᠶᠠᠨ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠬᠦ ᠶᠢ ᠠᠬᠢᠭᠤᠯᠪᠠ᠃    ᠮᠠᠨ ᠤ ᠤᠯᠤᠰ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠣᠳᠣᠨ ᠣᠷᠣᠨ ᠤ ᠠᠵᠢᠭᠯᠠᠯᠲᠠ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠮᠵᠢᠯᠲᠠ ᠤᠯᠬᠤ ᠶᠢ ᠳᠠᠭᠠᠯᠳᠤᠨ᠂ ᠮᠠᠨ ᠤ ᠤᠯᠤᠰ ᠤᠨ ᠣᠳᠣᠨ ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢᠨ ᠭᠠᠵᠠᠷ ᠪᠥᠬᠦ ᠤᠯᠤᠰ ᠤᠨ ᠣᠳᠣᠨ ᠭᠠᠷᠠᠭ ᠤᠨ ᠶᠡᠭᠡ ᠬᠤᠷᠠᠯ ᠴᠤ ᠮᠢᠩᠭᠠᠨᠲᠤ ᠪᠠᠯᠭᠠᠰᠤᠨ ᠳᠤ ᠪᠠᠶᠢᠭᠤᠯᠤᠭᠳᠠᠪᠠ᠃ ᠮᠢᠩᠭᠠᠨᠲᠤ ᠪᠠᠯᠭᠠᠰᠤ ᠨᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠤᠮᠳᠠ ᠡᠮᠦᠨ᠎ᠡ ᠬᠡᠰᠡᠭ ᠲᠤ ᠪᠠᠶᠢᠷᠢᠯᠠᠵᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠯᠤᠰ ᠲᠦᠷᠦ᠂ ᠠᠵᠤ ᠠᠬᠤᠢ᠂ ᠰᠣᠶᠣᠯ ᠪᠠ ᠨᠡᠶᠢᠭᠡᠮ ᠤᠨ ᠠᠵᠢᠯᠯᠠᠭᠠᠨ ᠤ ᠲᠥᠪ ᠪᠣᠯᠤᠨ᠎ᠠ᠂ ᠲᠡᠭᠦᠨ ᠢ ᠮᠢᠩᠭᠠᠨᠲᠤ ᠶᠢᠨ ᠨᠡᠷ᠎ᠡ ᠪᠠᠷ ᠨᠡᠷᠡᠶᠢᠳᠴᠦ᠂ ᠤᠯᠤᠰ ᠤᠨ ᠮᠢᠩᠭᠠᠨᠲᠤ ᠶᠢᠨ ᠤᠳᠤᠨ ᠣᠷᠣᠨ ᠤ ᠠᠵᠢᠭᠯᠠᠯᠲᠠ ᠶᠢᠨ ᠥᠷᠲᠡᠭᠡᠨ ᠤ ᠰᠠᠭᠤᠷᠢᠨ ᠢ ᠲᠤᠰ ᠭᠠᠵᠠᠷ ᠲᠤ ᠪᠠᠶᠢᠭᠤᠯᠵᠠᠢ᠃ ᠪᠦᠬᠦ ᠤᠯᠤᠰ ᠤᠨ ᠣᠳᠣᠨ ᠣᠷᠣᠨ ᠢ ᠪᠠᠷᠠᠯᠠᠬᠤ ᠶᠡᠭᠡ ᠬᠤᠷᠠᠯ ᠢ 2005 ᠣᠨ ᠳᠤ ᠡᠬᠢᠯᠡᠨ ᠪᠠᠶᠢᠭᠤᠯᠵᠤ᠂ ᠪᠡᠭᠡᠵᠢᠩ ᠤᠨ ᠣᠳᠣᠨ ᠣᠷᠣᠨ ᠤ ᠣᠷᠳᠣᠨ ᠤ ︽ᠣᠳᠣᠨ ᠣᠷᠣᠨ ᠤ ᠳᠤᠷ᠎ᠠ ᠪᠠᠭ᠋ᠠᠲᠠᠨ︾ ᠰᠡᠳᠬᠦᠯ ᠤᠨ ᠬᠤᠷᠢᠶ᠎ᠠ ᠠᠴᠠ ᠡᠭᠦᠰᠭᠡᠨ᠂ ᠤᠷᠢᠳ ᠬᠤᠵᠢᠳ ᠥᠪᠥᠷ ᠮᠣᠩᠭᠤᠯ᠂ ᠬᠥᠬᠡᠨᠠᠭᠤᠷ᠂ ᠶᠦᠨᠨᠠᠨ᠂ ᠵᠢᠶᠠᠩᠰᠦ ᠵᠡᠷᠭᠡ ᠭᠠᠵᠠᠷ ᠣᠷᠣᠨ ᠳᠤ ᠪᠠᠭᠤᠭᠰᠠᠨ ᠪᠠ ᠣᠳᠣᠨ ᠣᠷᠣᠨ ᠤ ᠣᠳᠣᠨ ᠣᠷᠣᠨ ᠢ ᠰᠣᠨᠢᠷᠬᠠᠬᠤ ᠣᠳᠣᠨ ᠣᠷᠣᠨ ᠤ ᠭᠤᠣᠯ ᠢ ᠰᠣᠨᠢᠷᠬᠠᠬᠤ ᠠᠵᠢᠯᠯᠠᠭ᠎ᠠ ᠥᠷᠨᠢᠭᠦᠯᠵᠦ᠂ ᠪᠦᠬᠦ ᠤᠯᠤᠰ ᠤᠨ ᠡᠯ᠎ᠡ ᠭᠠᠵᠠᠷ᠂ ᠡᠯ᠎ᠡ ᠠᠵᠢᠯ ᠲᠥᠷᠥᠯ ᠤᠨ ᠣᠳᠣᠨ ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠤᠷᠭᠠᠨ ᠬᠥᠮᠦᠵᠢᠯ ᠤᠨ ᠠᠵᠢᠯᠲᠠᠳ ᠵᠢᠴᠢ ᠣᠳᠣᠨ ᠣᠷᠣᠨ ᠤ ᠳᠤᠷ᠎ᠠ ᠪᠠᠭ᠋ᠠᠲᠠᠳ ᠢ ᠨᠡᠶᠢᠲᠡ 2000 ᠭᠠᠷᠤᠶ ᠬᠥᠮᠦᠨ ᠤᠳᠠᠭ᠎ᠠ ᠲᠠᠲᠠᠨ ᠣᠷᠣᠯᠴᠠᠭᠤᠯᠵᠤ᠂ ᠨᠢᠭᠡᠨᠲᠡ ᠠᠭᠠᠵᠢᠮ ᠢᠶᠠᠷ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠣᠳᠣᠨ ᠣᠷᠣᠨ ᠤ ᠳᠤᠷ᠎ᠠ ᠪᠠᠭ᠋ᠠᠲᠠᠳ ᠤᠨ ᠣᠳᠣᠨ ᠣᠷᠣᠨ ᠢ ᠰᠣᠨᠢᠷᠬᠠᠬᠤ ᠰᠣᠯᠢᠯᠴᠠᠭᠠᠨ ᠤ ᠦᠪᠡᠳᠡᠭᠰᠢ ᠴᠤᠭᠯᠠᠭᠠᠨ ᠪᠣᠯᠤᠭᠰᠠᠨ ᠪᠠᠶᠢᠨ᠎ᠠ᠃    ᠭᠤᠷᠪᠠ᠂ ᠰᠢᠨ᠎ᠡ ᠶᠢ ᠡᠭᠦᠳᠬᠦ ᠰᠡᠳᠬᠢᠴᠡ ᠪᠠᠷ ᠮᠢᠩᠭᠠᠨᠲᠤ ᠶᠢᠨ ᠰᠣᠶᠣᠯ ᠤᠨ ᠥᠪ ᠢ ᠪᠠᠳᠠᠷᠠᠭᠤᠯᠤᠶ᠎ᠠ᠃ ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠤᠯᠤᠰ ᠤᠨ ᠲᠡᠦᠬᠡ ᠪᠣᠯ ᠳᠠᠷᠤᠢ ᠦᠨᠳᠦᠰᠦᠲᠡᠨ ᠨᠦᠭᠦᠳ ᠤᠨ ᠤᠯᠠᠨ ᠡᠰᠢᠵᠢᠨ ᠨᠢᠭᠡ ᠴᠤᠬᠴᠠᠵᠢᠬᠰᠠᠨ ᠳᠤᠮᠳᠠᠳᠤ ᠶᠢᠨ ᠦᠨᠳᠦᠰᠦᠲᠡᠨ ᠤ ᠲᠡᠦᠬᠡ ᠮᠥᠨ᠂ ᠦᠨᠳᠦᠰᠦᠲᠡᠨ ᠨᠦᠭᠦᠳ ᠤᠨ ᠬᠠᠮᠲᠤ ᠪᠠᠷ ᠴᠣᠭᠴᠠᠯᠠᠨ ᠪᠠᠶᠢᠭᠤᠯᠵᠤ᠂ ᠬᠥᠭᠵᠢᠭᠦᠯᠵᠦ᠂ ᠪᠠᠬᠢᠵᠢᠭᠦᠯᠦᠭᠰᠡᠨ ᠠᠭᠤᠤ ᠶᠡᠭᠡ ᠡᠬᠡ ᠤᠯᠤᠰ ᠤᠨ ᠲᠡᠦᠬᠡ ᠮᠥᠨ︾ ᠭᠡᠵᠦ ᠵᠢᠭᠠᠵᠤ ᠭᠠᠷᠭᠠᠪᠠ᠃ ︵ᠰᠢ ᠶᠢᠨ ᠫᠢᠩ᠄ ︽ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠶᠢ ᠪᠠᠷᠢᠮᠲᠠᠯᠠᠬᠤ ᠲᠤᠬᠠᠢ ᠥᠭᠦᠯᠡᠬᠦ ᠨᠢ︾᠂ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶᠠᠨ ᠤ 2021 ᠣᠨ ᠤ ᠬᠡᠪᠯᠡᠯ᠂ 284 ᠳ᠋ᠦᠭᠡᠷ ᠨᠢᠭᠤᠷ᠃︶    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠰᠢᠢᠳᠪᠦᠷᠢ ᠳᠤ᠂ ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠥᠭᠡᠷᠡᠴᠢᠯᠡᠯᠲᠡ ᠶᠢ ᠬᠦᠲᠦᠯᠦᠨ ᠳᠠᠭᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠪᠤᠢ ᠪᠣᠯᠭᠠᠬᠤ ᠬᠡᠷᠡᠭᠲᠡᠢ᠃    ᠰᠣᠶᠣᠯ ᠪᠣᠯ ᠰᠢᠨ᠎ᠡ ᠶᠢ ᠡᠭᠦᠳᠬᠦ ᠬᠠᠮᠤᠭ ᠤᠨ ᠴᠢᠬᠤᠯᠠ ᠲᠠᠢ ᠬᠦᠷᠢᠶ᠎ᠡ ᠮᠥᠨ᠃ ᠡᠳᠦᠭᠡ᠂ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ︾᠎ ᠤ ᠥᠷᠨᠢᠩᠭᠦᠢ ᠬᠥᠭᠵᠢᠯᠲᠡ ᠶᠢᠨ ᠰᠢᠨ᠎ᠡ ᠪᠠᠶᠢᠳᠠᠯ ᠤᠨ ᠡᠮᠦᠨ᠎ᠡ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠣᠶᠣᠯ ᠤᠨ ᠦᠢᠯᠡᠰ ᠤᠨ ᠬᠥᠭᠵᠢᠯᠲᠡ ᠴᠦ ᠨᠢᠭᠡᠨ ᠴᠣ᠋ ᠰᠢᠨ᠎ᠡ ᠲᠡᠦᠬᠡᠨ ᠱᠠᠳᠤ ᠦᠶ᠎ᠡ ᠳᠤ ᠣᠷᠣᠵᠠᠢ᠃ ᠡᠶᠢᠮᠦ ᠠᠴᠠ᠂ ᠪᠢᠳᠡ ᠠᠵᠠ ᠲᠣᠬᠢᠶᠠᠯ ᠢ ᠠᠮᠵᠢᠵᠤ᠂ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠤᠨ᠂ ᠰᠢᠨ᠎ᠡ ᠴᠢᠨᠠᠷ ᠤᠨ ᠦᠶ᠋ᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠥᠪᠥᠷ ᠮᠣᠩᠭᠤᠯ ᠤᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠳᠤ ᠮᠢᠩᠭᠠᠨᠲᠤ ᠶᠢᠨ ᠰᠣᠶᠣᠯ ᠤᠨ ᠥᠪ ᠤᠨ ᠠᠮᠢᠵᠢᠷᠠᠯ ᠤᠨ ᠬᠦᠴᠦᠨ ᠢ ᠢᠳᠡᠪᠬᠢᠲᠡᠶ ᠪᠠᠳᠠᠷᠠᠭᠤᠯᠵᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠣᠶᠣᠯ ᠤᠨ ᠪᠠᠶᠢᠭᠤᠯᠤᠯᠲᠠ ᠶᠢ ᠴᠢᠨᠠᠷ ᠰᠠᠶᠢᠲᠠᠶ ᠬᠥᠭᠵᠢᠯᠲᠡ ᠶᠢᠨ ᠳᠤᠮᠳᠠ ᠢᠯᠡᠳᠲᠡ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠣᠶᠣᠯ ᠲᠡᠦᠬᠡ ᠶᠢᠨ ᠳᠤᠷᠠᠰᠬᠠᠯᠲᠤ ᠵᠦᠶ᠋ᠯᠡᠰ ᠤᠨ ᠪᠦᠲᠦᠭᠡᠭᠳᠡᠬᠦᠨ᠂ ᠪᠦᠲᠦᠭᠡᠯᠴᠢ ᠲᠥᠰᠦᠪᠯᠡᠯ ᠤᠨ ᠪᠦᠲᠦᠭᠡᠭᠳᠡᠬᠦᠨ᠂ ᠵᠢᠭᠤᠯᠴᠢᠯᠠᠯ ᠤᠨ ᠪᠦᠲᠦᠭᠡᠭᠳᠡᠬᠦᠨ ᠳᠤ ᠲᠠᠰᠤᠷᠠᠯᠲᠠ ᠥᠬᠡᠶ ᠰᠢᠨ᠎ᠡ ᠬᠤᠪᠢᠷᠠᠯᠲᠠ ᠭᠠᠷᠬᠤ ᠶᠢ ᠠᠬᠢᠭᠤᠯᠵᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠣᠶᠣᠯ ᠤᠨ ᠦᠶ᠋ᠯᠡᠳᠪᠦᠷᠢᠯᠡᠯ ᠤᠨ ᠬᠦᠴᠦᠨ ᠢ ᠨᠠᠩ ᠳᠡᠭᠡᠳᠦ ᠲᠠᠰ ᠤᠨ᠂ ᠨᠠᠩ ᠲᠡᠷᠢᠭᠦᠨ ᠤ ᠴᠢᠨᠠᠷ ᠴᠢᠨᠰᠠᠭ᠎ᠠ ᠳᠠᠰᠢ ᠡᠷᠡᠯᠬᠡᠭᠯᠡᠨ ᠤᠷᠤᠭᠰᠢᠯᠠᠬᠤ ᠶᠢ ᠠᠬᠢᠭᠤᠯᠤᠨ᠎ᠠ᠃    1 . ᠮᠢᠩᠭᠠᠨᠲᠤ ᠶᠢᠨ ᠬᠤᠪᠣᠷ ᠨᠠᠨᠳᠢᠨ ᠰᠣᠶᠣᠯ ᠤᠨ ᠥᠪ ᠢ ᠵᠠᠯᠭᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠦᠵᠡᠭᠦᠯᠬᠦ ᠲᠡᠦᠬᠡ ᠰᠣᠶᠣᠯ ᠤᠨ ᠳᠤᠷᠠᠰᠬᠠᠯᠲᠤ ᠵᠦᠶ᠋ᠯᠡᠰ ᠤᠨ ᠥᠪᠡᠷᠮᠢᠴᠡ ᠦᠶ᠋ᠯᠡᠳᠦᠯ ᠢ ᠪᠠᠳᠠᠷᠠᠭᠤᠯᠤᠨ᠎ᠠ᠃ ᠮᠢᠩᠭᠠᠨᠲᠤ ᠶᠢᠨ ᠰᠣᠶᠣᠯ ᠤᠨ ᠥᠪ ᠢ ᠪᠠᠳᠠᠷᠠᠭᠤᠯᠤᠨ ᠬᠥᠭᠵᠢᠭᠦᠯᠦᠭᠰᠡᠨ ᠨᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠣᠶᠣᠯ ᠤᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠪᠣᠯᠤᠨ᠎ᠠ᠃ ᠮᠢᠩᠭᠠᠨᠲᠤ ᠶᠢᠨ ᠰᠣᠶᠣᠯ ᠤᠨ ᠥᠪ ᠲᠤ ᠳᠤᠮᠳᠠᠳᠤ ᠶᠢᠨ ᠨᠢᠭᠡᠳᠦᠭᠰᠡᠨ ᠰᠣᠶᠣᠯ ᠤᠨ ᠥᠪ ᠵᠢᠴᠢ ᠤᠳᠤᠨ ᠣᠷᠣᠨ ᠤ ᠰᠤᠳᠤᠯᠤᠯ ᠤᠨ ᠥᠪ᠂ ᠭᠠᠵᠠᠷ ᠵᠦᠢ ᠰᠣᠶᠣᠯ ᠤᠨ ᠥᠪ᠂ ᠳᠤᠮᠳᠠᠳᠤ ᠶᠢᠨ ᠵᠢᠷᠤᠬᠠᠢ ᠰᠣᠶᠣᠯ ᠤᠨ ᠥᠪ ᠵᠡᠷᠭᠡ ᠪᠠᠭᠲᠠᠵᠤ ᠪᠤᠢ᠂ ᠪᠢᠳᠡ ᠰᠢᠨ᠎ᠡ ᠮᠡᠷᠭᠡᠵᠢᠯ᠂ ᠢᠨᠲᠧᠷ ᠰᠦᠯᠵᠢᠶ᠎ᠡ᠂ ᠲᠤᠮᠤ ᠳ᠋ᠠᠶᠢᠲ᠋ᠠ᠂ ᠡᠭᠦᠯᠡᠨ ᠪᠤᠳᠤᠯᠳᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨᠵᠢᠯᠡᠬᠦ ᠤᠬᠠᠭᠠᠨ ᠢ ᠭᠦᠨᠵᠡᠭᠡᠢ ᠰᠤᠳᠤᠯᠤᠨ ᠰᠦᠪᠡᠭᠴᠢᠯᠡᠵᠦ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠰᠣᠶᠣᠯ ᠤᠨ ᠠᠵᠤ ᠦᠢᠯᠡᠰ ᠪᠣᠯᠤᠨ ᠤᠳᠤᠨ ᠣᠷᠣᠨ ᠵᠢᠷᠤᠬᠠᠢ ᠵᠡᠷᠭᠡ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠰᠣᠶᠣᠯ ᠤᠨ ᠠᠵᠤ ᠦᠢᠯᠡᠰ ᠢ ᠬᠥᠭᠵᠢᠭᠦᠯᠵᠦ᠂ ᠮᠢᠩᠭᠠᠨᠲᠤ ᠶᠢᠨ ᠰᠣᠶᠣᠯ ᠤᠨ ᠥᠪ ᠢ ᠴᠡᠴᠡᠭᠯᠡᠭᠦᠯᠦᠨ ᠬᠥᠭᠵᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠡᠷᠳᠡᠨᠢᠰ ᠤᠨ ᠬᠥᠮᠥᠷᠭᠡ ᠶᠢ ᠤᠯᠠᠮ ᠴᠢᠨᠠᠭᠰᠢᠳᠠ ᠪᠠᠶᠠᠯᠢᠭᠵᠢᠭᠤᠯᠬᠤ ᠬᠡᠷᠡᠭᠲᠡᠢ᠃    ᠪᠥᠬᠦ ᠤᠯᠤᠰ ᠤᠨ ᠣᠳᠣᠨ ᠣᠷᠣᠨ ᠢ ᠪᠠᠷᠠᠯᠠᠬᠤ ᠶᠡᠭᠡ ᠬᠤᠷᠠᠯ ᠢ ᠦᠷᠭᠦᠯᠵᠢᠯᠡᠨ ᠡᠷᠭᠢᠯᠡᠬᠦ ᠪᠠᠷ ᠳᠠᠮᠵᠢᠭᠤᠯᠤᠨ᠂ ᠪᠥᠬᠦ ᠤᠯᠤᠰ ᠤᠨ ᠵᠠᠯᠠᠭᠤᠴᠤᠳ ᠪᠠᠭᠠᠴᠤᠳ ᠢ ᠵᠣᠬᠢᠶᠠᠨ ᠪᠠᠶᠢᠭᠤᠯᠵᠤ᠂ ᠲᠡᠳᠡᠨ ᠠᠪᠴᠢᠷᠠᠵᠤ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠲᠠᠯ᠎ᠠ ᠨᠤᠲᠤᠭ ᠲᠤ ᠣᠴᠢᠭᠤᠯᠤᠨ ᠣᠳᠣᠨ ᠣᠷᠣᠨ ᠢ ᠰᠣᠨᠢᠷᠬᠠᠭᠤᠯᠵᠤ᠂ ᠲᠣᠭᠲᠠᠮᠠᠯ ︽ᠣᠳᠣᠨ ᠣᠷᠣᠨ ᠢ ᠪᠠᠷᠠᠯᠠᠬᠤ ᠣᠭᠲᠠᠷᠭᠤᠶ︾᠎ ᠶᠢᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠵᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠢᠩᠭᠠᠨᠲᠤ ᠣᠳᠣᠨ ᠣᠷᠣᠨ ᠤ ᠠᠵᠢᠭᠯᠠᠯᠲᠠ ᠶᠢᠨ ᠲᠥᠪ ᠤᠨ ᠪᠥᠬᠦ ᠤᠯᠤᠰ ᠤᠨ ᠡᠯ᠎ᠡ ᠭᠠᠵᠠᠷ ᠲᠠᠬᠢ ᠨᠡᠷ᠎ᠡ ᠠᠯᠳᠠᠷᠰᠢᠯ ᠢ ᠳᠡᠭᠡᠭᠰᠢᠯᠡᠭᠦᠯᠦᠨ᠎ᠡ᠃ ᠮᠢᠩᠭᠠᠨᠲᠤ ᠪᠣᠯᠤᠨ ᠳᠤᠮᠳᠠᠳᠤ ᠶᠢᠨ ᠤᠳᠤᠨ ᠣᠷᠣᠨ ᠤ ᠲᠡᠦᠬᠡ ᠶᠢᠨ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠬᠦ ᠪᠠᠷ ᠳᠠᠮᠵᠢᠨ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠶᠢ ᠵᠣᠬᠢᠶᠠᠨ ᠪᠠᠶᠢᠭᠤᠯᠤᠨ ᠦᠵᠡᠭᠦᠯᠵᠦ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠦᠽᠧᠢ ᠪᠣᠯᠤᠨ ᠤᠳᠤᠨ ᠣᠷᠣᠨ ᠤ ᠣᠷᠳᠣᠨ ᠤ ᠲᠠᠪᠴᠠᠩ ᠤᠨ ᠠᠴᠢᠶᠠᠯᠠᠪᠤᠷᠢ ᠪᠣᠯᠤᠨ ᠲᠤᠰᠬᠠᠢ ᠮᠡᠷᠭᠡᠵᠢᠯᠲᠡᠨ ᠤ ᠪᠦᠯᠬᠦᠮ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠤᠯᠤᠰ ᠤᠨ ᠳᠡᠰ ᠤᠨ ᠤᠳᠤᠨ ᠣᠷᠣᠨ ᠤ ᠰᠤᠳᠤᠯᠭᠠᠨ ᠤ ᠪᠠᠶᠢᠭᠤᠯᠤᠮᠵᠢ᠂ ᠮᠦᠽᠧᠢ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠪᠦᠬᠦ ᠲᠠᠯ᠎ᠠ ᠪᠠᠷ ᠤᠯᠠᠨ ᠬᠠᠷᠠᠭᠠᠰᠤ ᠠᠴᠠ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃    2 . ᠮᠡᠳᠡᠭᠡ ᠵᠠᠩᠭᠢ ᠶᠢᠨ ᠮᠡᠷᠭᠡᠵᠢᠯ ᠪᠠ ᠰᠣᠶᠣᠯ ᠵᠢᠭᠤᠯᠴᠢᠯᠠᠯ ᠤᠨ ᠦᠶ᠋ᠯᠡᠰ ᠤᠨ ᠲᠦᠷᠭᠡᠨ ᠬᠥᠭᠵᠢᠯᠲᠡ ᠶᠢᠨ ᠰᠢᠨ᠎ᠡ ᠪᠠᠶᠢᠳᠠᠯ ᠳᠤ ᠵᠣᠬᠢᠴᠠᠭᠤᠯᠤᠨ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠢᠩᠭᠠᠨᠲᠤ ᠪᠠᠯᠭᠠᠰᠤᠨ ᠤ ᠰᠣᠶᠣᠯ ᠤᠨ ᠠᠭᠤᠯᠬᠤᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠢᠩᠭᠠᠨᠲᠤ ᠰᠣᠶᠣᠯ ᠤᠨ ᠥᠪ ᠢ ᠨᠡᠭᠡᠭᠡᠨ ᠬᠥᠭᠵᠢᠭᠦᠯᠬᠦ᠂ ᠰᠤᠳᠤᠯᠬᠤ ᠪᠠ ᠲᠠᠨᠢᠯᠴᠠᠭᠤᠯᠬᠤ ᠠᠵᠢᠯ ᠢ ᠢᠳᠡᠪᠬᠢᠲᠡᠶ ᠥᠷᠨᠢᠭᠦᠯᠦᠨ᠎ᠡ᠃    ᠤᠯᠤᠰ ᠤᠨ ᠣᠳᠣᠨ ᠣᠷᠣᠨ ᠤ ᠥᠷᠲᠡᠭᠡ ᠶᠢ ᠦᠷᠭᠦᠯᠵᠢᠯᠡᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠪᠠᠶᠢᠭᠤᠯᠤᠭᠰᠠᠨ ᠣᠳᠣᠨ ᠣᠷᠣᠨ ᠤ ᠬᠢᠨᠠᠨ ᠬᠡᠮᠵᠢᠬᠦ ᠥᠷᠲᠡᠭᠡ ᠪᠠ ᠪᠥᠬᠦ ᠤᠯᠤᠰ ᠤᠨ ᠣᠳᠣᠨ ᠣᠷᠣᠨ ᠤ ᠰᠤᠳᠤᠯᠤᠯ ᠤᠨ ᠶᠡᠭᠡ ᠬᠤᠷᠠᠯ ᠳᠤ ᠲᠦᠰᠢᠭᠯᠡᠨ᠂ ᠤᠯᠤᠰ ᠤᠨ ᠰᠠᠨᠰᠠᠷ ᠤᠨ ᠠᠶᠠᠯᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠣᠳᠣᠨ ᠣᠷᠣᠨ ᠤ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠪᠥᠲᠥᠭᠡᠨ ᠪᠠᠶᠢᠭᠤᠯᠵᠤ᠂ ᠨᠢᠭᠡᠨᠲᠡ ᠵᠣᠬᠢᠬᠤ ᠰᠠᠭᠤᠷᠢ ᠲᠠᠢ ᠪᠣᠯᠤᠭᠰᠠᠨ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠢᠷᠡᠵᠦ ᠣᠳᠣᠨ ᠣᠷᠣᠨ ᠤ ᠰᠤᠳᠤᠯᠤᠯ ᠤᠨ ᠰᠠᠭᠤᠷᠢᠨ ᠭᠠᠵᠠᠷ ᠢ ᠭᠤᠤᠯᠳᠠᠯᠭ᠎ᠠ ᠲᠠᠢ ᠳᠡᠭᠡᠭᠰᠢᠯᠡᠭᠦᠯᠦᠨ᠎ᠡ᠃ ᠮᠢᠩᠭᠠᠲᠤ ᠶᠢᠨ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠲᠠᠢ ᠬᠤᠯᠪᠣᠭᠳᠠᠯ ᠪᠦᠬᠦᠢ᠂ ᠭᠠᠵᠠᠷ ᠤᠨ ᠰᠢᠲᠠᠮᠠᠬᠠᠢ ᠬᠡᠢ ᠲᠠᠢ ᠲᠥᠷᠥᠯ ᠵᠦᠢᠯ ᠢ ᠭᠦᠨᠵᠡᠭᠡᠢ ᠰᠤᠳᠤᠯᠵᠤ ᠨᠡᠭᠡᠭᠡᠨ ᠬᠥᠭᠵᠢᠭᠦᠯᠦᠨ᠎ᠡ᠂ ᠡᠭᠦᠨ ᠳᠤ ᠴᠢᠩ ᠤᠯᠤᠰ ᠤᠨ ᠦᠶ᠎ᠡ ᠪᠠ ᠣᠷᠴᠢᠨ ᠦᠶ᠎ᠡ ᠶᠢᠨ ᠣᠳᠣᠨ ᠣᠷᠣᠨ ᠤ ᠵᠠᠭᠪᠤᠷ᠂ ᠣᠳᠣᠨ ᠣᠷᠣᠨ ᠤ ᠴᠠᠭ ᠤᠯᠠᠷᠢᠯ ᠤᠨ ᠪᠢᠴᠢᠭ᠂ ᠪᠣᠳᠣᠯᠭ᠎ᠠ ᠶᠢᠨ ᠪᠢᠴᠢᠭ ᠵᠡᠷᠭᠡ ᠶᠢ ᠳᠠᠭᠤᠷᠢᠶᠠᠨ ᠦᠢᠯᠡᠳᠬᠦ ᠶᠢ ᠪᠠᠭᠲᠠᠭᠠᠨ᠎ᠠ᠂ ᠡᠳᠡᠭᠡᠷ ᠲᠡᠦᠬᠡ ᠶᠢᠨ ᠳᠤᠷᠠᠰᠬᠠᠯᠲᠤ ᠵᠦᠢᠯᠡᠰ ᠨᠢ ᠮᠢᠩᠭᠠᠲᠤ ᠶᠢᠨ ᠭᠠᠷ ᠤᠨ ᠦᠰᠦᠭ ᠵᠢᠷᠤᠭᠰᠠᠨ ᠠᠴᠠ ᠪᠣᠯᠵᠤ ᠴᠢᠬᠤᠯᠠ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ᠪᠢᠳᠡ ᠬᠠᠭᠤᠯᠪᠤᠷᠢᠯᠠᠵᠤ ᠪᠣᠯᠬᠤ᠂ ᠳᠤᠷᠠᠰᠬᠠᠬᠤ ᠠᠴᠢ ᠬᠤᠯᠪᠣᠭᠳᠠᠯ ᠪᠦᠬᠦᠢ ᠰᠣᠶᠣᠯ ᠤᠨ ᠪᠦᠲᠦᠭᠡᠯᠴᠢ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠠᠵᠢᠯ ᠢ ᠭᠤᠣᠯᠳᠠᠯᠭ᠎ᠠ ᠲᠠᠢ ᠪᠠᠷ ᠵᠣᠬᠢᠶᠠᠨ ᠪᠠᠶᠢᠭᠤᠯᠬᠤ ᠬᠡᠷᠡᠭᠲᠡᠢ᠃ ᠦᠨᠳᠦᠰᠦᠲᠡᠨ ᠤ ᠲᠡᠦᠬᠡ ᠶᠢᠨ ᠳᠤᠷᠠᠰᠬᠠᠯᠲᠤ ᠵᠦᠢᠯ᠂ ᠴᠠᠭᠠᠨ ᠰᠠᠷ᠎ᠠ ᠶᠢᠨ ᠵᠢᠷᠤᠭ᠂ ᠴᠣᠩᠬᠤᠨ ᠴᠡᠴᠡᠭ᠂ ᠴᠠᠭᠠᠰᠤᠨ ᠬᠠᠶᠢᠴᠢᠯᠠᠮᠠᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠢ ᠪᠠᠭᠲᠠᠭᠠᠭᠰᠠᠨ ᠮᠢᠩᠭᠠᠨᠲᠤ ᠪᠣᠯᠤᠨ ᠣᠳᠣᠨ ᠣᠷᠣᠨ ᠤ ᠰᠣᠶᠣᠯ ᠲᠠᠢ ᠬᠤᠯᠪᠣᠭᠳᠠᠬᠤ ᠰᠣᠶᠣᠯ ᠤᠨ ᠪᠦᠲᠦᠭᠡᠯᠴᠢ ᠲᠥᠰᠦᠪᠯᠡᠯ ᠤᠨ ᠪᠦᠲᠦᠭᠡᠭᠳᠡᠬᠦᠨ ᠢ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠦᠨ᠎ᠡ᠃    3 . ᠡᠷᠲᠡᠨ ᠠᠴᠠ ᠠᠪᠤᠭᠠᠳ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠡᠨᠡ ᠬᠦ ᠨᠤᠲᠤᠭ ᠳᠡᠪᠢᠰᠬᠡᠷ ᠳᠡᠭᠡᠷᠡᠬᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠭᠦᠶ᠋ᠴᠡᠳ ᠠᠭᠤᠳᠠᠯᠤᠨ ᠢᠯᠡᠷᠡᠭᠦᠯᠵᠦ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠵᠦ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠭᠰᠠᠨ ᠲᠡᠦᠬᠡᠨ ᠪᠣᠳᠠᠲᠤ ᠬᠡᠷᠡᠭ ᠢ ᠭᠦᠶ᠋ᠴᠡᠳ ᠠᠭᠤᠳᠠᠯᠤᠨ ᠢᠯᠡᠷᠡᠭᠦᠯᠦᠨ᠎ᠡ᠃ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠵᠡᠷᠭᠡ ᠣᠶᠢᠯᠠᠭᠠᠭᠳᠠᠬᠤᠨ ᠪᠠ ᠡᠯᠧᠮᠧᠨ᠋ᠲ ᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠲᠡᠦᠬᠡ ᠰᠣᠶᠣᠯ ᠤᠨ ᠤᠬᠠᠭᠤᠯᠭ᠎ᠠ ᠬᠥᠮᠦᠵᠢᠯ᠂ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠪᠡᠯᠭᠡ ᠲᠡᠮᠳᠡᠭ ᠤᠨ ᠴᠢᠨᠠᠷᠲᠠᠶ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠵᠢᠭᠤᠯᠴᠢᠯᠠᠯ ᠤᠨ ᠦᠵᠡᠮᠵᠢ ᠶᠢᠨ ᠦᠵᠡᠭᠦᠯᠦᠯᠭᠡ ᠵᠡᠷᠭᠡ ᠲᠠᠯ᠎ᠠ ᠳᠤ ᠭᠦᠶ᠋ᠴᠡᠳ ᠢᠯᠡᠷᠡᠭᠦᠯᠵᠦ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠣᠷᠣᠨ ᠨᠤᠲᠤᠭ ᠤᠨ ᠣᠨᠴᠠᠯᠢᠭ ᠲᠠᠢ᠂ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠢᠯᠡᠷᠡᠭᠦᠯᠦᠭᠰᠡᠨ ᠨᠢᠭᠡ ᠪᠦᠯᠦᠭ ᠰᠣᠶᠣᠯ ᠤᠬᠠᠭᠤᠯᠭ᠎ᠠ ᠶᠢᠨ ᠪᠦᠲᠦᠭᠡᠭᠳᠡᠬᠦᠨ ᠢ ᠭᠠᠷᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠨᠠᠩ ᠣᠶᠢᠯᠠᠭᠠᠭᠤᠰᠢᠲᠠᠶ ᠪᠣᠯᠭᠠᠨ᠎ᠠ᠃
 
ᠢᠷᠡᠯᠲᠡ᠄ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠬᠠᠭᠤᠯᠬᠤ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号