ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠠᠯᠪᠠᠨ | ᠮᠡᠳᠡᠭᠡ ︵2024 ᠣᠨ ᠤ 7 ᠰᠠᠷ᠎ᠠ ᠶᠢᠨ 18 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠪᠠᠲᠤᠯᠠᠪᠠ︶ ᠳᠤ᠄ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠣᠳᠠᠰ ᠤᠨ ᠪᠣᠯᠪᠠᠰᠤᠨ ᠪᠠ ᠣᠶᠤᠨ ᠤ ᠪᠣᠯᠪᠠᠰᠤᠨ | ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ ᠮᠥᠨ᠃ ᠡᠷᠬᠡᠪᠰᠢ ᠰᠣᠶᠣᠯ ᠤᠨ ᠢᠲᠡᠭᠡᠯ ᠢᠶᠠᠨ ᠨᠡᠮᠡᠭᠳᠡᠭᠦᠯᠵᠦ᠂ | ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠦᠨ᠂ ᠬᠤᠪᠢᠰᠬᠠᠯᠲᠤ ᠰᠣᠶᠣᠯ ᠢ ᠪᠠᠳᠠᠷᠠᠭᠤᠯᠵᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ᠂ ᠮᠡᠳᠡᠭᠡ ᠵᠠᠩᠭᠢ ᠶᠢᠨ ᠮᠡᠷᠭᠡᠵᠢᠯ ᠤᠨ ᠦᠳᠲᠡᠷ | ᠲᠦᠷᠭᠡᠨ ᠬᠥᠭᠵᠢᠯᠲᠡ ᠶᠢᠨ ᠰᠢᠨ᠎ᠡ ᠪᠠᠶᠢᠳᠠᠯ ᠳᠤ ᠲᠦᠷᠭᠡᠨ ᠵᠣᠬᠢᠴᠠᠵᠤ᠂ ᠬᠡᠪᠴᠢᠶ᠎ᠡ ᠪᠠᠷ ᠠᠤᠭ᠎ᠠ ᠶᠡᠭᠡ ᠰᠢᠯᠢᠳᠡᠭ | ᠰᠣᠶᠣᠯ ᠤᠨ ᠴᠢᠳᠠᠪᠤᠷᠢᠲᠠᠨ ᠤ ᠡᠩᠨᠡᠭᠡ ᠶᠢ ᠪᠤᠶᠢᠵᠢᠭᠤᠯᠤᠨ ᠪᠦᠷᠢᠯᠳᠦᠭᠦᠯᠵᠦ᠂ ᠪᠦᠬᠦ ᠦᠨᠳᠦᠰᠦᠲᠡᠨ ᠤ ᠰᠣᠶᠣᠯ ᠤᠨ | ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ | ᠰᠢᠯᠤᠭᠤᠨ ᠬᠥᠪᠡᠭᠡᠲᠦ ᠴᠠᠭᠠᠨ ᠬᠤᠰᠢᠭᠤ ᠪᠣᠯ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ ᠲᠡᠦᠬᠡ | ᠰᠣᠶᠣᠯ ᠤᠨ ᠥᠪ ᠢᠶᠠᠷ ᠮᠠᠰᠢ ᠪᠠᠶᠠᠯᠢᠭ ᠪᠠᠶᠢᠵᠤ᠂ ᠮᠠᠨ ᠤ ᠤᠯᠤᠰ ᠤᠨ ᠴᠢᠩ ᠤᠯᠤᠰ ᠤᠨ ᠦᠶ᠎ᠡ ᠶᠢᠨ ᠠᠯᠳᠠᠷᠲᠤ | ᠣᠳᠣᠨ ᠣᠷᠣᠨ ᠤ ᠡᠷᠳᠡᠮᠲᠡᠨ ᠮᠢᠩᠭᠠᠨᠲᠤ ᠶᠢᠨ ᠨᠤᠲᠤᠭ ᠪᠣᠯᠤᠨ᠎ᠠ᠃ 2002 ᠣᠨ ᠳᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠰᠢᠯᠤᠭᠤᠨ ᠬᠥᠪᠡᠭᠡᠲᠦ | ᠴᠠᠭᠠᠨ ᠬᠤᠰᠢᠭᠤᠨ ᠤ ᠴᠠᠭᠠᠨᠨᠠᠭᠤᠷ ᠪᠠᠯᠭᠠᠰᠤ ᠵᠢᠩᠬᠢᠨᠢ ᠪᠠᠷ ᠮᠢᠩᠭᠠᠨᠲᠤ ᠪᠠᠯᠭᠠᠰᠤ ᠭᠡᠵᠦ ᠨᠡᠷ᠎ᠡ ᠪᠠᠨ ᠬᠠᠯᠠᠪᠠ᠃ | 2008 ᠣᠨ ᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠯᠤᠰ ᠤᠨ ᠣᠳᠣᠨ | ᠣᠷᠣᠨ ᠤ ᠥᠷᠲᠡᠭᠡ ᠠᠴᠠ ᠪᠠᠶᠢᠭᠤᠯᠤᠭᠰᠠᠨ ᠮᠢᠩᠭᠠᠨᠲᠤ ᠣᠳᠣᠨ ᠣᠷᠣᠨ ᠤ ᠠᠵᠢᠭᠯᠠᠯᠲᠠ ᠶᠢᠨ ᠥᠷᠲᠡᠭᠡ ᠶᠢ | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠢᠩᠭᠠᠨᠲᠤ ᠪᠠᠯᠭᠠᠰᠤᠨ ᠤ ᠬᠠᠷᠢᠶᠠᠨ ᠳᠤ ᠪᠠᠶᠢᠭᠤᠯᠵᠠᠢ᠃ ᠡᠨᠡᠬᠦ | ᠤᠯᠤᠰ ᠤᠨ ᠲᠡᠰ ᠤᠨ ᠭᠤᠣᠯᠳᠠᠯᠭ᠎ᠠ ᠲᠠᠢ ᠢᠨᠵᠧᠨᠧᠷᠢᠩ ᠪᠣᠯ ᠰᠢᠯᠤᠭᠤᠨ ᠬᠥᠪᠡᠭᠡᠲᠦ ᠴᠠᠭᠠᠨ ᠬᠤᠰᠢᠭᠤᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠬᠡ ᠤᠯᠤᠰ ᠤᠨ ᠤᠳᠤᠨ ᠣᠷᠣᠨ ᠤ ᠰᠤᠳᠤᠯᠭᠠᠨ ᠤ ᠦᠢᠯᠡᠰ | ᠪᠣᠯᠤᠨ ᠭᠠᠵᠠᠷ ᠠᠴᠠ ᠤᠢᠢᠷ᠎ᠠ ᠣᠭᠲᠠᠷᠭᠤᠢ ᠶᠢᠨ ᠠᠮᠤᠷ ᠲᠦᠪᠰᠢᠨ ᠢ ᠬᠢᠨᠠᠨ ᠬᠡᠮᠵᠢᠬᠦ ᠢᠨᠵᠧᠨᠧᠷᠢᠩ ᠳᠤ | ᠦᠵᠡᠭᠦᠯᠦᠭᠰᠡᠨ ᠴᠢᠬᠤᠯᠠ ᠬᠤᠪᠢ ᠨᠡᠮᠡᠷᠢ ᠪᠣᠯᠤᠨ᠎ᠠ᠂ ᠲᠡᠷᠡ ᠨᠢ ᠥᠪᠥᠷ ᠮᠣᠩᠭᠤᠯ ᠤᠨ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠤ ᠢᠷᠠᠭᠤ ᠠᠯᠳᠠᠷᠲᠤ ᠤᠯᠠᠮᠵᠢᠯᠠᠯ ᠢ ᠤᠯᠠᠮᠵᠢᠯᠠᠨ ᠪᠠᠳᠠᠷᠠᠭᠤᠯᠵᠠᠢ᠃ | ᠨᠢᠭᠡ᠂ ᠮᠢᠩᠭᠠᠨᠲᠤ ᠶᠢᠨ ᠠᠭᠤᠤ ᠶᠡᠭᠡ ᠭᠠᠪᠢᠶ᠎ᠠ ᠵᠢᠳᠬᠦᠯ ᠪᠠ ᠭᠠᠷᠮᠠᠭᠠᠢ ᠠᠮᠵᠢᠯᠲᠠ ᠪᠦᠲᠦᠮᠵᠢ᠃ ᠮᠢᠩᠭᠠᠨᠲᠤ | ︵1692 - 1765 ᠣᠨ︶ ᠪᠣᠯ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠲᠡᠦᠬᠡᠨ ᠳᠡᠭᠡᠷᠡᠬᠢ ᠠᠯᠳᠠᠷᠲᠤ | ᠬᠥᠮᠦᠨ᠂ ᠴᠢᠩ ᠤᠯᠤᠰ ᠤᠨ ᠦᠶ᠎ᠡ ᠶᠢᠨ ᠣᠳᠣᠨ ᠣᠷᠣᠨ ᠤ ᠰᠤᠳᠤᠯᠭᠠᠲᠠᠨ᠂ ᠲᠣᠭᠠᠨ ᠤ ᠤᠬᠠᠭᠠᠨᠲᠠᠨ᠂ ᠭᠠᠵᠠᠷ | ᠵᠦᠢ ᠶᠢᠨ ᠬᠡᠮᠵᠢᠨ ᠵᠢᠷᠤᠭᠠᠴᠢ᠃ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠴᠢᠳᠠᠪᠤᠷᠢᠲᠠᠨ ᠤ ᠳᠤᠮᠳᠠᠬᠢ ᠲᠥᠯᠥᠭᠡᠯᠡᠬᠦ ᠴᠢᠨᠠᠷᠲᠠᠢ ᠬᠥᠮᠦᠰ ᠪᠣᠯᠤᠨ᠎ᠠ᠂ ᠲᠡᠷᠡ ᠭᠦᠨ ᠵᠤᠵᠠᠭᠠᠨ | ᠡᠬᠡ ᠣᠷᠣᠨᠴᠢ ᠰᠡᠳᠬᠢᠯᠭᠡ ᠲᠠᠢ ᠪᠠᠶᠢᠵᠤ᠂ ᠥᠪᠡᠷ ᠤᠨ ᠨᠢᠭᠡ ᠨᠠᠰᠤ ᠪᠠᠨ ᠳᠤᠮᠳᠠᠳᠤ ᠶᠢᠨ ᠦᠨᠳᠦᠰᠦᠲᠡᠨ ᠤ ᠣᠳᠣᠨ | ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠪᠠ ᠠᠵᠢᠭᠯᠠᠯᠲᠠ ᠶᠢᠨ ᠦᠢᠯᠡᠰ ᠲᠤ ᠵᠣᠷᠢᠭᠤᠯᠵᠤ᠂ ᠡᠬᠡ | ᠤᠯᠤᠰ ᠤᠨ ᠣᠳᠣᠨ ᠣᠷᠣᠨ ᠤ ᠰᠢᠨᠵᠢᠯᠡᠬᠦ ᠤᠬᠠᠭᠠᠨ ᠰᠣᠶᠣᠯ ᠤᠨ ᠡᠷᠳᠡᠨᠢᠰ ᠤᠨ ᠬᠥᠮᠥᠷᠭᠡ ᠶᠢ | ᠪᠠᠶᠠᠯᠢᠭᠵᠢᠭᠤᠯᠬᠤ ᠳᠤ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠡᠦᠬᠡᠨ ᠳᠤ ᠭᠡᠷᠡᠯ ᠰᠠᠴᠤᠷᠠᠩᠭᠤᠢ ᠬᠠᠭᠤᠳᠠᠰᠤ ᠶᠢ | ᠦᠯᠡᠳᠡᠭᠡᠭᠰᠡᠨ ᠶᠤᠮ᠃ | ᠮᠠᠨ ᠤ ᠤᠯᠤᠰ ᠪᠣᠯ ᠳᠡᠯᠡᠬᠡᠢ ᠳᠡᠭᠡᠷᠡᠬᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠢᠶᠠᠷ | ᠬᠠᠮᠤᠭ ᠤᠨ ᠡᠷᠲᠡ᠂ ᠬᠠᠮᠤᠭ ᠤᠨ ᠬᠥᠭᠵᠢᠭᠰᠡᠨ ᠤᠯᠤᠰ ᠤᠨ ᠨᠢᠭᠡ ᠨᠢ ᠮᠥᠨ᠂ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠬᠥᠭᠵᠢᠯᠲᠡ ᠨᠢ ᠤᠳᠤᠨ ᠣᠷᠣᠨ ᠤ ᠰᠤᠳᠤᠯᠤᠯ ᠢ ᠱᠠᠭᠠᠷᠳᠠᠳᠠᠭ᠂ ᠡᠶᠢᠮᠦ ᠠᠴᠠ ᠮᠠᠨ ᠤ | ᠤᠯᠤᠰ ᠴᠤ ᠳᠡᠯᠡᠬᠡᠢ ᠳᠡᠭᠡᠷ᠎ᠡ ᠤᠳᠤᠨ ᠣᠷᠣᠨ ᠤ ᠰᠤᠳᠤᠯᠤᠯ ᠢᠶᠠᠷ ᠬᠠᠮᠤᠭ ᠤᠨ ᠡᠷᠲᠡ ᠬᠥᠭᠵᠢᠭᠰᠡᠨ ᠤᠯᠤᠰ ᠤᠨ | ᠨᠢᠭᠡ ᠨᠢ ᠮᠥᠨ᠂ ᠴᠠᠭ ᠦᠶ᠎ᠡ ᠨᠢᠭᠡᠪᠦᠷᠢ ᠳᠤ ᠴᠥᠮ ᠡᠭᠦᠳᠦᠨ ᠪᠦᠲᠦᠭᠡᠯᠲᠡ ᠲᠠᠢ᠂ ᠲᠡᠮᠳᠡᠭᠯᠡᠯ ᠲᠠᠢ ᠪᠠᠶᠢᠳᠠᠭ︔ | ᠮᠠᠨ ᠤ ᠤᠯᠤᠰ ᠤᠨ ᠬᠠᠮᠤᠭ ᠡᠷᠲᠡᠨ ᠤ ᠰᠤᠳᠤᠷ ᠪᠢᠴᠢᠭ ᠲᠤ ᠳᠠᠷᠤᠢ ︽ᠴᠢᠨ ᠷᠦᠤᠤ ᠬᠤᠤ ᠲᠢᠶᠠᠨ︾᠂ ︽ | ᠠᠷᠠᠳ ᠤᠨ ᠴᠠᠭ ᠢ ᠬᠦᠨᠳᠦᠳᠬᠡᠨ ᠬᠦᠨᠳᠦᠳᠬᠡᠭᠰᠡᠨ︾ ᠲᠤᠬᠠᠢ ᠲᠡᠮᠳᠡᠭᠯᠡᠯ ᠪᠠᠶᠢᠳᠠᠭ︔ ᠡᠨᠡ ᠨᠢ ᠳᠤᠮᠳᠠᠳᠤ ᠶᠢᠨ | ᠡᠪᠦᠭᠡ ᠳᠡᠭᠡᠳᠦᠰ ᠪᠠᠶᠢᠭᠠᠯᠢ ᠶᠢᠨ ᠦᠵᠡᠭᠳᠡᠯ ᠢ ᠠᠵᠢᠭᠯᠠᠬᠤ ᠶᠢ ᠮᠠᠰᠢ ᠴᠢᠬᠤᠯᠠᠴᠢᠯᠠᠵᠤ᠂ ᠪᠠᠶᠢᠭᠠᠯᠢ ᠶᠢᠨ ᠵᠢᠮ᠎ᠡ | ᠶᠣᠰᠣ ᠶᠢ ᠡᠵᠡᠮᠰᠢᠵᠦ᠂ ᠨᠢᠭᠡ ᠵᠢᠯ ᠤᠨ ᠤᠯᠠᠷᠢᠯ ᠤᠨ ᠴᠠᠭ ᠢ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠤᠨ ᠠᠵᠢᠯᠯᠠᠭ᠎ᠠ ᠶᠢ ᠴᠠᠭ ᠤᠯᠠᠷᠢᠯ ᠤᠨ ᠬᠥᠭᠵᠢᠯᠲᠡ ᠶᠣᠰᠣᠭᠠᠷ ᠴᠠᠭ ᠲᠤᠬᠠᠶ ᠳᠤᠨᠢ | ᠶᠠᠪᠤᠭᠳᠠᠭᠤᠯᠬᠤ ᠶᠢ ᠬᠠᠷᠠᠭᠤᠯᠵᠤ ᠪᠠᠶᠢᠨ᠎ᠠ᠃ | ᠳᠤᠮᠳᠠᠳᠤ ᠤᠯᠤᠰ ᠤᠨ ᠡᠷᠲᠡᠨ ᠤ ᠣᠳᠣᠨ ᠣᠷᠣᠨ ᠤ ᠰᠤᠳᠤᠯᠤᠯ ᠨᠢ ᠶᠡᠷᠦ ᠨᠢ ᠢᠯᠡ ᠲᠣᠳᠣ᠂ ᠵᠢᠩᠬᠢᠨᠢ | ᠠᠯᠪᠠᠨ ᠶᠣᠰᠣᠨ ᠤ ᠥᠩᠭᠡ ᠪᠤᠳᠤᠭ ᠲᠠᠢ ᠪᠠᠶᠢᠵᠤ᠂ ᠣᠳᠣᠨ ᠣᠷᠣᠨ ᠤ ᠪᠠᠶᠢᠭᠤᠯᠤᠮᠵᠢ ᠨᠢ ᠲᠥᠪ ᠵᠠᠰᠠᠭ ᠤᠨ | ᠣᠷᠳᠣᠨ ᠤ ᠨᠢᠭᠡᠳᠦᠯᠲᠡᠶ ᠬᠠᠮᠢᠶᠠᠷᠤᠯᠲᠠ ᠳᠣᠣᠷ᠎ᠠ᠂ ᠲᠥᠷᠥ ᠠᠴᠠ ᠰᠢᠭᠤᠳ ᠬᠠᠮᠢᠶᠠᠷᠴᠤ᠂ ᠠᠯᠢᠪᠠ ᠪᠦᠬᠦᠨ ᠢ | ᠴᠥᠮ ᠵᠠᠰᠠᠭ ᠤᠨ ᠣᠷᠳᠣᠨ ᠠᠴᠠ ᠬᠠᠮᠢᠶᠠᠷᠬᠤ ᠶᠢᠨ ᠬᠠᠮᠲᠤ᠂ ᠡᠯ᠎ᠡ ᠦᠨᠳᠦᠰᠦᠲᠡᠨ ᠤ ᠰᠢᠨᠵᠢᠯᠡᠬᠦ ᠤᠬᠠᠭᠠᠨᠲᠠᠳ ᠢ | ︽ᠲᠩᠷᠢ ᠶᠢ ᠰᠦᠰᠦᠭᠯᠡᠬᠦ ᠶᠠᠮᠤᠨ︾ ᠤ ᠲᠤᠰᠢᠶᠠᠯ ᠳᠤ ᠲᠣᠬᠢᠷᠠᠭᠤᠯᠵᠠᠶ᠃ ᠥᠪᠥᠷ ᠮᠣᠩᠭᠤᠯ ᠤᠨ ᠰᠢᠯᠢ ᠶᠢᠨ ᠭᠤᠣᠯ | ᠠᠶᠢᠮᠠᠭ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠲᠥᠷᠥᠭᠰᠡᠨ ᠮᠢᠩᠭᠠᠨᠲᠤ ᠪᠣᠯ ᠳᠠᠷᠤᠶ ᠴᠢᠩ | ᠤᠯᠤᠰ ᠤᠨ ᠲᠩᠷᠢ ᠲᠡᠳᠬᠦᠭᠴᠢ ᠶᠢᠨ ᠦᠶ᠎ᠡ ᠶᠢᠨ ︽ᠲᠩᠷᠢ ᠶᠢ ᠰᠦᠰᠦᠭᠯᠡᠬᠦ ᠶᠠᠮᠤᠨ︾ ᠤ ᠬᠠᠮᠤᠭ ᠳᠡᠭᠡᠳᠦ ᠨᠣᠶᠠᠨ | ︽ᠲᠩᠷᠢ ᠶᠢ ᠰᠦᠰᠦᠭᠯᠡᠬᠦ ᠶᠠᠮᠤᠨ︾ ᠪᠣᠯᠤᠨ᠎ᠠ᠃ | ︽ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠳᠠᠭ︾᠂ ᠲᠠᠷᠢᠶᠠᠯᠠᠩ ᠦᠢᠯᠡᠳᠪᠦᠷᠢᠯᠡᠯ ᠨᠢ | ᠣᠳᠣᠨ ᠣᠷᠣᠨ ᠴᠠᠭ ᠤᠯᠠᠷᠢᠯ ᠤᠨ ᠤᠬᠠᠭᠠᠨ ᠤ ᠵᠢᠯᠣᠭᠤᠳᠣᠯᠭ᠎ᠠ ᠶᠢ ᠬᠠᠮᠤᠭ ᠠᠴᠠ ᠢᠯᠡᠭᠦᠦ ᠱᠠᠭᠠᠷᠳᠠᠳᠠᠭ᠃ | ᠮᠠᠨ ᠤ ᠤᠯᠤᠰ ᠪᠣᠯ ᠳᠡᠯᠡᠬᠡᠢ ᠳᠡᠭᠡᠷᠡᠬᠢ ᠬᠠᠮᠤᠭ ᠤᠨ ᠲᠤᠮᠤ ᠲᠠᠷᠢᠶᠠᠯᠠᠩ ᠤᠨ ᠤᠯᠤᠰ ᠮᠥᠨ᠂ ᠪᠦᠬᠦ ᠤᠯᠤᠰ ᠤᠨ | ᠶᠡᠭᠡ ᠨᠢᠭᠡᠳᠦᠯ ᠢ ᠪᠠᠲᠤᠯᠠᠬᠤ ᠶᠢᠨ ᠲᠥᠯᠥᠭᠡ᠂ ᠪᠦᠬᠦ ᠤᠯᠤᠰ ᠤᠨ ᠡᠯ᠎ᠡ ᠭᠠᠵᠠᠷ ᠤᠨ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠤᠨ ᠠᠵᠢᠯᠯᠠᠭ᠎ᠠ ᠴᠠᠭ ᠤᠯᠠᠷᠢᠯ ᠤᠨ ᠬᠥᠭᠵᠢᠯᠲᠡ ᠶᠣᠰᠣᠭᠠᠷ ᠴᠠᠭ ᠲᠤᠬᠠᠢ ᠳᠤᠨᠢ | ᠶᠠᠪᠤᠭᠳᠠᠵᠤ᠂ ᠮᠢᠩᠭᠠᠨᠲᠤ ︽ᠲᠩᠷᠢ ᠶᠢ ᠰᠦᠰᠦᠭᠯᠡᠬᠦ ᠶᠠᠮᠤᠨ ᠤ ᠬᠢᠨᠠᠭᠴᠢ︾ ᠪᠣᠯᠤᠭᠰᠠᠨ ᠤ ᠬᠤᠪᠢ ᠳᠤ᠂ ᠵᠢᠯ ᠪᠦᠷᠢ | ᠲᠥᠪ ᠵᠠᠰᠠᠭ ᠤᠨ ᠣᠷᠳᠣᠨ ᠤ ᠨᠢᠭᠡᠳᠦᠯᠲᠡᠢ ᠬᠠᠮᠢᠶᠠᠷᠤᠯᠲᠠ ᠳᠣᠣᠷ᠎ᠠ᠂ ᠣᠨ ᠲᠣᠭᠠᠯᠠᠯ ᠤᠨ ︽ᠴᠠᠭ ᠤᠯᠠᠷᠢᠯ ᠤᠨ | ᠦᠨᠳᠦᠰᠦᠨ ᠬᠠᠤᠯᠢ︾ ᠶᠢ ᠬᠠᠷᠢᠭᠤᠴᠠᠨ ᠨᠠᠶᠢᠷᠠᠭᠤᠯᠤᠨ ᠵᠣᠬᠢᠶᠠᠵᠤ᠂ ᠪᠦᠬᠦ ᠤᠯᠤᠰ ᠤᠨ ᠡᠯ᠎ᠡ ᠭᠠᠵᠠᠷ ᠲᠤ | ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠠᠯᠪᠠᠨ ᠵᠠᠬᠢᠷᠭ᠎ᠠ᠂ ᠪᠠᠶᠢᠭᠤᠯᠤᠮᠵᠢ᠂ ᠬᠤᠳᠠᠯᠳᠤᠭᠠᠨ ᠤ ᠰᠠᠯᠠᠭ᠎ᠠ | ᠮᠥᠴᠢᠷ ᠢᠯᠠᠩᠭᠤᠶ᠎ᠠ ᠪᠦᠬᠦ ᠤᠯᠤᠰ ᠤᠨ ᠡᠯ᠎ᠡ ᠭᠠᠵᠠᠷ ᠤᠨ ᠦᠨᠳᠦᠰᠦᠲᠡᠨ ᠨᠦᠭᠦᠳ ᠤᠨ ᠠᠷᠠᠳ ᠲᠦᠮᠡᠨ | ᠬᠠᠮᠲᠤ ᠪᠠᠷ ᠵᠢᠷᠤᠮᠯᠠᠨ ᠬᠡᠷᠡᠭᠵᠢᠭᠦᠯᠪᠡ᠃ ᠮᠢᠩᠭᠠᠨᠲᠤ ᠰᠧ ᠲᠢᠶᠠᠨ ᠵᠢᠶᠠᠨ ᠶᠠᠮᠤᠨ ᠳᠤ ᠬᠠᠮᠤᠭ ᠳᠡᠭᠡᠳᠦ | ᠲᠤᠰᠢᠶᠠᠯᠲᠠᠨ ᠪᠠᠶᠢᠭᠰᠠᠨ ᠬᠤᠭᠤᠴᠠᠭᠠᠨ ᠳᠠᠭᠠᠨ ᠭᠤᠣᠯᠳᠠᠭᠤ ︽ᠴᠠᠭ ᠤᠯᠠᠷᠢᠯ ᠤᠨ ᠪᠢᠴᠢᠭ︾ ᠢ ᠮᠣᠩᠭᠤᠯ | ᠬᠡᠯᠡᠨ ᠳᠤ ᠣᠷᠴᠢᠭᠤᠯᠬᠤ ᠠᠵᠢᠯ ᠢ ᠤᠷᠲᠤ ᠬᠤᠭᠤᠴᠠᠭ᠎ᠠ ᠪᠠᠷ ᠬᠠᠷᠢᠭᠤᠴᠠᠵᠤ ᠪᠠᠶᠢᠪᠠ᠃ ᠡᠭᠦᠨ ᠠᠴᠠ ᠮᠢᠩᠭᠠᠲᠤ | ᠲᠩᠷᠢ ᠶᠢ ᠰᠦᠰᠦᠭᠯᠡᠬᠦ ᠶᠠᠮᠤᠨ ᠳᠤ ᠬᠠᠯᠠᠰᠢᠷᠠᠯ ᠦᠭᠡᠢ ᠰᠢᠷᠭᠠᠭᠤ ᠠᠵᠢᠯᠯᠠᠭᠰᠠᠨ ᠢ ᠣᠯᠵᠤ ᠮᠡᠳᠡᠪᠡ᠂ ᠲᠡᠷᠡ ᠪᠣᠯ | ᠲᠤᠬᠠᠶᠢᠯᠠᠭᠰᠠᠨ ᠠᠵᠢᠯ ᠳᠠᠭᠠᠨ ᠰᠢᠮᠳᠠᠳᠠᠭ ᠣᠳᠣᠨ ᠣᠷᠣᠨ ᠤ ᠲᠤᠰᠢᠶᠠᠯᠲᠠᠨ ᠮᠥᠷᠲᠡᠭᠡᠨ ᠪᠠᠰᠠ ᠣᠨᠣᠯ ᠤᠨ | ᠰᠤᠳᠤᠯᠭᠠᠨ ᠤ ᠲᠠᠯ᠎ᠠ ᠪᠠᠷ ᠠᠮᠵᠢᠯᠲᠠ ᠣᠯᠤᠭᠰᠠᠨ ᠶᠤᠮ᠃ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠪᠠ | ᠲᠠᠷᠢᠶᠠᠯᠠᠩ ᠦᠢᠯᠡᠳᠪᠦᠷᠢᠯᠡᠯ ᠤᠨ ᠦᠢᠯᠡᠳᠦᠯᠭᠡ ᠶᠢᠨ ᠲᠠᠯ᠎ᠠ ᠠᠴᠠ ᠠᠪᠴᠤ ᠦᠵᠡᠪᠡᠯ᠂ ᠮᠢᠩᠭᠠᠨᠲᠤ ᠶᠢᠨ ᠤᠳᠤᠨ | ᠣᠷᠣᠨ ᠵᠢᠷᠤᠬᠠᠢ ᠶᠢᠨ ᠲᠠᠯ᠎ᠠ ᠪᠠᠷ ᠬᠢᠭᠰᠡᠨ ᠠᠵᠢᠯᠯᠠᠭ᠎ᠠ ᠨᠢ ᠦᠨᠡᠬᠡᠷ ᠲᠤᠬᠠᠢ ᠶᠢᠨ ᠦᠶ᠎ᠡ ᠶᠢᠨ ᠨᠡᠶᠢᠭᠡᠮ ᠤᠨ | ᠦᠢᠯᠡᠳᠪᠦᠷᠢᠯᠡᠯ ᠪᠠ ᠠᠮᠢᠳᠤᠷᠠᠯ ᠤᠨ ᠬᠠᠮᠤᠭ ᠤᠨ ᠪᠣᠳᠠᠲᠠᠢ ᠬᠡᠷᠡᠭᠴᠡᠭᠡ ᠪᠣᠯᠬᠤ ᠶᠤᠮ᠂ ᠲᠡᠭᠦᠨ ᠤ ᠡᠨᠡ ᠲᠠᠯ᠎ᠠ ᠶᠢᠨ | ᠭᠠᠪᠢᠶ᠎ᠠ ᠵᠢᠳᠬᠦᠯ ᠪᠣᠯ ᠪᠠᠯᠠᠷᠠᠰᠢ ᠦᠭᠡᠢ ᠶᠤᠮ᠃ | ᠮᠠᠨ ᠤ ᠤᠯᠤᠰ ᠪᠣᠯ ᠤᠯᠠᠨ ᠦᠨᠳᠦᠰᠦᠲᠡᠨ ᠲᠠᠢ ᠨᠢᠭᠡᠳᠦᠭᠰᠡᠨ ᠤᠯᠤᠰ ᠮᠥᠨ᠂ ᠴᠢᠩ ᠤᠯᠤᠰ ᠤᠨ ᠦᠶ᠎ᠡ ᠳᠤ | ᠲᠣᠭᠲᠠᠭᠠᠭᠰᠠᠨ ︽ᠴᠠᠭ ᠦᠶ᠎ᠡ ᠶᠢᠨ ᠦᠨᠳᠦᠰᠦᠨ ᠬᠠᠤᠯᠢ︾ ᠪᠣᠯ ᠪᠦᠬᠦ ᠤᠯᠤᠰ ᠲᠤ ᠵᠣᠷᠢᠭᠤᠯᠤᠭᠰᠠᠨ ᠴᠠᠭ | ᠤᠯᠠᠷᠢᠯ ᠤᠨ ᠪᠢᠴᠢᠭ ᠮᠥᠨ᠃ ᠡᠨᠡ ᠬᠦ ᠴᠠᠭ ᠤᠯᠠᠷᠢᠯ ᠤᠨ ᠪᠢᠴᠢᠭ ᠢ ᠬᠢᠲᠠᠳ ᠬᠡᠪᠯᠡᠯ ᠠᠴᠠ ᠭᠠᠳᠠᠨ᠎ᠠ ᠪᠠᠰᠠ | ᠤᠯᠠᠨ ᠵᠦᠢᠯ ᠤᠨ ᠦᠨᠳᠦᠰᠦᠲᠡᠨ ᠤ ᠦᠰᠦᠭ ᠪᠢᠴᠢᠭ ᠢᠶᠠᠷ ᠣᠷᠴᠢᠭᠤᠯᠤᠨ ᠬᠡᠪᠯᠡᠵᠦ᠂ ᠪᠦᠬᠦ ᠤᠯᠤᠰ ᠤᠨ ᠴᠥᠭᠡᠨ | ᠲᠣᠭᠠᠲᠤ ᠦᠨᠳᠦᠰᠦᠲᠡᠨ ᠤ ᠣᠷᠣᠰᠢᠨ ᠰᠠᠭᠤᠵᠤ ᠪᠠᠶᠢᠭ᠎ᠠ ᠭᠠᠵᠠᠷ ᠣᠷᠣᠨ ᠳᠤ ᠲᠠᠷᠬᠠᠭᠠᠨ᠎ᠠ᠃ ᠮᠢᠩᠭᠠᠨᠲᠤ ᠪᠣᠯ | ᠮᠣᠩᠭᠤᠯ ᠦᠨᠳᠦᠰᠦᠲᠡᠨ ᠤ ᠭᠠᠷᠤᠯᠲᠠᠢ᠂ ︽ᠴᠠᠭ ᠤᠯᠠᠷᠢᠯ ᠤᠨ ᠪᠢᠴᠢᠭ︾ ᠢ ᠮᠣᠩᠭᠤᠯ ᠬᠡᠯᠡᠨ ᠳᠤ ᠣᠷᠴᠢᠭᠤᠯᠬᠤ | ᠡᠭᠦᠷᠭᠡ ᠪᠣᠯ ᠲᠡᠭᠦᠨ ᠤ ᠵᠠᠶᠢᠯᠠᠭᠤᠯᠵᠤ ᠪᠣᠯᠤᠰᠢ ᠦᠭᠡᠢ ᠡᠭᠦᠷᠭᠡ ᠶᠤᠮ᠃ ᠮᠢᠩᠭᠠᠨᠲᠤ ᠡᠨᠡ ᠬᠦ ᠣᠷᠴᠢᠭᠤᠯᠭ᠎ᠠ ᠶᠢᠨ | ᠠᠵᠢᠯ ᠢ ᠮᠠᠰᠢ ᠰᠠᠶᠢᠨ ᠬᠢᠭᠰᠡᠨ ᠲᠤᠯᠠ ᠲᠩᠷᠢ ᠲᠡᠳᠬᠦᠭᠴᠢ ᠬᠠᠭᠠᠨ ᠲᠤᠰᠬᠠᠶᠢᠯᠠᠨ ᠮᠢᠩᠭᠠᠨᠲᠤ ᠳᠤ ︽ | ᠣᠷᠴᠢᠭᠤᠯᠭ᠎ᠠ ᠶᠢᠨ ᠣᠷᠣᠭᠰᠠᠳ ᠤᠨ ᠭᠠᠷᠤᠯ︾ ᠭᠡᠰᠡᠨ ᠢᠷᠠᠭᠤ ᠠᠯᠳᠠᠷ ᠤᠨ ᠴᠣᠯᠠ ᠬᠠᠶᠢᠷᠠᠯᠠᠵᠠᠢ᠃ | ᠮᠠᠨ ᠤ ᠤᠯᠤᠰ ᠤᠨ ᠪᠠᠷᠠᠭᠤᠨ ᠬᠤᠶᠢᠲᠤ ᠣᠷᠣᠨ ᠳᠤ ᠭᠠᠯᠳᠠᠨ ᠤ ᠤᠷᠪᠠᠯᠭᠠᠨ ᠭᠠᠷᠤᠭᠰᠠᠨ ᠦᠶ᠎ᠡ ᠳᠤ᠂ ᠴᠢᠩ | ᠤᠯᠤᠰ ᠤᠨ ᠲᠥᠪ ᠵᠠᠰᠠᠭ ᠤᠨ ᠭᠠᠵᠠᠷ ᠪᠠᠷᠠᠭᠤᠨ ᠬᠤᠶᠢᠲᠤ ᠣᠷᠣᠨ ᠤ ᠨᠠᠷᠢᠨ ᠲᠣᠳᠣᠷᠬᠠᠶ ᠭᠠᠵᠠᠷ ᠤᠨ ᠵᠢᠷᠤᠭ | ᠵᠢᠷᠤᠬᠤ ᠶᠢ ᠲᠤᠯᠭᠠᠮ᠎ᠠ ᠱᠠᠭᠠᠷᠳᠠᠵᠤ ᠪᠠᠶᠢᠪᠠ᠃ ᠮᠢᠩᠭᠠᠲᠤ ᠠᠮᠢ ᠨᠠᠰᠤᠨ ᠤ ᠠᠶᠤᠯ ᠢ ᠰᠥᠷᠴᠦ᠂ ᠳᠠᠯ᠎ᠠ ᠰᠢᠬᠠᠭᠰᠠᠨ | ᠥᠨᠳᠥᠷ ᠨᠠᠰᠤᠯᠠᠵᠤ᠂ ᠬᠤᠶᠠᠷ ᠤᠳᠠᠭ᠎ᠠ ᠵᠠᠷᠯᠢᠭ ᠢᠶᠠᠷ ᠴᠡᠷᠢᠭ ᠳᠠᠭᠠᠭᠤᠯᠤᠨ ᠰᠢᠨᠵᠢᠶᠠᠩ ᠣᠷᠣᠨ ᠳᠤ ᠬᠦᠷᠴᠦ | ᠭᠠᠵᠠᠷ ᠤᠨ ᠵᠢᠷᠤᠭ ᠬᠡᠮᠵᠢᠨ ᠵᠢᠷᠤᠪᠠ᠂ ᠲᠤᠬᠠᠶ ᠶᠢᠨ ᠦᠶ᠎ᠡ ᠳᠤ ᠮᠢᠩᠭᠠᠲᠤ ᠰᠢᠨᠵᠢᠶᠠᠩ ᠤᠨ ᠬᠡᠳᠦᠨ ᠮᠢᠩᠭᠠᠨ | ᠭᠠᠵᠠᠷ ᠤᠨ ᠭᠠᠵᠠᠷ ᠣᠷᠣᠨ ᠳᠤ ᠬᠡᠭᠡᠷ᠎ᠡ ᠶᠢᠨ ᠬᠡᠮᠵᠢᠯᠲᠡ ᠶᠢᠨ ᠠᠵᠢᠯ ᠬᠢᠵᠦ᠂ ᠠᠵᠢᠯ ᠤᠨ ᠡᠭᠦᠷᠭᠡ ᠨᠢ ᠲᠦᠢᠯ ᠤᠨ | ᠬᠠᠲᠠᠭᠤ ᠪᠡᠷᠬᠡ ᠪᠠᠶᠢᠪᠠ᠃ ᠡᠨᠡ ᠬᠦ ᠬᠤᠭᠤᠴᠠᠭᠠᠨ ᠳᠤ ᠮᠢᠩᠭᠠᠨᠲᠤ ᠶᠢᠨ ᠪᠦᠯᠬᠦᠮ ᠲᠦᠮᠡᠨ ᠪᠡᠷᠬᠡ ᠮᠢᠩᠭᠠᠨ | ᠵᠣᠪᠠᠭᠤᠷᠢ ᠶᠢ ᠲᠤᠭᠤᠯᠵᠤ᠂ ᠲᠤᠭ᠎ᠠ ᠲᠣᠮᠰᠢ ᠦᠭᠡᠢ ᠥᠨᠳᠥᠷ ᠠᠭᠤᠯᠠ᠂ ᠬᠠᠪᠴᠢᠯ ᠵᠢᠯᠠᠭ᠎ᠠ ᠶᠢ ᠳᠠᠪᠠᠵᠤ᠂ | ᠳᠤᠮᠳᠠᠳᠤ ᠤᠯᠤᠰ ᠤᠨ ᠰᠢᠨᠵᠢᠯᠡᠬᠦ ᠤᠬᠠᠭᠠᠨᠲᠠᠳ ᠤᠨ ᠡᠬᠡ ᠤᠯᠤᠰ ᠤᠨ ᠢᠶᠠᠨ ᠨᠤᠲᠤᠭ ᠳᠡᠪᠢᠰᠬᠡᠷ ᠢ ᠬᠠᠶᠢᠨ | ᠬᠡᠮᠵᠢᠬᠦ᠂ ᠰᠢᠨᠵᠢᠯᠡᠬᠦ ᠤᠬᠠᠭᠠᠨ ᠤ ᠲᠥᠯᠥᠭᠡ ᠠᠮᠢ ᠪᠡᠶ᠎ᠡ ᠪᠠᠨ ᠵᠣᠷᠢᠭᠤᠯᠬᠤ ᠡᠷᠬᠢᠮ ᠳᠡᠭᠡᠳᠦ ᠵᠠᠩ ᠴᠢᠨᠠᠷ ᠢ | ᠢᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠪᠠᠷᠠᠭᠤᠨ ᠬᠤᠶᠢᠲᠤ ᠬᠢᠯᠢ ᠶᠢ ᠬᠠᠮᠠᠭᠠᠯᠠᠬᠤ ᠳᠤ ᠴᠢᠬᠤᠯᠠ ᠶᠡᠭᠡ | ᠬᠤᠪᠢ ᠨᠡᠮᠡᠷᠢ ᠦᠵᠡᠭᠦᠯᠵᠡᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠬᠥᠬᠡᠬᠤᠲᠠ ᠶᠢᠨ ᠲᠠᠪᠤᠨ ᠰᠤᠪᠤᠷᠭᠠᠲᠤ | ᠬᠡᠶᠢᠳ ᠲᠤ ᠪᠠᠶᠢᠳᠠᠭ ᠮᠣᠩᠭᠤᠯ ᠦᠰᠦᠭ ᠤᠨ ᠴᠢᠯᠠᠭᠤᠨ ᠰᠡᠶᠢᠯᠦᠮᠡᠯ ᠤᠨ ᠣᠳᠣᠨ ᠣᠷᠣᠨ ᠤ ᠵᠢᠷᠤᠭ ᠪᠣᠯ ᠮᠠᠨ ᠤ | ᠤᠯᠤᠰ ᠤᠨ ᠴᠣᠷ ᠤᠨ ᠭᠠᠭᠴᠠ ᠴᠢᠩ ᠤᠯᠤᠰ ᠤᠨ ᠲᠩᠷᠢ ᠶᠢ ᠰᠦᠰᠦᠭᠯᠡᠬᠦ ᠶᠠᠮᠤᠨ ᠤ ᠠᠯᠪᠠᠨ ᠤ ᠲᠠᠯ᠎ᠠ ᠶᠢᠨ | ᠬᠠᠷᠢᠭᠤᠴᠠᠯᠭᠠᠲᠠᠨ ᠮᠢᠩᠭᠠᠨᠲᠤ ᠶᠢ ︽ᠲᠩᠷᠢ ᠶᠢ ᠰᠦᠰᠦᠭᠯᠡᠬᠦ ᠶᠠᠮᠤᠨ ᠤ ᠬᠢᠨᠠᠭᠴᠢ︾ ᠶᠢᠨ ᠦᠶ᠎ᠡ ᠳᠤ ᠰᠡᠶᠢᠯᠦᠭᠰᠡᠨ | ᠶᠤᠮ᠃ ᠣᠳᠣᠨ ᠣᠷᠣᠨ ᠤ ᠵᠢᠷᠤᠭ ᠨᠢ ᠲᠠᠪᠤᠨ ᠰᠤᠪᠤᠷᠭ᠎ᠠ ᠶᠢᠨ ᠠᠷᠤ ᠬᠡᠷᠡᠮ ᠳᠡᠭᠡᠷ᠎ᠡ ᠰᠢᠭᠢᠳᠬᠡᠭᠰᠡᠨ ᠬᠢᠲᠠᠳ | ᠴᠠᠭᠠᠨ ᠬᠠᠰ ᠴᠢᠯᠠᠭᠤᠨ ᠤ ᠭᠦᠢᠬᠡᠨ ᠭᠦᠳᠦᠭᠦᠷ ᠰᠡᠶᠢᠯᠦᠮᠡᠯ ᠪᠠ ᠤᠲᠠᠰᠤᠨ ᠰᠡᠶᠢᠯᠦᠮᠡᠯ᠂ ᠳ᠋ᠢᠶᠠᠮᠧᠲᠷ ᠨᠢ 144 . | 5 ᠰᠠᠨᠲ᠋ᠢᠮᠧᠲᠷ᠃ ᠪᠦᠬᠦ ᠵᠢᠷᠤᠭ ᠳᠡᠭᠡᠷ᠎ᠡ ᠪᠠᠷᠤᠭ 270 ᠠᠰᠢᠳᠠ ᠶᠢᠨ ᠣᠳᠣ᠂ 1570 ᠭᠠᠷᠤᠶ ᠣᠳᠣ ᠰᠡᠶᠢᠯᠵᠡᠶ | ᠃ ᠴᠢᠯᠠᠭᠤᠨ ᠰᠡᠶᠢᠯᠦᠮᠡᠯ ᠤᠨ ᠵᠢᠷᠤᠭ ᠤᠨ ᠳᠣᠣᠷ᠎ᠠ ᠲᠠᠯ᠎ᠠ ᠶᠢᠨ ᠵᠡᠭᠦᠨ ᠲᠠᠯ᠎ᠠ ᠳᠤ ᠨᠢᠭᠡᠨ ᠤᠷᠲᠤ ᠳᠥᠷᠪᠡᠯᠵᠢᠨ | ᠬᠡᠯᠪᠡᠷᠢᠲᠡᠶ ᠨᠡᠷ᠎ᠡ ᠶᠢᠨ ᠬᠡᠷᠡᠰᠬᠡ᠂ ᠣᠳᠣ ᠰᠡᠶᠢᠯᠦᠭᠰᠡᠨ ᠵᠡᠷᠭᠡ ᠵᠢᠷᠤᠭ ᠲᠠᠢ ᠪᠥᠭᠡᠳ ︽ᠲᠩᠷᠢ ᠶᠢ ᠰᠦᠰᠦᠭᠯᠡᠬᠦ | ᠶᠠᠮᠤᠨ ᠤ ᠵᠢᠷᠤᠭᠰᠠᠨ ᠣᠳᠣᠨ ᠣᠷᠣᠨ ᠤ ᠵᠢᠷᠤᠭ︾ ᠭᠡᠰᠡᠨ ᠦᠰᠦᠭ ᠲᠠᠢ᠃ ᠬᠥᠬᠡᠬᠤᠲᠠ ᠶᠢᠨ ᠲᠠᠪᠤᠨ | ᠰᠤᠪᠤᠷᠭᠠᠲᠤ ᠰᠦᠮ᠎ᠡ ᠶᠢᠨ ᠮᠣᠩᠭᠤᠯ ᠦᠰᠦᠭ ᠤᠨ ᠴᠢᠯᠠᠭᠤᠨ ᠰᠡᠶᠢᠯᠦᠮᠡᠯ ᠤᠨ ᠣᠳᠣᠨ ᠣᠷᠣᠨ ᠤ ᠵᠢᠷᠤᠭ ᠨᠢ ᠴᠢᠩ | ᠤᠯᠤᠰ ᠤᠨ ᠡᠬᠢᠨ ᠤ ᠦᠶ᠎ᠡ ᠶᠢᠨ ᠮᠠᠨ ᠤ ᠤᠯᠤᠰ ᠤᠨ ᠣᠳᠣᠨ ᠣᠷᠣᠨ ᠤ ᠰᠤᠳᠤᠯᠤᠯ ᠤᠨ ᠬᠢᠷᠢ ᠲᠦᠪᠰᠢᠨ ᠢ | ᠲᠤᠰᠬᠠᠭᠰᠠᠨ ᠢᠶᠠᠷ ᠪᠠᠷᠠᠬᠤ ᠦᠭᠡᠢ᠂ ᠪᠠᠰᠠ ᠴᠤ ᠮᠢᠩᠭᠠᠨᠲᠤ ᠶᠢᠨ ︽ᠲᠩᠷᠢ ᠶᠢ ᠰᠦᠰᠦᠭᠯᠡᠬᠦ ᠶᠠᠮᠤᠨ︾ ᠤ | ᠦᠶ᠎ᠡ ᠶᠢᠨ ᠵᠢᠷᠤᠮᠠᠯ ᠣᠳᠣᠨ ᠣᠷᠣᠨ ᠤ ᠵᠢᠷᠤᠭ ᠪᠠᠶᠢᠵᠤ᠂ ᠮᠢᠩᠭᠠᠨᠲᠤ ᠶᠢᠨ ᠣᠳᠣᠨ ᠣᠷᠣᠨ ᠤ ᠰᠤᠳᠤᠯᠤᠯ ᠤᠨ | ᠲᠠᠯ᠎ᠠ ᠪᠠᠷ ᠬᠢ ᠴᠢᠬᠤᠯᠠ ᠶᠡᠭᠡ ᠬᠤᠪᠢ ᠨᠡᠮᠡᠷᠢ ᠶᠢᠨ ᠲᠡᠦᠬᠡ ᠶᠢᠨ ᠭᠡᠷᠡᠴᠢ ᠪᠣᠯᠬᠤ ᠶᠤᠮ᠃ | ᠮᠢᠩᠭᠠᠨᠲᠤ ᠳᠡᠭᠡᠳᠦ ᠵᠡᠷᠭᠡ ᠶᠢᠨ ᠲᠣᠭᠠᠨ ᠤ ᠤᠬᠠᠭᠠᠨ ᠤ ᠰᠤᠳᠤᠯᠭᠠᠨ ᠳᠤ᠂ 30 ᠵᠢᠯ ᠤᠨ ᠰᠢᠷᠭᠠᠭᠤ | ᠴᠢᠷᠮᠠᠶᠢᠯᠭ᠎ᠠ ᠪᠠᠷ ᠲᠣᠭᠠᠨ ᠤ ᠤᠬᠠᠭᠠᠨ ᠤ ᠬᠦᠷᠢᠶᠡᠨ ᠳᠠᠬᠢ ᠨᠢᠭᠡᠨ ᠰᠠᠯᠪᠤᠷᠢ ᠬᠢᠵᠠᠭᠠᠷᠭᠦᠢ ᠴᠥᠷᠬᠡᠯᠡᠭᠡ ᠶᠢ | ᠰᠤᠳᠤᠯᠵᠤ᠂ ᠡᠴᠦᠰ ᠲᠡᠭᠡᠨ ︽ᠲᠣᠭᠤᠷᠢᠭ ᠢ ᠬᠡᠰᠡᠭᠯᠡᠬᠦ ᠨᠢᠭᠲᠠᠴᠠ ᠶᠢᠨ ᠳᠥᠲᠡ ᠠᠷᠭ᠎ᠠ︾ ᠶᠢ ᠵᠣᠬᠢᠶᠠᠵᠤ᠂ | ᠶᠢᠰᠦᠨ ᠲᠣᠮᠢ᠊ ᠡᠶ᠎ᠡ ᠶᠢ ᠵᠠᠳᠠᠯᠵᠠᠢ᠃ ᠲᠡᠭᠦᠨ ᠤ ᠠᠵᠢᠯ ᠨᠢ ᠮᠠᠨ ᠤ ᠤᠯᠤᠰ ᠤᠨ ᠲᠣᠭᠠᠨ ᠤ ᠤᠬᠠᠭᠠᠨ ᠤ | ᠬᠦᠷᠢᠶᠡᠨ ᠳᠤ ᠥᠪᠡᠷᠮᠢᠴᠡ ᠣᠨᠴᠠᠯᠢᠭ ᠲᠠᠢ ᠪᠠᠶᠢᠵᠤ᠂ ᠧᠦ᠋ᠷᠣᠫᠠ ᠬᠥᠮᠦᠨ ᠤ ᠳ᠋ᠤᠺᠠᠷᠲ ᠵᠠᠳᠠᠯᠤᠯᠲᠠ ᠶᠢᠨ | ᠭᠧᠣᠮᠧᠲᠷᠢ ᠶᠢ ᠡᠭᠦᠳᠦᠭᠰᠡᠨ ᠲᠠᠢ ᠠᠳᠠᠯᠢᠳᠬᠠᠵᠤ ᠪᠣᠯᠤᠨ᠎ᠠ᠂ ᠲᠡᠷᠡ ᠰᠢᠨᠲᠠᠷᠠᠰᠢ ᠦᠭᠡᠢ ᠬᠠᠲᠠᠭᠤ ᠵᠣᠷᠢᠭ ᠪᠠ | ᠴᠢᠩᠭ᠎ᠠ ᠬᠢᠨᠠᠮᠠᠭᠠᠢ ᠦᠨᠡᠨ ᠢ ᠪᠠᠷᠢᠮᠲᠠᠯᠠᠬᠤ ᠣᠪᠣᠷ ᠢᠶᠠᠷ ᠭᠡᠷᠡᠯ ᠰᠠᠴᠤᠷᠠᠩᠭᠤᠢ ᠰᠢᠨᠵᠢᠯᠡᠬᠦ ᠤᠬᠠᠭᠠᠨ ᠤ ᠦᠷ᠎ᠡ | ᠪᠦᠲᠦᠭᠡᠯ ᠢ ᠣᠯᠤᠭᠰᠠᠨ ᠪᠠᠶᠢᠨ᠎ᠠ᠃ | ᠳᠤᠮᠳᠠᠳᠤ ᠶᠢᠨ ᠦᠨᠳᠦᠰᠦᠲᠡᠨ ᠤ ᠵᠢᠷᠤᠬᠠᠶ ᠨᠢ ᠠᠷᠭ᠎ᠠ ᠪᠢᠯᠢᠭ ᠢ ᠨᠢᠭᠡᠳᠬᠡᠬᠦ ᠪᠠᠷ ᠤᠯᠠᠮᠵᠢᠯᠠᠯ ᠪᠣᠯᠭᠠᠵᠤ᠂ | ᠡᠪᠦᠭᠡ ᠳᠡᠭᠡᠳᠦᠰ ᠨᠢ ᠬᠤᠷᠢᠨ ᠳᠥᠷᠪᠡᠨ ᠴᠠᠭ ᠤᠯᠠᠷᠢᠯ ᠢ ᠡᠭᠦᠳᠦᠨ᠂ ᠲᠠᠷᠢᠶᠠᠯᠠᠩ ᠦᠢᠯᠡᠳᠪᠦᠷᠢᠯᠡᠯ ᠲᠠᠢ ᠨᠢᠭᠲᠠ | ᠬᠠᠷᠢᠴᠠᠭ᠎ᠠ ᠲᠠᠢ︔ ᠠᠷᠭ᠎ᠠ ᠪᠢᠯᠢᠭ ᠢ ᠬᠠᠮᠲᠤᠳᠬᠠᠭᠰᠠᠨ ᠬᠤᠷᠢᠨ ᠳᠥᠷᠪᠡᠨ ᠴᠠᠭ ᠤᠯᠠᠷᠢᠯ ᠤᠨ ᠰᠢᠰᠲ᠋ᠧᠮ ᠨᠢ ᠨᠠᠩ | ᠴᠤ ᠪᠦᠬᠦ ᠳᠡᠯᠡᠬᠡᠢ ᠳᠤ ᠪᠠᠢᠨ᠎ᠠ︔ ᠳᠤᠮᠳᠠᠳᠤ ᠤᠯᠤᠰ ᠤᠨ ᠵᠢᠷᠤᠬᠠᠶ ᠶᠢᠨ ᠣᠷᠣᠨ ᠲᠤᠭ᠎ᠠ ᠨᠢ ᠨᠡᠩ ᠴᠤ ᠣᠳᠣᠨ | ᠣᠷᠣᠨ ᠤ ᠠᠵᠢᠭᠯᠠᠯᠲᠠ ᠲᠠᠢ ᠵᠡᠷᠭᠡ ᠪᠠᠷ ᠬᠥᠭᠵᠢᠵᠦ᠂ ᠵᠢᠷᠤᠬᠠᠶ ᠶᠢᠨ ᠣᠷᠣᠨ ᠨᠢ ᠵᠥᠪᠬᠡᠨ ᠨᠠᠷᠠ ᠰᠠᠷ᠎ᠠ ᠵᠢᠯ ᠢ | ᠲᠣᠬᠢᠷᠠᠭᠤᠯᠬᠤ ᠲᠡᠳᠦᠶ ᠪᠢᠰᠢ᠂ ᠪᠠᠰᠠ ᠨᠠᠷᠠ᠂ ᠰᠠᠷᠠᠨ ᠤ ᠪᠠᠶᠢᠷᠢ ᠵᠢᠴᠢ ᠨᠠᠷᠠ ᠰᠠᠷ᠎ᠠ ᠭᠬᠢᠷᠲᠦᠬᠦ ᠴᠠᠭ ᠪᠠ ᠭᠠᠷᠠᠭ | ᠣᠳᠣᠨ ᠤ ᠪᠠᠶᠢᠷᠢ ᠵᠡᠷᠭᠡ ᠶᠢ ᠪᠠᠭᠲᠠᠭᠠᠵᠤ᠂ ᠢᠦᠶ ᠢ ᠶᠢᠨ ᠣᠳᠣᠨ ᠣᠷᠣᠨ ᠤ ᠴᠠᠭ ᠤᠯᠠᠷᠢᠯ ᠤᠨ ᠪᠢᠴᠢᠭ ᠲᠠᠢ | ᠲᠡᠩᠴᠡᠨ᠎ᠡ᠃ ᠳᠤᠮᠳᠠᠳᠤ ᠶᠢᠨ ᠦᠨᠳᠦᠰᠦᠲᠡᠨ ᠤ ᠵᠢᠷᠤᠬᠠᠶ ᠶᠢᠨ ᠤᠬᠠᠭᠠᠨ ᠤ ᠦᠵᠡᠯᠲᠡ ᠨᠢ ᠠᠷᠭ᠎ᠠ ᠪᠢᠯᠢᠭ᠂ | ᠲᠠᠪᠤᠨ ᠮᠠᠬᠠᠪᠣᠳ᠂ ᠲᠩᠷᠢ ᠬᠥᠮᠦᠨ ᠤ ᠰᠡᠷᠡᠯ ᠢᠶᠠᠷ ᠰᠠᠭᠤᠷᠢ ᠪᠣᠯᠭᠠᠨ᠎ᠠ᠃ | ᠮᠢᠩᠭᠠᠨᠲᠤ ᠨᠢ ᠳᠤᠮᠳᠠᠳᠤ ᠤᠯᠤᠰ ᠤᠨ ᠲᠣᠭᠠᠨ ᠤ ᠤᠬᠠᠭᠠᠨ ᠤ ᠲᠡᠦᠬᠡᠨ ᠳᠡᠭᠡᠷ᠎ᠡ ᠳ᠋ᠦᠩ ᠴᠧᠩ᠂ ᠰᠢᠶᠠᠩ | ᠮᠢᠩ ᠳ᠋ᠡ᠂ ᠳ᠋ᠠᠢ ᠰᠢᠤᠢ ︵1805 - 1860 ᠣᠨ︶᠂ ᠰᠢᠤᠢ ᠢᠤ ᠷᠧᠨ᠂ ᠯᠢ ᠱᠠᠨ ᠯᠠᠨ ︵1811 - | 1882 ᠣᠨ︶ ᠵᠡᠷᠭᠡ ᠦᠯᠡᠮᠵᠢ ᠤᠯᠠᠨ ᠲᠣᠭᠠᠨ ᠤ ᠤᠬᠠᠭᠠᠨ ᠤ ᠨᠡᠷᠡᠳᠤ ᠡᠷᠳᠡᠮᠲᠡᠳ ᠢ ᠨᠥᠯᠥᠭᠡᠯᠡᠵᠦ᠂ ᠬᠢᠵᠠᠭᠠᠷ | ᠦᠭᠡᠢ ᠴᠥᠷᠬᠡᠯᠡᠭᠡ ᠶᠢᠨ ᠰᠤᠳᠤᠯᠤᠯ ᠤᠨ ᠨᠢᠭᠡᠨ ᠨᠡᠯᠢᠶᠡᠳ ᠢᠳᠡᠪᠬᠢ ᠪᠠᠶᠢᠳᠠᠯ ᠢ ᠪᠤᠢ ᠪᠣᠯᠭᠠᠵᠤ᠂ ᠡᠷᠳᠡᠮᠲᠡᠨ | ᠴᠢᠳᠠᠪᠤᠷᠢᠲᠠᠨ ᠴᠣᠯᠭᠤᠷᠠᠨ ᠭᠠᠷᠴᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠤᠭᠰᠠᠨ ᠪᠠᠶᠢᠨ᠎ᠠ᠃ ᠮᠢᠩᠭᠠᠨᠲᠤ ᠶᠢᠨ | ᠨᠥᠯᠥᠭᠡᠯᠡᠯ ᠳᠣᠣᠷ᠎ᠠ᠂ ᠳᠤᠮᠳᠠᠳᠤ ᠤᠯᠤᠰ ᠤᠨ ᠡᠷᠳᠡᠮᠲᠡᠳ ᠡᠨᠡ ᠬᠦ ᠬᠦᠷᠢᠶ᠎ᠡ ᠬᠡᠪᠴᠢᠶᠡᠨ ᠳᠤ ᠤᠯᠠᠮᠵᠢᠯᠠᠯᠲᠤ | ᠲᠣᠭᠠᠨ ᠤ ᠤᠬᠠᠭᠠᠨ ᠤ ᠣᠨᠴᠠᠯᠢᠭ ᠲᠠᠢ ᠠᠷᠭ᠎ᠠ ᠶᠢ ᠬᠡᠷᠡᠭᠯᠡᠨ᠂ ᠭᠤᠷᠪᠠᠯᠵᠢᠨ ᠹᠦᠩᠺᠼ ᠢ ᠦᠨᠳᠦᠰᠦᠨ ᠳᠡᠭᠡᠨ | ᠰᠢᠢᠳᠪᠦᠷᠢᠯᠡᠵᠦ᠂ ᠮᠢᠩᠭᠠᠨᠲᠤ ᠶᠢᠨ ︽ᠲᠣᠭᠤᠷᠢᠭ ᠢ ᠬᠡᠰᠡᠭᠯᠡᠬᠦ ᠨᠢᠭᠲᠠᠴᠠ ᠶᠢᠨ ᠳᠥᠲᠡ ᠠᠷᠭ᠎ᠠ︾ ᠳᠤ | ᠴᠥᠷᠬᠡᠯᠡᠭᠡ ᠶᠢᠨ ᠬᠤᠷᠠᠬᠤ ᠠᠰᠠᠭᠤᠳᠠᠯ ᠢ ᠳᠤᠷᠠᠳᠴᠠᠢ᠃ ᠴᠥᠷᠬᠦᠯᠡᠭᠡ ᠶᠢᠨ ᠬᠤᠷᠠᠬᠤ ᠠᠰᠠᠭᠤᠳᠠᠯ ᠤᠨ ᠲᠤᠬᠠᠶ | ᠪᠣᠳᠣᠯᠬᠢᠯᠠᠯᠲᠠ ᠧᠦ᠋ᠷᠣᠫᠠ ᠳᠤ ᠴᠤ ᠰᠠᠶ᠋ᠢᠬᠠᠨ ᠡᠬᠢᠯᠡᠵᠦ ᠪᠠᠶᠢᠭᠰᠠᠨ᠂ ᠲᠤᠬᠠᠶ ᠶᠢᠨ ᠦᠶ᠎ᠡ ᠶᠢᠨ ᠳᠠᠪᠰᠢᠩᠭᠤᠶ | ᠦᠵᠡᠯ ᠰᠠᠨᠠᠭ᠎ᠠ ᠮᠥᠨ᠂ ᠠᠯᠪᠠᠨ ᠶᠣᠰᠣᠨ ᠤ ᠰᠤᠳᠤᠯᠤᠯ ᠢ ᠪᠣᠯ ᠧᠦ᠋ᠯᠧᠷ ᠪᠣᠯᠤᠨ ᠭᠸᠤᠴᠤᠷ ︵1789 - | 1857︶ ᠡᠬᠢᠯᠡᠵᠦ ᠬᠢᠭᠰᠡᠨ ᠶᠤᠮ᠃ | ᠬᠤᠶᠠᠷ᠂ ᠥᠪᠥᠷ ᠮᠣᠩᠭᠤᠯ ᠤᠨ ᠶᠡᠭᠡ ᠬᠡᠮᠵᠢᠶᠡᠨ ᠤ ᠪᠤᠰᠤᠳᠴᠢ ︽ᠮᠢᠩᠭᠠᠨᠲᠤ ᠶᠢᠨ ᠨᠥᠯᠥᠭᠡᠯᠡᠯ︾ ︵br /︶ | ᠃ ᠳᠤᠮᠳᠠᠳᠤ ᠶᠢᠨ ᠣᠳᠣᠨ ᠣᠷᠣᠨ ᠤ ᠤᠬᠠᠭᠠᠨ ᠤ ᠥᠭᠦᠯᠡᠯᠲᠡ ᠳᠤ ᠥᠩᠭᠡᠷᠡᠭᠰᠡᠨ᠂ ᠣᠳᠣᠬᠠᠨ ᠳᠤ ᠨᠥᠯᠥᠭᠡ | ᠦᠵᠡᠭᠦᠯᠵᠦ᠂ ᠢᠷᠡᠭᠡᠳᠦᠶ ᠶᠢ ᠰᠡᠩᠬᠡᠷᠡᠭᠦᠯᠦᠨ᠎ᠡ᠃ ᠣᠳᠣᠨ ᠣᠷᠣᠨ ᠤ ᠲᠡᠦᠬᠡ ᠶᠢᠨ ᠳᠤᠷᠠᠰᠬᠠᠯᠲᠤ ᠵᠦᠶ᠋ᠯᠡᠰ ᠨᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠶᠤᠨ ᠰᠠᠨᠠᠭᠠᠨ ᠤ ᠤᠯᠠᠮᠵᠢᠯᠠᠯ ᠢ ᠠᠴᠢᠶᠠᠯᠠᠵᠤ | ᠪᠠᠢᠬᠤ ᠪᠥᠭᠡᠳ ᠶᠠᠪᠤᠬᠤ ᠲᠤᠲᠤᠮ ᠰᠢᠨᠡᠳᠴᠦ ᠪᠠᠢᠨ᠎ᠠ᠃ ᠮᠠᠨ ᠤ ᠤᠯᠤᠰ ᠤᠨ ᠴᠢᠩ ᠤᠯᠤᠰ ᠤᠨ ᠦᠶ᠎ᠡ ᠶᠢᠨ | ᠮᠣᠩᠭᠤᠯ ᠤᠳᠤᠨ ᠣᠷᠣᠨ ᠤ ᠡᠷᠳᠡᠮᠲᠡᠨ᠂ ᠲᠣᠭᠠᠨ ᠤ ᠤᠬᠠᠭᠠᠨᠲᠠᠨ ᠪᠣᠯᠤᠨ ᠭᠠᠵᠠᠷ ᠵᠦᠢ ᠶᠢᠨ ᠬᠡᠮᠵᠢᠨ ᠵᠢᠷᠤᠭᠠᠴᠢ | ᠮᠢᠩᠭᠠᠨᠲᠤ ᠶᠢᠨ ᠰᠢᠨᠵᠢᠯᠡᠬᠦ ᠤᠬᠠᠭᠠᠨ ᠤ ᠲᠠᠯ᠎ᠠ ᠪᠠᠷ ᠬᠢ ᠠᠮᠵᠢᠯᠲᠠ ᠶᠢ ᠳᠤᠷᠠᠰᠬᠠᠬᠤ ᠶᠢᠨ ᠲᠥᠯᠥᠭᠡ᠂ 2002 | ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠷᠦ ᠶᠢᠨ ᠶᠠᠪᠤᠳᠠᠯ ᠤᠨ ᠬᠤᠷᠢᠶᠠᠨ ᠤ | ᠵᠥᠪᠰᠢᠶᠡᠷᠡᠯ ᠢᠶᠠᠷ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠴᠠᠭᠠᠨᠨᠠᠭᠤᠷ ᠪᠠᠯᠭᠠᠰᠤᠨ ᠤ ᠨᠡᠷ᠎ᠡ ᠶᠢ ᠮᠢᠩᠭᠠᠨᠲᠤ | ᠪᠠᠯᠭᠠᠰᠤ ᠭᠡᠵᠦ ᠬᠠᠯᠠᠪᠠ᠃ | 2007 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠥᠪᠡᠭᠡᠲᠦ ᠴᠠᠭᠠᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠤᠶᠤᠴᠢᠯᠠᠯ ᠢᠶᠠᠷ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠪᠠ ᠣᠯᠠᠨ ᠤᠯᠤᠰ ᠤᠨ ᠣᠳᠣᠨ ᠣᠷᠣᠨ ᠤ ᠰᠤᠳᠤᠯᠤᠯ ᠤᠨ ᠬᠤᠯᠪᠣᠭᠠᠲᠤ ᠬᠤᠷᠠᠯ ᠤᠨ | ᠵᠢᠵᠢᠭ ᠣᠳᠣᠨ ᠴᠣᠭᠴᠠᠰ ᠤᠨ ᠨᠡᠷ᠎ᠡ ᠳᠤᠷᠠᠳᠬᠤ ᠺᠣᠮᠢᠰ ᠲᠤ ᠮᠡᠳᠡᠭᠦᠯᠦᠨ ᠵᠥᠪᠰᠢᠶᠡᠷᠡᠭᠦᠯᠦᠭᠡᠳ᠂ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠯᠤᠰ ᠤᠨ ᠣᠳᠣᠨ ᠣᠷᠣᠨ ᠤ ᠥᠷᠲᠡᠭᠡ ᠠᠴᠠ | ᠵᠦ ᠶᠢᠨ ︵ᠪᠡᠭᠡᠵᠢᠩ ᠤᠨ ᠣᠳᠣᠨ ᠣᠷᠣᠨ ᠤ ᠣᠷᠳᠣᠨ ᠤ ᠳᠠᠷᠤᠭ᠎ᠠ︶ ᠤ ᠢᠯᠡᠷᠡᠭᠦᠯᠦᠭᠰᠡᠨ 28242 ᠵᠢᠵᠢᠭ | ᠭᠠᠷᠠᠭ ᠣᠳᠣ ᠶᠢ ︽ᠮᠢᠩᠭᠠᠨᠲᠤ ᠣᠳᠣᠨ︾ ᠭᠡᠵᠦ ᠨᠡᠷᠡᠶᠢᠳᠪᠡ᠃ ᠡᠨᠡ ᠪᠣᠯ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠨᠡᠷᠡᠶᠢᠳᠦᠭᠰᠡᠨ ᠠᠩᠬᠠᠨ ᠤ ᠵᠢᠵᠢᠭ ᠭᠠᠷᠠᠭ᠂ ᠮᠥᠨ ᠴᠦ ᠪᠦᠬᠦ ᠤᠯᠤᠰ ᠤᠨ ᠰᠢᠶᠠᠨ ᠤ | ᠱᠠᠲᠤᠨ ᠤ ᠨᠡᠷᠡᠶᠢᠳᠦᠭᠰᠡᠨ ᠠᠩᠬᠠᠨ ᠤ ᠵᠢᠵᠢᠭ ᠭᠠᠷᠠᠭ ᠪᠣᠯᠤᠨ᠎ᠠ᠃ ︽ᠮᠢᠩᠭᠠᠨᠲᠤ ᠤᠳᠤᠨ︾ ᠢ ᠨᠡᠷᠡᠶᠢᠳᠦᠭᠰᠡᠨ | ᠮᠠᠨ ᠤ ᠤᠯᠤᠰ ᠤᠨ ᠤᠳᠤᠨ ᠣᠷᠣᠨ ᠤ ᠰᠤᠳᠤᠯᠤᠯ ᠤᠨ ᠲᠡᠦᠬᠡᠨ ᠳᠡᠭᠡᠷᠡᠬᠢ ᠨᠢᠭᠡᠨ ᠶᠡᠭᠡ ᠶᠠᠪᠤᠳᠠᠯ ᠨᠢ ᠮᠠᠨ ᠤ | ᠤᠯᠤᠰ ᠤᠨ ᠤᠳᠤᠨ ᠣᠷᠣᠨ ᠤ ᠰᠢᠨᠵᠢᠯᠡᠬᠦ ᠤᠬᠠᠭᠠᠨ ᠤ ᠬᠥᠭᠵᠢᠯᠲᠡ ᠶᠢᠨ ᠲᠡᠦᠬᠡᠨ ᠬᠠᠭᠤᠳᠠᠰᠤᠨ ᠳᠤ ᠢᠷᠠᠭᠤ | ᠠᠯᠳᠠᠷᠲᠠᠢ ᠪᠠᠷ ᠲᠡᠮᠳᠡᠭᠯᠡᠭᠳᠡᠭᠰᠡᠨ ᠪᠠᠶᠢᠨ᠎ᠠ᠃ | 2008 ᠣᠨ ᠳᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠯᠤᠰ ᠤᠨ ᠣᠳᠣᠨ | ᠣᠷᠣᠨ ᠤ ᠥᠷᠲᠡᠭᠡ ᠠᠴᠠ ᠪᠠᠶᠢᠭᠤᠯᠤᠭᠰᠠᠨ ᠮᠢᠩᠭᠠᠨᠲᠤ ᠣᠳᠣᠨ ᠣᠷᠣᠨ ᠤ ᠠᠵᠢᠭᠯᠠᠯᠲᠠ ᠶᠢᠨ ᠥᠷᠲᠡᠭᠡ ᠶᠢ | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠢᠩᠭᠠᠨᠲᠤ ᠪᠠᠯᠭᠠᠰᠤ ᠶᠢᠨ ᠬᠠᠷᠢᠶ᠎ᠠ ᠣᠷᠣᠨ ᠳᠤ ᠪᠠᠶᠢᠭᠤᠯᠪᠠ᠂ | ᠲᠠᠯᠠᠪᠠᠶ ᠨᠢ 8 . 2425 ᠾᠧᠺᠲ᠋ᠠᠷ ᠪᠠᠶᠢᠵᠤ᠂ ᠠᠳᠡ ᠠᠴᠠ ᠪᠡᠭᠡᠵᠢᠩ ᠠᠴᠠ 400 ᠭᠠᠷᠤᠶ ᠺᠢᠯᠣᠮᠧᠲᠷ ᠵᠠᠶᠢᠲᠠᠶ | ᠪᠠᠶᠢᠵᠤ᠂ ᠲᠠᠯ᠎ᠠ ᠨᠤᠲᠤᠭ ᠤᠨ ᠭᠠᠵᠠᠷ ᠤᠨ ᠪᠠᠶᠢᠴᠠ ᠲᠡᠭᠰᠢ᠂ ᠳᠥᠷᠪᠡᠨ ᠲᠠᠯ᠎ᠠ ᠪᠠᠷ ᠢᠶᠠᠨ ᠳᠣᠪᠣᠷᠬᠠᠭ ᠢᠶᠠᠷ | ᠬᠦᠷᠢᠶᠡᠯᠡᠭᠳᠡᠵᠦ᠂ ᠪᠠᠶᠢᠭᠠᠯᠢ ᠶᠢᠨ ᠷᠠᠳᠢᠣ᠋ ᠬᠠᠯᠬᠠᠪᠴᠢ ᠪᠣᠯᠵᠤ᠂ ᠷᠠᠳᠢᠣ᠋ ᠣᠳᠣᠨ ᠣᠷᠣᠨ ᠤ ᠠᠵᠢᠭᠯᠠᠯᠲᠠ ᠶᠢ | ᠥᠷᠨᠢᠭᠦᠯᠬᠦ ᠬᠠᠮᠤᠭ ᠤᠨ ᠰᠠᠶᠢᠨ ᠲᠠᠯᠠᠪᠤᠷ ᠪᠣᠯᠵᠤ᠂ ︽ᠲᠠᠯ᠎ᠠ ᠨᠤᠲᠤᠭ ᠤᠨ ᠲᠩᠷᠢ ᠶᠢᠨ ᠨᠢᠳᠦ︾ ᠬᠡᠮᠡᠭᠳᠡᠭᠰᠡᠨ | ᠪᠠᠶᠢᠨ᠎ᠠ᠃ ᠤᠯᠤᠰ ᠤᠨ ᠲᠡᠰ ᠤᠨ ᠣᠷᠣᠨ ᠵᠠᠢ ᠶᠢᠨ ᠠᠮᠤᠷ ᠲᠦᠪᠰᠢᠨ ᠢ ᠬᠢᠨᠠᠨ ᠬᠡᠮᠵᠢᠬᠦ ᠭᠤᠣᠯᠳᠠᠯᠭ᠎ᠠ ᠲᠠᠢ | ᠢᠨᠵᠧᠨᠧᠷᠢᠩ ᠢ ᠳᠡᠮᠵᠢᠬᠦ ᠶᠢᠨ ᠲᠥᠯᠥᠭᠡ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠥᠪᠥᠷ ᠮᠣᠩᠭᠤᠯ ᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ | ᠤ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠡᠬᠡ ᠤᠯᠤᠰ ᠤᠨ ᠤᠳᠤᠨ ᠣᠷᠣᠨ ᠤ ᠰᠤᠳᠤᠯᠭᠠᠨ ᠤ | ᠦᠢᠯᠡᠰ ᠲᠤ ᠬᠤᠪᠢ ᠨᠡᠮᠡᠷᠢ ᠦᠵᠡᠭᠦᠯᠵᠡᠢ᠃ | ᠮᠢᠩᠭᠠᠲᠤ ᠶᠢᠨ ᠣᠳᠣᠨ ᠣᠷᠣᠨ ᠤ ᠠᠵᠢᠭᠯᠠᠯᠲᠠ ᠶᠢᠨ ᠥᠷᠲᠡᠭᠡᠨ ᠤ ᠰᠠᠭᠤᠷᠢᠨ ᠭᠠᠵᠠᠷ ᠵᠢᠴᠢ ᠷᠠᠳᠢᠣ᠋ | ᠳᠠᠪᠲᠠᠮᠵᠢ ᠶᠢᠨ ᠵᠢᠭᠰᠠᠯ ᠤᠨ ᠵᠢᠷᠤᠭ ᠬᠡᠮᠵᠢᠭᠦᠷ ᠤᠨ ᠰᠠᠭᠤᠷᠢ ᠲᠠᠯᠪᠢᠬᠤ ᠶᠣᠰᠣᠯᠠᠯ 2008 ᠣᠨ ᠤ 9 ᠰᠠᠷ᠎ᠠ ᠶᠢᠨ | 9 ᠤ ᠡᠳᠦᠷ ᠮᠢᠩᠭᠠᠲᠤ ᠪᠠᠯᠭᠠᠰᠤᠨ ᠳᠤ ᠶᠠᠪᠤᠭᠳᠠᠪᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠪᠠᠶᠠᠷ ᠤᠨ ᠦᠭᠡ ᠪᠣᠯ᠄ ︽ᠪᠠᠶᠠᠷ ᠤᠨ ᠷᠠᠳᠢᠣ᠋ ᠳᠠᠪᠲᠠᠮᠵᠢ ᠶᠢᠨ ᠶᠡᠷᠦᠩᠬᠡᠶ ᠨᠡᠷᠡᠨ ᠳᠦᠷᠰᠦ ᠶᠢᠨ | ᠬᠡᠮᠵᠢᠭᠦᠷᠯᠢᠭ ᠰᠠᠭᠤᠷᠢ ᠲᠠᠯᠪᠢᠪᠠ᠄ ᠨᠡᠷᠡᠨ ᠤ ᠬᠤᠪᠢᠷᠠᠯᠲᠠ ᠶᠢ ᠨᠡᠪᠲᠡ ᠣᠶᠢᠯᠠᠭᠠᠵᠤ᠂ ᠳᠡᠯᠡᠬᠡᠶ ᠶᠢᠨ ᠪᠥᠮᠪᠥᠷᠴᠡᠭ ᠤᠨ | ᠬᠡᠷ ᠣᠷᠣᠨ ᠢᠶᠠᠨ ᠬᠠᠮᠠᠭᠠᠯᠠᠪᠠ᠃ ᠲᠤᠰ ᠪᠠᠶᠠᠷ ᠤᠨ ᠦᠭᠡ ᠨᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ | ᠤᠳᠤᠨ ᠣᠷᠣᠨ ᠤ ᠠᠵᠢᠭᠯᠠᠯᠲᠠ ᠶᠢᠨ ᠬᠦᠷᠢᠶᠡᠨ ᠳᠠᠬᠢ ᠬᠥᠮᠦᠨ ᠲᠥᠷᠥᠯᠬᠢᠲᠡᠨ ᠤ ᠳᠡᠯᠡᠬᠡᠢ ᠶᠢᠨ ᠪᠥᠮᠪᠥᠷᠴᠡᠭ ᠤᠨ | ᠭᠡᠷ ᠣᠷᠣᠨ ᠢ ᠬᠠᠮᠠᠭᠠᠯᠠᠬᠤ ᠳᠤ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠠᠪᠠ᠃ | ᠤᠯᠤᠰ ᠤᠨ ᠰᠢᠨ᠎ᠡ ᠨᠢᠭᠡ ᠦᠶ᠎ᠡ ᠶᠢᠨ ᠨᠡᠷᠡᠨ ᠤ ᠷᠠᠳᠢᠣ᠋ ᠳᠤᠷᠠᠨ ᠪᠣᠯᠤᠭᠰᠠᠨ ᠤ ᠬᠤᠪᠢ ᠳᠤ᠂ ᠲᠡᠭᠦᠨ ᠤ | ᠠᠵᠢᠭᠯᠠᠨ ᠬᠡᠮᠵᠢᠬᠦ ᠰᠤᠳᠤᠯᠭᠠᠨ ᠨᠢ ᠣᠳᠣᠨ ᠣᠷᠣᠨ ᠤ ᠣᠷᠴᠢᠨ ᠲᠣᠭᠤᠷᠢᠨ ᠳᠤ ᠮᠠᠰᠢ ᠴᠢᠩᠭ᠎ᠠ ᠱᠠᠭᠠᠷᠳᠠᠯᠭ᠎ᠠ ᠲᠠᠢ | ᠪᠠᠶᠢᠳᠠᠭ᠂ ᠡᠭᠦᠨ ᠳᠤ ᠷᠠᠳᠢᠣ᠋ ᠣᠷᠴᠢᠨ ᠲᠣᠭᠤᠷᠢᠨ ᠨᠢ ᠨᠡᠩ ᠴᠢᠬᠤᠯᠠ ᠪᠠᠶᠢᠳᠠᠭ᠃ ᠡᠭᠦᠨ ᠤ ᠲᠤᠯᠠᠳᠠ᠂ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠣᠳᠣᠨ ᠣᠷᠣᠨ ᠤ ᠥᠷᠲᠡᠭᠡ ᠶᠢᠨ ᠨᠡᠷᠡᠨ ᠰᠠᠴᠤᠷᠠᠭ ᠤᠨ | ᠰᠤᠳᠤᠯᠭᠠᠨ ᠤ ᠪᠦᠯᠬᠦᠮ ᠨᠢ ᠣᠯᠠᠨ ᠵᠢᠯ ᠨᠠᠷᠢᠨ ᠨᠢᠮᠪᠠᠶ ᠤᠷᠢᠳᠴᠢᠯᠠᠨ ᠰᠤᠳᠤᠯᠵᠤ᠂ ᠬᠠᠮᠤᠭ ᠡᠴᠦᠰ ᠲᠤ | ᠥᠷᠲᠡᠭᠡᠨ ᠤ ᠭᠠᠵᠠᠷ ᠢᠶᠠᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠢᠩᠭᠠᠨᠲᠤ ᠪᠠᠯᠭᠠᠰᠤᠨ ᠤ ᠵᠠᠰᠠᠭ | ᠵᠠᠬᠢᠷᠭᠠᠨ ᠤ ᠣᠷᠣᠨ ᠤ ᠬᠤᠪᠢᠶᠠᠷᠢᠯᠠᠯ ᠳᠤ ᠰᠣᠩᠭᠤᠨ ᠣᠷᠣᠭᠤᠯᠬᠤ ᠪᠠᠷ ᠲᠣᠭᠲᠠᠪᠠ᠃ ᠤᠯᠤᠰ ᠤᠨ ᠬᠠᠮᠢᠶ᠎ᠠ ᠪᠥᠬᠦᠶ | ᠰᠠᠯᠠᠭ᠎ᠠ ᠮᠥᠴᠢᠷ ᠮᠢᠩᠭᠠᠲᠤ ᠪᠠᠯᠭᠠᠰᠤ ᠶᠢ ᠰᠣᠩᠭᠤᠭᠰᠠᠨ ᠨᠢ᠂ ᠠᠳᠡᠬᠢ ᠷᠠᠳᠢᠣ᠋ ᠶᠢᠨ ᠣᠷᠴᠢᠨ ᠲᠣᠭᠤᠷᠢᠨ ᠨᠢ | ᠳᠠᠪᠲᠠᠮᠵᠢ ᠶᠢᠨ ᠵᠢᠭᠰᠠᠯ ᠤᠨ ᠨᠡᠷᠡᠨ ᠤ ᠳᠦᠷᠰᠦ ᠶᠢᠨ ᠬᠡᠮᠵᠢᠭᠦᠷᠯᠢᠭ ᠤᠨ ᠠᠵᠢᠭᠯᠠᠯᠲᠠ ᠰᠤᠳᠤᠯᠭᠠᠨ ᠤ ᠰᠢᠨᠵᠢᠯᠡᠬᠦ | ᠤᠬᠠᠭᠠᠨ ᠤ ᠬᠡᠷᠡᠭᠴᠡᠭᠡ ᠶᠢ ᠬᠠᠩᠭᠠᠵᠤ ᠳᠡᠶᠢᠯᠬᠦ ᠠᠴᠠ ᠭᠠᠳᠠᠨ᠎ᠠ᠂ ᠪᠠᠰᠠ ᠨᠢᠭᠡ ᠴᠢᠬᠤᠯᠠ ᠰᠢᠯᠲᠠᠭᠠᠨ ᠨᠢ ᠭᠡᠪᠡᠯ᠂ | ᠡᠨᠡ ᠭᠠᠵᠠᠷ ᠪᠣᠯ ᠮᠢᠩᠭᠠᠲᠤ ᠶᠢᠨ ᠲᠥᠷᠥᠭᠰᠡᠨ ᠨᠤᠲᠤᠭ ᠪᠣᠯᠬᠤ ᠶᠤᠮ᠃ | ᠨᠡᠷᠡᠨ ᠤ ᠬᠥᠳᠡᠯᠭᠡᠭᠡᠨ ᠤ ᠡᠭᠦᠰᠦᠯ ᠪᠠ ᠡᠭᠦᠰᠦᠯ ᠬᠥᠭᠵᠢᠯ ᠤᠨ ᠵᠢᠮ᠎ᠡ ᠶᠣᠰᠣ ᠶᠢ ᠰᠤᠳᠤᠯᠵᠤ᠂ ᠲᠡᠭᠦᠨ ᠤ | ᠡᠭᠦᠰᠦᠯ ᠬᠤᠪᠢᠰᠤᠯ ᠢ ᠤᠷᠢᠳᠴᠢᠯᠠᠨ ᠮᠡᠳᠡᠭᠡᠯᠡᠬᠦ ᠨᠢ ᠨᠢᠭᠡ ᠵᠦᠢᠯ ᠤᠨ ᠴᠢᠬᠤᠯᠠ ᠶᠡᠭᠡ ᠣᠳᠣᠨ ᠣᠷᠣᠨ ᠤ | ᠰᠤᠳᠤᠯᠤᠯ ᠤᠨ ᠰᠡᠳᠦᠪ ᠪᠣᠯᠬᠤ ᠪᠠᠷ ᠪᠠᠷᠠᠬᠤ ᠦᠭᠡᠢ ᠨᠡᠶᠢᠭᠡᠮ ᠤᠨ ᠠᠮᠢᠳᠤᠷᠠᠯ᠂ ᠤᠯᠤᠰ ᠤᠨ ᠠᠮᠤᠷ ᠲᠦᠪᠰᠢᠨ ᠳᠤ | ᠴᠦ ᠴᠢᠬᠤᠯᠠ ᠠᠴᠢ ᠬᠤᠯᠪᠣᠭᠳᠠᠯ ᠲᠠᠢ ᠶᠤᠮ᠃ ᠵᠢᠱᠢᠶᠡᠯᠡᠪᠡᠯ᠄ ᠨᠡᠷᠡᠨ ᠤ ᠭᠢᠯᠪᠠᠭ᠋ᠤ ᠲᠣᠯᠪᠤ ᠪᠣᠯ ᠨᠡᠷᠡᠨ ᠤ ᠠᠶᠢᠮᠠᠭ | ᠳᠣᠲᠣᠷᠠᠬᠢ ᠬᠠᠮᠤᠭ ᠤᠨ ᠰᠢᠷᠦᠭᠦᠨ ᠳᠡᠯᠪᠡᠷᠡᠯᠲᠡ ᠶᠢᠨ ᠦᠵᠡᠭᠳᠡᠯ ᠪᠣᠯᠤᠨ᠎ᠠ᠂ ᠨᠢᠭᠡ ᠤᠳᠠᠭᠠᠨ ᠤ ᠨᠡᠶᠢᠲᠡᠯᠢᠭ X | ᠳᠡᠰ ᠤᠨ ᠭᠢᠯᠪᠠᠭ᠋ᠤ ᠲᠣᠯᠪᠤ ᠨᠢ ᠬᠡᠳᠦᠨ ᠠᠷᠪᠠᠨ ᠮᠢᠨᠦ᠋ᠲ ᠤᠨ ᠳᠣᠲᠣᠷ᠎ᠠ 100 ᠳ᠋ᠦᠩᠰᠢᠭᠤᠷ ᠮᠥᠬᠦᠯᠢᠭ ᠵᠠᠭᠤᠨ | ᠲᠦᠮᠡᠨ ᠲᠣᠨ TNT ᠲᠠᠢ ᠲᠡᠩᠴᠡᠳᠡᠭ ᠤᠰᠤᠲᠥ᠋ᠷᠥᠭᠴᠢ ᠪᠥᠮᠪᠦᠭᠡ ᠶᠢᠨ ᠳᠡᠯᠪᠡᠷᠡᠬᠦ ᠡᠨᠧᠷᠭᠢ ᠶᠢᠨ ᠶᠡᠷᠦᠩᠬᠡᠶ | ᠨᠡᠶᠢᠯᠡᠪᠦᠷᠢ ᠶᠢ ᠢᠯᠭᠠᠷᠠᠭᠤᠯᠳᠠᠭ᠃ | ᠡᠳᠡᠭᠡᠷ ᠡᠨᠧᠷᠭᠢ ᠨᠢ ᠭᠤᠣᠯᠳᠠᠭᠤ ᠴᠠᠬᠢᠯᠭᠠᠨ ᠰᠣᠷᠢᠨᠵᠢᠨ ᠳᠣᠯᠭᠢᠶᠠᠨ ᠤ ᠰᠠᠴᠤᠷᠠᠭᠤᠯᠭ᠎ᠠ᠂ ᠥᠨᠳᠥᠷ | ᠡᠨᠧᠷᠭᠢᠲᠦ ᠮᠥᠬᠦᠯᠢᠭ ᠤᠨ ᠰᠠᠴᠤᠷᠠᠭᠤᠯᠭ᠎ᠠ ᠪᠠ ᠲᠡᠩᠴᠡᠭᠦᠦ ᠢᠶᠦᠡᠳᠦ ᠪᠦᠯᠦᠭᠯᠡᠯ ᠤᠨ ᠰᠢᠳᠡᠬᠦ ᠬᠡᠯᠪᠡᠷᠢ ᠪᠠᠷ | ᠭᠠᠳᠠᠭᠰᠢ ᠲᠠᠷᠬᠠᠳᠠᠭ᠃ ᠲᠡᠳᠡᠭᠡᠷ ᠨᠢ ᠳᠡᠯᠡᠬᠡᠶ ᠶᠢᠨ ᠪᠥᠮᠪᠥᠷᠴᠡᠭ ᠵᠦᠭ ᠲᠠᠷᠬᠠᠬᠤ ᠦᠶᠡᠰ᠂ ᠶᠠᠫᠣᠨ ᠭᠠᠵᠠᠷ ᠤᠨ | ᠣᠭᠲᠠᠷᠭᠤᠶ ᠶᠢᠨ ᠣᠷᠴᠢᠨ ᠲᠣᠭᠤᠷᠢᠨ ᠳᠤ ᠬᠤᠷᠴᠠ ᠰᠢᠷᠦᠭᠦᠨ ᠬᠤᠳᠬᠤᠷᠠᠯ ᠡᠭᠦᠰᠭᠡᠵᠦ᠂ ᠠᠭᠠᠷ ᠤᠨ ᠠᠶᠠᠯᠠᠯ᠂ | ᠰᠠᠨᠰᠠᠷ ᠤᠨ ᠠᠶᠠᠯᠠᠯ᠂ ᠳᠠᠭᠠᠭᠤᠯᠢ ᠣᠳᠣᠨ ᠤ ᠴᠢᠮᠡᠭᠡ ᠬᠤᠯᠪᠣᠭ᠎ᠠ᠂ ᠠᠶᠠᠯᠠᠯ ᠵᠠᠯᠠᠬᠤ᠂ ᠰᠦᠯᠵᠢᠶ᠎ᠡ᠂ ᠴᠠᠬᠢᠯᠭᠠᠨ | ᠬᠦᠷᠭᠡᠬᠦ ᠲᠣᠣᠷ᠂ ᠲᠣᠰᠣ ᠳᠠᠮᠵᠢᠭᠤᠯᠬᠤ ᠬᠤᠭᠤᠯᠠᠶ ᠶᠢᠨ ᠲᠣᠣᠷ ᠵᠡᠷᠭᠡ ᠳᠡᠭᠡᠳᠦ ᠮᠡᠷᠭᠡᠵᠢᠯ ᠤᠨ ᠰᠢᠰᠲ᠋ᠧᠮ ᠤᠨ | ᠬᠡᠪ ᠤᠨ ᠠᠵᠢᠯᠯᠠᠭ᠎ᠠ ᠶᠢ ᠨᠥᠯᠥᠭᠡᠯᠡᠨ᠎ᠡ᠃ | 20 ᠳ᠋ᠤᠭᠠᠷ ᠵᠠᠭᠤᠨ ᠤ ᠶᠡᠷᠡᠭᠡᠳ ᠣᠨ ᠠᠴᠠ ᠨᠠᠭᠠᠰᠢ᠂ ᠠᠮᠧᠷᠢᠺᠠ ᠤᠷᠢᠳ ᠢᠶᠠᠷ ᠤᠯᠤᠰ ᠤᠨ | ᠣᠭᠲᠠᠷᠭᠤᠶ ᠶᠢᠨ ᠴᠠᠭ ᠠᠭᠤᠷ ᠤᠨ ᠰᠤᠳᠤᠯᠭᠠᠨ ᠤ ᠲᠥᠯᠥᠪᠯᠡᠭᠡ ᠪᠠᠨ ᠡᠬᠢᠯᠡᠭᠦᠯᠵᠦ᠂ ᠧᠦ᠋ᠷᠣᠫᠠ ᠶᠢᠨ ᠬᠤᠯᠪᠣᠭ᠎ᠠ᠂ | ᠣᠷᠣᠰ᠂ ᠶᠠᠫᠣᠨ᠂ ᠡᠨᠡᠳᠬᠡᠭ᠂ ᠺᠠᠨᠠᠳᠠ ᠵᠡᠷᠭᠡ ᠴᠦ ᠤᠷᠢᠳ ᠬᠤᠵᠢᠳ ᠲᠣᠰ ᠲᠣᠰ ᠤᠨ ᠨᠠᠷᠠ ᠪᠠ | ᠣᠭᠲᠠᠷᠭᠤᠶ ᠶᠢᠨ ᠴᠠᠭ ᠠᠭᠤᠷ ᠤᠨ ᠬᠢᠨᠠᠨ ᠬᠡᠮᠵᠢᠯᠲᠡ ᠪᠠ ᠰᠤᠳᠤᠯᠭᠠᠨ ᠤ ᠲᠥᠯᠥᠪᠯᠡᠭᠡ ᠪᠠᠨ ᠡᠬᠢᠯᠡᠭᠦᠯᠵᠡᠶ᠃ | ᠮᠠᠨ ᠤ ᠤᠯᠤᠰ ᠤᠨ ᠣᠳᠣᠨ ᠣᠷᠣᠨ ᠤ ᠠᠵᠢᠭᠯᠠᠯᠲᠠ ᠶᠢᠨ ᠰᠠᠭᠤᠷᠢᠨ ᠭᠠᠵᠠᠷ ᠪᠣᠯ ᠤᠯᠤᠰ ᠤᠨ ᠴᠢᠬᠤᠯᠠ | ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠢᠨᠵᠧᠨᠧᠷᠢᠩ ᠪᠠᠶᠢᠵᠤ᠂ ᠳᠡᠯᠡᠬᠡᠶ ᠳᠡᠭᠡᠷᠡᠬᠢ ᠴᠣᠷ ᠤᠨ ᠭᠠᠭᠴᠠ | ᠨᠡᠷᠡᠨ ᠤ ᠹᠢᠽᠢᠺ᠂ ᠣᠭᠲᠠᠷᠭᠤᠶ ᠶᠢᠨ ᠹᠢᠽᠢᠺ᠂ ᠣᠭᠲᠠᠷᠭᠤᠶ ᠶᠢᠨ ᠴᠠᠭ ᠠᠭᠤᠷ ᠤᠨ ᠰᠤᠳᠤᠯᠤᠯ ᠢ ᠨᠢᠭᠡ | ᠴᠣᠭᠴᠠᠵᠢᠭᠤᠯᠤᠭᠰᠠᠨ ᠥᠨᠳᠥᠷ ᠬᠢᠷᠢ ᠲᠦᠪᠰᠢᠨ ᠪᠥᠬᠦᠶ ᠶᠡᠷᠦᠩᠬᠡᠶᠢᠯᠡᠭᠰᠡᠨ ᠴᠢᠨᠠᠷᠲᠠᠶ ᠨᠡᠷᠡᠨ ᠤ ᠷᠠᠳᠢᠣ᠋ | ᠠᠵᠢᠭᠯᠠᠯᠲᠠ ᠶᠢᠨ ᠰᠤᠳᠤᠯᠭᠠᠨ ᠤ ᠲᠥᠪ ᠪᠣᠯᠬᠤ ᠪᠥᠭᠡᠳ ᠮᠠᠨ ᠤ ᠤᠯᠤᠰ ᠤᠨ ᠭᠠᠵᠠᠷ ᠠᠴᠠ ᠣᠶᠢᠷ᠎ᠠ | ᠣᠭᠲᠠᠷᠭᠤᠶ ᠶᠢᠨ ᠠᠮᠤᠷ ᠲᠦᠪᠰᠢᠨ ᠢ ᠪᠠᠲᠤᠯᠠᠬᠤ ᠴᠢᠬᠤᠯᠠ ᠰᠠᠭᠤᠷᠢ ᠲᠥᠬᠦᠭᠡᠷᠦᠮᠵᠢ ᠪᠣᠯᠤᠨ᠎ᠠ᠃ | 2013 ᠣᠨ ᠠᠴᠠ ᠨᠠᠰᠢ᠂ ᠲᠠᠯ᠎ᠠ ᠨᠤᠲᠤᠭ ᠤᠨ ︽ᠲᠩᠷᠢ ᠶᠢᠨ ᠨᠢᠳᠦ︾ ᠠᠯᠢ ᠣᠯᠠᠨ ᠨᠡᠷᠡᠨ ᠤ ᠰᠠᠴᠤᠷᠠᠭ ᠤᠨ | ᠠᠵᠢᠭᠯᠠᠯᠲᠠ ᠬᠢᠵᠦ᠂ ᠳᠤᠮᠳᠠᠳᠤ ᠤᠯᠤᠰ ᠤᠨ ᠣᠭᠲᠠᠷᠭᠤᠶ ᠶᠢᠨ ᠴᠠᠭ ᠠᠭᠤᠷ ᠤᠨ ᠲᠤᠬᠠᠶ ᠰᠤᠳᠤᠯᠭᠠᠨ ᠪᠠ | ᠤᠷᠢᠳᠴᠢᠯᠠᠨ ᠮᠡᠳᠡᠭᠡᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠣᠳᠣᠬᠠᠨ ᠳᠤ᠂ ᠮᠠᠨ ᠤ ᠤᠯᠤᠰ ᠶᠠᠭ ᠰᠠᠶᠢᠬᠠᠨ | ᠪᠡᠶ᠎ᠡ ᠪᠠᠨ ᠳᠠᠭᠠᠭᠠᠵᠤ ᠠᠵᠢᠯᠯᠠᠵᠤ ᠪᠠᠶᠢᠭ᠎ᠠ ᠨᠠᠷᠠ ᠪᠠ ᠣᠭᠲᠠᠷᠭᠤᠶ ᠶᠢᠨ ᠴᠠᠭ ᠠᠭᠤᠷ ᠤᠨ ᠰᠤᠳᠤᠯᠤᠯ ᠢ ᠬᠢᠨᠠᠨ | ᠬᠡᠮᠵᠢᠬᠦ ᠲᠣᠣᠷ ᠰᠦᠯᠵᠢᠶ᠎ᠡ ᠶᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠨᠡᠷᠡᠨ ᠤ ᠠᠵᠢᠯᠯᠠᠭ᠎ᠠ ᠶᠢ | ᠡᠬᠢ ᠡᠭᠦᠰᠦᠯ ᠠᠴᠠ ᠨᠢ ᠬᠢᠨᠠᠨ ᠬᠡᠮᠵᠢᠬᠦ ᠴᠢᠳᠠᠪᠤᠷᠢ ᠪᠠᠨ ᠴᠢᠩᠭᠠᠳᠬᠠᠬᠤ ᠶᠢᠨ ᠬᠠᠮᠲᠤ ᠵᠠᠷᠢᠮ ᠬᠦᠷᠢᠶᠡᠨ ᠳᠤ | ᠳᠡᠯᠡᠬᠡᠶ ᠶᠢᠨ ᠲᠡᠷᠢᠭᠦᠨ ᠤ ᠬᠢᠷᠢ ᠬᠡᠮᠵᠢᠶ᠎ᠡ ᠳᠤ ᠬᠦᠷᠦᠭᠰᠡᠨ ᠪᠠᠶᠢᠨ᠎ᠠ᠃ ᠣᠳᠣᠬᠠᠨ ᠳᠤ᠂ ᠮᠢᠩᠭᠠᠲᠤ ᠶᠢᠨ ᠠᠵᠢᠭᠯᠠᠨ | ᠬᠡᠮᠵᠢᠬᠦ ᠰᠠᠭᠤᠷᠢᠨ ᠭᠠᠵᠠᠷ ᠶᠠᠭ ᠰᠠᠶᠢᠬᠠᠨ ᠮᠢᠩᠭᠠᠲᠤ ᠶᠢᠨ ᠲᠣᠮᠢ ᠳᠣᠯᠭᠢᠶᠠᠨ - ᠠᠷᠪᠠᠨ ᠮᠧᠲᠷ ᠤᠨ ᠳᠣᠯᠭᠢᠶᠠᠨ | ᠷᠠᠳᠢᠣ᠋ ᠨᠡᠷᠡᠨ ᠤ ᠳᠦᠷᠰᠦ ᠶᠢᠨ ᠬᠡᠮᠵᠢᠭᠦᠷᠯᠢᠭ᠂ ᠭᠠᠷᠠᠭ ᠣᠳᠣᠨ ᠤ ᠬᠤᠭᠤᠷᠣᠨᠳᠣᠬᠢ ᠭᠢᠯᠠᠯᠵᠠᠬᠤ ᠳᠤᠷᠠᠨ ᠪᠠ ᠬᠡᠲᠦ | ᠥᠷᠭᠡᠨ ᠪᠦᠰᠡᠲᠦ ᠨᠡᠷᠡᠨ ᠤ ᠷᠠᠳᠢᠣ᠋ ᠬᠥᠳᠡᠯᠭᠡᠭᠡᠨ ᠤ ᠳᠠᠪᠲᠠᠮᠵᠢ ᠶᠢᠨ ᠵᠢᠭᠰᠠᠯ ᠬᠡᠮᠵᠢᠭᠦᠷᠯᠢᠭ ᠢ ᠰᠢᠨ᠎ᠡ ᠪᠠᠷ | ᠪᠠᠶᠢᠭᠤᠯᠵᠤ ᠪᠠᠶᠢᠨ᠎ᠠ᠃ ᠡᠭᠦᠨ ᠳᠤ᠂ ᠮᠢᠩᠭᠠᠲᠤ ᠶᠢᠨ ᠲᠣᠮᠢ ᠳᠣᠯᠭᠢᠶᠠᠨ ᠠᠷᠪᠠᠨ ᠮᠧᠲᠷ ᠤᠨ ᠳᠣᠯᠭᠢᠶᠠᠨᠲᠤ ᠷᠠᠳᠢᠣ᠋ | ᠨᠡᠷᠡᠨ ᠤ ᠳᠦᠷᠰᠦ ᠶᠢᠨ ᠬᠡᠮᠵᠢᠭᠦᠷ ᠨᠢ ᠳᠡᠯᠡᠬᠡᠶ ᠳᠡᠭᠡᠷᠡᠬᠢ ᠨᠡᠷᠡᠨ ᠠᠴᠠ ᠰᠠᠴᠤᠷᠠᠭᠰᠠᠨ ᠳᠡᠯᠪᠡᠷᠡᠯᠲᠡ ᠵᠢᠴᠢ ᠭᠠᠷᠠᠭ | ᠣᠳᠣᠨ ᠤ ᠬᠤᠭᠤᠷᠣᠨᠳᠣᠬᠢ ᠰᠢᠷᠦᠭᠦᠨ ᠳᠣᠯᠭᠢᠶᠠᠨ ᠢ ᠨᠥᠬᠦᠪᠥᠷᠢᠯᠡᠵᠦ᠂ ᠳᠤᠤᠷ᠎ᠠ ᠨᠡᠷᠡᠨ ᠤ ᠲᠢᠲᠢᠮ ᠠᠴᠠ ᠳᠡᠭᠡᠭᠰᠢ | ᠤᠯᠠᠮᠵᠢᠯᠠᠨ ᠭᠠᠷᠠᠭ ᠣᠳᠣᠨ ᠤ ᠬᠤᠭᠤᠷᠣᠨᠳᠣᠬᠢ ᠣᠷᠣᠨ ᠵᠠᠶ ᠳᠤ ᠣᠷᠣᠬᠤ ᠶᠠᠪᠤᠴᠠ ᠶᠢᠨ ᠳᠦᠷᠰᠦ ᠪᠦᠲᠦᠭᠡᠬᠦ | ᠠᠵᠢᠭᠯᠠᠯᠲᠠ ᠶᠢᠨ ᠬᠤᠭᠤᠰᠣᠨ ᠢ ᠨᠥᠬᠦᠪᠥᠷᠢᠯᠡᠬᠦ ᠪᠣᠯᠤᠨ᠎ᠠ᠃ ᠭᠠᠷᠠᠭ ᠣᠳᠣᠨ ᠤ ᠬᠤᠭᠤᠷᠣᠨᠳᠣᠬᠢ ᠭᠢᠯᠠᠰ ᠭᠢᠯᠠᠰ | ᠳᠤᠷᠠᠨ ᠨᠢ ᠨᠡᠷᠡᠨ ᠤ ᠬᠥᠳᠡᠯᠭᠡᠭᠡᠨ ᠤ ᠭᠠᠷᠠᠭ ᠣᠳᠣᠨ ᠤ ᠬᠤᠭᠤᠷᠣᠨᠳᠣᠬᠢ ᠨᠡᠷᠡᠨ ᠤ ᠰᠠᠯᠬᠢ ᠶᠢᠨ ᠭᠤᠷᠪᠠᠨ | ᠬᠡᠮᠵᠢᠯᠳᠦ ᠣᠷᠣᠨ ᠵᠠᠶ ᠶᠢᠨ ᠪᠦᠲᠦᠴᠡ ᠶᠢ ᠰᠠᠮᠠᠭᠤᠷᠠᠭᠤᠯᠬᠤ ᠣᠨᠴᠠᠯᠢᠭ ᠪᠠ ᠵᠢᠮ᠎ᠡ ᠶᠣᠰᠣ ᠶᠢ ᠨᠠᠩ ᠰᠠᠶᠢᠨ ᠬᠠᠶᠢᠨ | ᠬᠡᠮᠵᠢᠵᠦ ᠴᠢᠳᠠᠨ᠎ᠠ᠃ ᠬᠡᠳᠦ ᠥᠷᠭᠡᠨ ᠪᠦᠰᠡᠲᠦ ᠷᠠᠳᠢᠣ᠋ ᠳᠠᠪᠲᠠᠮᠵᠢ ᠶᠢᠨ ᠵᠢᠭᠰᠠᠯ ᠤᠨ ᠬᠡᠮᠵᠢᠭᠦᠷᠯᠢᠭ ᠨᠢ ᠨᠡᠷᠡᠨ ᠤ | ᠳᠡᠯᠪᠡᠷᠡᠯᠲᠡ ᠶᠢᠨ ᠡᠭᠦᠰᠦᠯ ᠤᠨ ᠣᠷᠣᠨ ᠠᠴᠠ ᠭᠠᠷᠠᠭ ᠣᠳᠣᠨ ᠤ ᠬᠤᠭᠤᠷᠣᠨᠳᠣᠬᠢ ᠣᠷᠣᠨ ᠵᠠᠶ ᠬᠦᠷᠲᠡᠯᠡᠬᠢ | ᠪᠦᠬᠦ᠋ᠢᠯᠡ ᠲᠠᠷᠬᠠᠯᠲᠠ ᠪᠠ ᠬᠤᠪᠢᠷᠠᠯᠲᠠ ᠶᠢᠨ ᠶᠠᠪᠤᠴᠠ ᠶᠢ ᠮᠥᠷᠳᠡᠵᠦ ᠴᠢᠳᠠᠨ᠎ᠠ᠃ | ᠰᠢᠨ᠎ᠡ ᠣᠳᠣᠨ ᠣᠷᠣᠨ ᠤ ᠠᠵᠢᠭᠯᠠᠯᠲᠠ ᠶᠢᠨ ᠰᠢᠰᠲ᠋ᠧᠮ ᠤᠨ ᠪᠠᠶᠢᠭᠤᠯᠤᠭᠳᠠᠭᠰᠠᠨ ᠨᠢ ᠮᠢᠩᠭᠠᠲᠤ ᠶᠢᠨ | ᠠᠵᠢᠭᠯᠠᠯᠲᠠ ᠶᠢᠨ ᠰᠠᠭᠤᠷᠢᠨ ᠭᠠᠵᠠᠷ ᠤᠨ ᠨᠡᠷᠡᠨ ᠤ ᠠᠭᠠᠷ ᠮᠠᠨᠳᠠᠯ ᠤᠨ ᠢᠷᠣᠭᠠᠷ ᠳᠠᠪᠬᠤᠷᠭ᠎ᠠ ᠠᠴᠠ ᠭᠠᠵᠠᠷ ᠤᠨ | ᠭᠠᠳᠠᠷᠭᠤ ᠠᠴᠠ ᠭᠠᠵᠠᠷ ᠤᠨ ᠭᠠᠳᠠᠷᠭᠤ ᠠᠴᠠ ᠣᠢᠢᠷ᠎ᠠ ᠵᠠᠢ᠂ ᠪᠦᠬᠦᠯᠢ ᠡᠳᠦᠷ᠂ ᠥᠨᠳᠥᠷ ᠴᠠᠭ ᠣᠷᠣᠨ ᠵᠠᠢ ᠶᠢᠨ | ᠢᠯᠭᠠᠮᠵᠢ ᠶᠢ ᠬᠢᠨᠠᠨ ᠬᠡᠮᠵᠢᠬᠦ ᠶᠢ ᠠᠬᠢᠭᠤᠯᠵᠤ᠂ ᠮᠠᠨ ᠤ ᠤᠯᠤᠰ ᠤᠨ ᠭᠠᠮᠰᠢᠭᠲᠤ ᠣᠷᠣᠨ ᠵᠠᠢ ᠶᠢᠨ ᠴᠠᠭ ᠠᠭᠤᠷ ᠤᠨ | ᠬᠡᠷᠡᠭ ᠢ ᠬᠠᠶᠢᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠪᠡ | ᠃ ᠡᠨᠡ ᠨᠢ ᠮᠠᠨ ᠤ ᠤᠯᠤᠰ ᠤᠨ ᠣᠳᠣᠨ ᠣᠷᠣᠨ ᠤ ᠰᠤᠳᠤᠯᠭᠠᠲᠠᠳ ᠮᠠᠨ ᠠᠴᠠ ᠬᠠᠮᠤᠭ ᠣᠶᠢᠷᠠᠬᠠᠨ ᠪᠠᠶᠢᠭ᠎ᠠ | ᠠᠰᠢᠳᠠ ᠶᠢᠨ ᠣᠳᠣ ᠶᠢ ᠨᠡᠩ ᠬᠦᠴᠦᠷᠬᠡᠭ ᠨᠢᠳᠦ ᠪᠠᠷ ᠠᠵᠢᠭᠯᠠᠨ ᠰᠤᠳᠤᠯᠤᠭᠰᠠᠨ ᠲᠠᠢ ᠠᠳᠠᠯᠢ ᠶᠤᠮ᠃ ᠰᠢᠨ᠎ᠡ | ᠲᠥᠷᠥᠯ ᠵᠦᠶ᠋ᠯ ᠨᠢ ᠮᠢᠩᠭᠠᠨᠲᠤ ᠠᠵᠢᠭᠯᠠᠨ ᠬᠡᠮᠵᠢᠬᠦ ᠰᠠᠭᠤᠷᠢᠨ ᠭᠠᠵᠠᠷ ᠤᠨ ᠰᠢᠨᠵᠢᠯᠡᠬᠦ ᠤᠬᠠᠭᠠᠨ ᠤ | ᠰᠤᠳᠤᠯᠭᠠᠲᠠᠳ ᠤᠨ ᠨᠠᠷᠠ ᠶᠢ ᠨᠠᠩ ᠰᠠᠶᠢᠲᠤᠷ ᠠᠵᠢᠭᠯᠠᠨ ᠬᠡᠮᠵᠢᠬᠦ ᠪᠠ ᠰᠤᠳᠤᠯᠬᠤ ᠶᠢ ᠠᠬᠢᠭᠤᠯᠵᠤ᠂ ᠨᠡᠷᠡᠨ ᠤ | ᠬᠥᠳᠡᠯᠭᠡᠭᠡᠨ ᠤ ᠵᠢᠮ᠎ᠡ ᠶᠣᠰᠣ ᠶᠢ ᠴᠢᠷᠮᠠᠶᠢᠨ ᠰᠦᠪᠡᠭᠴᠢᠯᠡᠵᠦ᠂ ᠳᠡᠯᠡᠬᠡᠶ ᠶᠢᠨ ᠪᠥᠮᠪᠥᠷᠴᠡᠭ ᠤᠨ ᠬᠡᠷ ᠣᠷᠣᠨ ᠢᠶᠠᠨ | ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠬᠦ ᠶᠢ ᠠᠬᠢᠭᠤᠯᠪᠠ᠃ | ᠮᠠᠨ ᠤ ᠤᠯᠤᠰ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠣᠳᠣᠨ ᠣᠷᠣᠨ ᠤ ᠠᠵᠢᠭᠯᠠᠯᠲᠠ ᠶᠢᠨ | ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠮᠵᠢᠯᠲᠠ ᠤᠯᠬᠤ ᠶᠢ ᠳᠠᠭᠠᠯᠳᠤᠨ᠂ ᠮᠠᠨ ᠤ ᠤᠯᠤᠰ ᠤᠨ | ᠣᠳᠣᠨ ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢᠨ ᠭᠠᠵᠠᠷ ᠪᠥᠬᠦ ᠤᠯᠤᠰ ᠤᠨ ᠣᠳᠣᠨ | ᠭᠠᠷᠠᠭ ᠤᠨ ᠶᠡᠭᠡ ᠬᠤᠷᠠᠯ ᠴᠤ ᠮᠢᠩᠭᠠᠨᠲᠤ ᠪᠠᠯᠭᠠᠰᠤᠨ ᠳᠤ ᠪᠠᠶᠢᠭᠤᠯᠤᠭᠳᠠᠪᠠ᠃ ᠮᠢᠩᠭᠠᠨᠲᠤ ᠪᠠᠯᠭᠠᠰᠤ ᠨᠢ ᠰᠢᠯᠤᠭᠤᠨ | ᠬᠥᠪᠡᠭᠡᠲᠦ ᠴᠠᠭᠠᠨ ᠬᠤᠰᠢᠭᠤᠨ ᠤ ᠳᠤᠮᠳᠠ ᠡᠮᠦᠨ᠎ᠡ ᠬᠡᠰᠡᠭ ᠲᠤ ᠪᠠᠶᠢᠷᠢᠯᠠᠵᠤ᠂ ᠰᠢᠯᠤᠭᠤᠨ ᠬᠥᠪᠡᠭᠡᠲᠦ ᠴᠠᠭᠠᠨ | ᠬᠤᠰᠢᠭᠤᠨ ᠤ ᠤᠯᠤᠰ ᠲᠦᠷᠦ᠂ ᠠᠵᠤ ᠠᠬᠤᠢ᠂ ᠰᠣᠶᠣᠯ ᠪᠠ ᠨᠡᠶᠢᠭᠡᠮ ᠤᠨ ᠠᠵᠢᠯᠯᠠᠭᠠᠨ ᠤ ᠲᠥᠪ ᠪᠣᠯᠤᠨ᠎ᠠ᠂ | ᠲᠡᠭᠦᠨ ᠢ ᠮᠢᠩᠭᠠᠨᠲᠤ ᠶᠢᠨ ᠨᠡᠷ᠎ᠡ ᠪᠠᠷ ᠨᠡᠷᠡᠶᠢᠳᠴᠦ᠂ ᠤᠯᠤᠰ ᠤᠨ ᠮᠢᠩᠭᠠᠨᠲᠤ ᠶᠢᠨ ᠤᠳᠤᠨ ᠣᠷᠣᠨ ᠤ | ᠠᠵᠢᠭᠯᠠᠯᠲᠠ ᠶᠢᠨ ᠥᠷᠲᠡᠭᠡᠨ ᠤ ᠰᠠᠭᠤᠷᠢᠨ ᠢ ᠲᠤᠰ ᠭᠠᠵᠠᠷ ᠲᠤ ᠪᠠᠶᠢᠭᠤᠯᠵᠠᠢ᠃ ᠪᠦᠬᠦ ᠤᠯᠤᠰ ᠤᠨ ᠣᠳᠣᠨ | ᠣᠷᠣᠨ ᠢ ᠪᠠᠷᠠᠯᠠᠬᠤ ᠶᠡᠭᠡ ᠬᠤᠷᠠᠯ ᠢ 2005 ᠣᠨ ᠳᠤ ᠡᠬᠢᠯᠡᠨ ᠪᠠᠶᠢᠭᠤᠯᠵᠤ᠂ ᠪᠡᠭᠡᠵᠢᠩ ᠤᠨ ᠣᠳᠣᠨ ᠣᠷᠣᠨ ᠤ | ᠣᠷᠳᠣᠨ ᠤ ︽ᠣᠳᠣᠨ ᠣᠷᠣᠨ ᠤ ᠳᠤᠷ᠎ᠠ ᠪᠠᠭ᠋ᠠᠲᠠᠨ︾ ᠰᠡᠳᠬᠦᠯ ᠤᠨ ᠬᠤᠷᠢᠶ᠎ᠠ ᠠᠴᠠ ᠡᠭᠦᠰᠭᠡᠨ᠂ ᠤᠷᠢᠳ | ᠬᠤᠵᠢᠳ ᠥᠪᠥᠷ ᠮᠣᠩᠭᠤᠯ᠂ ᠬᠥᠬᠡᠨᠠᠭᠤᠷ᠂ ᠶᠦᠨᠨᠠᠨ᠂ ᠵᠢᠶᠠᠩᠰᠦ ᠵᠡᠷᠭᠡ ᠭᠠᠵᠠᠷ ᠣᠷᠣᠨ ᠳᠤ ᠪᠠᠭᠤᠭᠰᠠᠨ ᠪᠠ | ᠣᠳᠣᠨ ᠣᠷᠣᠨ ᠤ ᠣᠳᠣᠨ ᠣᠷᠣᠨ ᠢ ᠰᠣᠨᠢᠷᠬᠠᠬᠤ ᠣᠳᠣᠨ ᠣᠷᠣᠨ ᠤ ᠭᠤᠣᠯ ᠢ ᠰᠣᠨᠢᠷᠬᠠᠬᠤ ᠠᠵᠢᠯᠯᠠᠭ᠎ᠠ | ᠥᠷᠨᠢᠭᠦᠯᠵᠦ᠂ ᠪᠦᠬᠦ ᠤᠯᠤᠰ ᠤᠨ ᠡᠯ᠎ᠡ ᠭᠠᠵᠠᠷ᠂ ᠡᠯ᠎ᠡ ᠠᠵᠢᠯ ᠲᠥᠷᠥᠯ ᠤᠨ ᠣᠳᠣᠨ ᠣᠷᠣᠨ ᠤ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠪᠠ ᠰᠤᠷᠭᠠᠨ ᠬᠥᠮᠦᠵᠢᠯ ᠤᠨ ᠠᠵᠢᠯᠲᠠᠳ ᠵᠢᠴᠢ ᠣᠳᠣᠨ ᠣᠷᠣᠨ ᠤ ᠳᠤᠷ᠎ᠠ | ᠪᠠᠭ᠋ᠠᠲᠠᠳ ᠢ ᠨᠡᠶᠢᠲᠡ 2000 ᠭᠠᠷᠤᠶ ᠬᠥᠮᠦᠨ ᠤᠳᠠᠭ᠎ᠠ ᠲᠠᠲᠠᠨ ᠣᠷᠣᠯᠴᠠᠭᠤᠯᠵᠤ᠂ ᠨᠢᠭᠡᠨᠲᠡ ᠠᠭᠠᠵᠢᠮ ᠢᠶᠠᠷ | ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠣᠳᠣᠨ ᠣᠷᠣᠨ ᠤ ᠳᠤᠷ᠎ᠠ ᠪᠠᠭ᠋ᠠᠲᠠᠳ ᠤᠨ ᠣᠳᠣᠨ ᠣᠷᠣᠨ ᠢ | ᠰᠣᠨᠢᠷᠬᠠᠬᠤ ᠰᠣᠯᠢᠯᠴᠠᠭᠠᠨ ᠤ ᠦᠪᠡᠳᠡᠭᠰᠢ ᠴᠤᠭᠯᠠᠭᠠᠨ ᠪᠣᠯᠤᠭᠰᠠᠨ ᠪᠠᠶᠢᠨ᠎ᠠ᠃ | ᠭᠤᠷᠪᠠ᠂ ᠰᠢᠨ᠎ᠡ ᠶᠢ ᠡᠭᠦᠳᠬᠦ ᠰᠡᠳᠬᠢᠴᠡ ᠪᠠᠷ ᠮᠢᠩᠭᠠᠨᠲᠤ ᠶᠢᠨ ᠰᠣᠶᠣᠯ ᠤᠨ ᠥᠪ ᠢ ᠪᠠᠳᠠᠷᠠᠭᠤᠯᠤᠶ᠎ᠠ᠃ | ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠤᠯᠤᠰ ᠤᠨ ᠲᠡᠦᠬᠡ ᠪᠣᠯ ᠳᠠᠷᠤᠢ ᠦᠨᠳᠦᠰᠦᠲᠡᠨ ᠨᠦᠭᠦᠳ ᠤᠨ | ᠤᠯᠠᠨ ᠡᠰᠢᠵᠢᠨ ᠨᠢᠭᠡ ᠴᠤᠬᠴᠠᠵᠢᠬᠰᠠᠨ ᠳᠤᠮᠳᠠᠳᠤ ᠶᠢᠨ ᠦᠨᠳᠦᠰᠦᠲᠡᠨ ᠤ ᠲᠡᠦᠬᠡ ᠮᠥᠨ᠂ | ᠦᠨᠳᠦᠰᠦᠲᠡᠨ ᠨᠦᠭᠦᠳ ᠤᠨ ᠬᠠᠮᠲᠤ ᠪᠠᠷ ᠴᠣᠭᠴᠠᠯᠠᠨ ᠪᠠᠶᠢᠭᠤᠯᠵᠤ᠂ ᠬᠥᠭᠵᠢᠭᠦᠯᠵᠦ᠂ ᠪᠠᠬᠢᠵᠢᠭᠦᠯᠦᠭᠰᠡᠨ ᠠᠭᠤᠤ | ᠶᠡᠭᠡ ᠡᠬᠡ ᠤᠯᠤᠰ ᠤᠨ ᠲᠡᠦᠬᠡ ᠮᠥᠨ︾ ᠭᠡᠵᠦ ᠵᠢᠭᠠᠵᠤ ᠭᠠᠷᠭᠠᠪᠠ᠃ ︵ᠰᠢ ᠶᠢᠨ ᠫᠢᠩ᠄ ︽ᠠᠷᠠᠳ ᠲᠦᠮᠡᠨ | ᠡᠵᠡᠨ ᠰᠠᠭᠤᠵᠤ ᠡᠷᠬᠡ ᠮᠡᠳᠡᠬᠦ ᠶᠢ ᠪᠠᠷᠢᠮᠲᠠᠯᠠᠬᠤ ᠲᠤᠬᠠᠢ ᠥᠭᠦᠯᠡᠬᠦ ᠨᠢ︾᠂ ᠲᠥᠪ ᠤᠨ ᠲᠤᠯᠭᠤᠷ ᠪᠢᠴᠢᠭ ᠤᠨ | ᠬᠡᠪᠯᠡᠯ ᠤᠨ ᠬᠤᠷᠢᠶᠠᠨ ᠤ 2021 ᠣᠨ ᠤ ᠬᠡᠪᠯᠡᠯ᠂ 284 ᠳ᠋ᠦᠭᠡᠷ ᠨᠢᠭᠤᠷ᠃︶ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ | ᠰᠢᠢᠳᠪᠦᠷᠢ ᠳᠤ᠂ ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠡᠷᠬᠡᠪᠰᠢ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢᠶᠠᠷ ᠥᠭᠡᠷᠡᠴᠢᠯᠡᠯᠲᠡ ᠶᠢ ᠬᠦᠲᠦᠯᠦᠨ ᠳᠠᠭᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ | ᠰᠠᠭᠤᠷᠢᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠂ | ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠪᠤᠢ ᠪᠣᠯᠭᠠᠬᠤ ᠬᠡᠷᠡᠭᠲᠡᠢ᠃ | ᠰᠣᠶᠣᠯ ᠪᠣᠯ ᠰᠢᠨ᠎ᠡ ᠶᠢ ᠡᠭᠦᠳᠬᠦ ᠬᠠᠮᠤᠭ ᠤᠨ ᠴᠢᠬᠤᠯᠠ ᠲᠠᠢ ᠬᠦᠷᠢᠶ᠎ᠡ ᠮᠥᠨ᠃ ᠡᠳᠦᠭᠡ᠂ ︽ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ︾ ᠤ ᠥᠷᠨᠢᠩᠭᠦᠢ ᠬᠥᠭᠵᠢᠯᠲᠡ ᠶᠢᠨ ᠰᠢᠨ᠎ᠡ ᠪᠠᠶᠢᠳᠠᠯ ᠤᠨ ᠡᠮᠦᠨ᠎ᠡ᠂ | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠣᠶᠣᠯ ᠤᠨ ᠦᠢᠯᠡᠰ ᠤᠨ ᠬᠥᠭᠵᠢᠯᠲᠡ ᠴᠦ ᠨᠢᠭᠡᠨ ᠴᠣ᠋ ᠰᠢᠨ᠎ᠡ | ᠲᠡᠦᠬᠡᠨ ᠱᠠᠳᠤ ᠦᠶ᠎ᠡ ᠳᠤ ᠣᠷᠣᠵᠠᠢ᠃ ᠡᠶᠢᠮᠦ ᠠᠴᠠ᠂ ᠪᠢᠳᠡ ᠠᠵᠠ ᠲᠣᠬᠢᠶᠠᠯ ᠢ ᠠᠮᠵᠢᠵᠤ᠂ ᠰᠢᠨ᠎ᠡ ᠶᠢ ᠡᠭᠦᠳᠬᠦ | ᠡᠷᠴᠢᠮ ᠢᠶᠠᠨ ᠴᠢᠩᠭᠠᠷᠠᠭᠤᠯᠤᠨ᠂ ᠰᠢᠨ᠎ᠡ ᠴᠢᠨᠠᠷ ᠤᠨ ᠦᠶ᠋ᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠥᠪᠥᠷ | ᠮᠣᠩᠭᠤᠯ ᠤᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠳᠤ ᠮᠢᠩᠭᠠᠨᠲᠤ ᠶᠢᠨ | ᠰᠣᠶᠣᠯ ᠤᠨ ᠥᠪ ᠤᠨ ᠠᠮᠢᠵᠢᠷᠠᠯ ᠤᠨ ᠬᠦᠴᠦᠨ ᠢ ᠢᠳᠡᠪᠬᠢᠲᠡᠶ ᠪᠠᠳᠠᠷᠠᠭᠤᠯᠵᠤ᠂ ᠰᠢᠯᠤᠭᠤᠨ ᠬᠥᠪᠡᠭᠡᠲᠦ ᠴᠠᠭᠠᠨ | ᠬᠤᠰᠢᠭᠤᠨ ᠤ ᠰᠣᠶᠣᠯ ᠤᠨ ᠪᠠᠶᠢᠭᠤᠯᠤᠯᠲᠠ ᠶᠢ ᠴᠢᠨᠠᠷ ᠰᠠᠶᠢᠲᠠᠶ ᠬᠥᠭᠵᠢᠯᠲᠡ ᠶᠢᠨ ᠳᠤᠮᠳᠠ ᠢᠯᠡᠳᠲᠡ | ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠣᠶᠣᠯ | ᠲᠡᠦᠬᠡ ᠶᠢᠨ ᠳᠤᠷᠠᠰᠬᠠᠯᠲᠤ ᠵᠦᠶ᠋ᠯᠡᠰ ᠤᠨ ᠪᠦᠲᠦᠭᠡᠭᠳᠡᠬᠦᠨ᠂ ᠪᠦᠲᠦᠭᠡᠯᠴᠢ ᠲᠥᠰᠦᠪᠯᠡᠯ ᠤᠨ ᠪᠦᠲᠦᠭᠡᠭᠳᠡᠬᠦᠨ᠂ | ᠵᠢᠭᠤᠯᠴᠢᠯᠠᠯ ᠤᠨ ᠪᠦᠲᠦᠭᠡᠭᠳᠡᠬᠦᠨ ᠳᠤ ᠲᠠᠰᠤᠷᠠᠯᠲᠠ ᠥᠬᠡᠶ ᠰᠢᠨ᠎ᠡ ᠬᠤᠪᠢᠷᠠᠯᠲᠠ ᠭᠠᠷᠬᠤ ᠶᠢ ᠠᠬᠢᠭᠤᠯᠵᠤ᠂ | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠣᠶᠣᠯ ᠤᠨ ᠦᠶ᠋ᠯᠡᠳᠪᠦᠷᠢᠯᠡᠯ ᠤᠨ ᠬᠦᠴᠦᠨ ᠢ ᠨᠠᠩ ᠳᠡᠭᠡᠳᠦ | ᠲᠠᠰ ᠤᠨ᠂ ᠨᠠᠩ ᠲᠡᠷᠢᠭᠦᠨ ᠤ ᠴᠢᠨᠠᠷ ᠴᠢᠨᠰᠠᠭ᠎ᠠ ᠳᠠᠰᠢ ᠡᠷᠡᠯᠬᠡᠭᠯᠡᠨ ᠤᠷᠤᠭᠰᠢᠯᠠᠬᠤ ᠶᠢ ᠠᠬᠢᠭᠤᠯᠤᠨ᠎ᠠ᠃ | 1 . ᠮᠢᠩᠭᠠᠨᠲᠤ ᠶᠢᠨ ᠬᠤᠪᠣᠷ ᠨᠠᠨᠳᠢᠨ ᠰᠣᠶᠣᠯ ᠤᠨ ᠥᠪ ᠢ ᠵᠠᠯᠭᠠᠮᠵᠢᠯᠠᠨ ᠪᠠᠳᠠᠷᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠦᠵᠡᠭᠦᠯᠬᠦ ᠲᠡᠦᠬᠡ | ᠰᠣᠶᠣᠯ ᠤᠨ ᠳᠤᠷᠠᠰᠬᠠᠯᠲᠤ ᠵᠦᠶ᠋ᠯᠡᠰ ᠤᠨ ᠥᠪᠡᠷᠮᠢᠴᠡ ᠦᠶ᠋ᠯᠡᠳᠦᠯ ᠢ ᠪᠠᠳᠠᠷᠠᠭᠤᠯᠤᠨ᠎ᠠ᠃ ᠮᠢᠩᠭᠠᠨᠲᠤ ᠶᠢᠨ | ᠰᠣᠶᠣᠯ ᠤᠨ ᠥᠪ ᠢ ᠪᠠᠳᠠᠷᠠᠭᠤᠯᠤᠨ ᠬᠥᠭᠵᠢᠭᠦᠯᠦᠭᠰᠡᠨ ᠨᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ | ᠰᠣᠶᠣᠯ ᠤᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠪᠣᠯᠤᠨ᠎ᠠ᠃ ᠮᠢᠩᠭᠠᠨᠲᠤ ᠶᠢᠨ ᠰᠣᠶᠣᠯ ᠤᠨ ᠥᠪ ᠲᠤ | ᠳᠤᠮᠳᠠᠳᠤ ᠶᠢᠨ ᠨᠢᠭᠡᠳᠦᠭᠰᠡᠨ ᠰᠣᠶᠣᠯ ᠤᠨ ᠥᠪ ᠵᠢᠴᠢ ᠤᠳᠤᠨ ᠣᠷᠣᠨ ᠤ ᠰᠤᠳᠤᠯᠤᠯ ᠤᠨ ᠥᠪ᠂ ᠭᠠᠵᠠᠷ ᠵᠦᠢ | ᠰᠣᠶᠣᠯ ᠤᠨ ᠥᠪ᠂ ᠳᠤᠮᠳᠠᠳᠤ ᠶᠢᠨ ᠵᠢᠷᠤᠬᠠᠢ ᠰᠣᠶᠣᠯ ᠤᠨ ᠥᠪ ᠵᠡᠷᠭᠡ ᠪᠠᠭᠲᠠᠵᠤ ᠪᠤᠢ᠂ ᠪᠢᠳᠡ ᠰᠢᠨ᠎ᠡ ᠮᠡᠷᠭᠡᠵᠢᠯ᠂ | ᠢᠨᠲᠧᠷ ᠰᠦᠯᠵᠢᠶ᠎ᠡ᠂ ᠲᠤᠮᠤ ᠳ᠋ᠠᠶᠢᠲ᠋ᠠ᠂ ᠡᠭᠦᠯᠡᠨ ᠪᠤᠳᠤᠯᠳᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨᠵᠢᠯᠡᠬᠦ | ᠤᠬᠠᠭᠠᠨ ᠢ ᠭᠦᠨᠵᠡᠭᠡᠢ ᠰᠤᠳᠤᠯᠤᠨ ᠰᠦᠪᠡᠭᠴᠢᠯᠡᠵᠦ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠪᠠᠶᠢᠯᠳᠤᠬᠤ | ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠰᠣᠶᠣᠯ ᠤᠨ ᠠᠵᠤ ᠦᠢᠯᠡᠰ ᠪᠣᠯᠤᠨ ᠤᠳᠤᠨ ᠣᠷᠣᠨ ᠵᠢᠷᠤᠬᠠᠢ | ᠵᠡᠷᠭᠡ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠰᠣᠶᠣᠯ ᠤᠨ ᠠᠵᠤ ᠦᠢᠯᠡᠰ ᠢ ᠬᠥᠭᠵᠢᠭᠦᠯᠵᠦ᠂ ᠮᠢᠩᠭᠠᠨᠲᠤ ᠶᠢᠨ | ᠰᠣᠶᠣᠯ ᠤᠨ ᠥᠪ ᠢ ᠴᠡᠴᠡᠭᠯᠡᠭᠦᠯᠦᠨ ᠬᠥᠭᠵᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ | ᠡᠷᠳᠡᠨᠢᠰ ᠤᠨ ᠬᠥᠮᠥᠷᠭᠡ ᠶᠢ ᠤᠯᠠᠮ ᠴᠢᠨᠠᠭᠰᠢᠳᠠ ᠪᠠᠶᠠᠯᠢᠭᠵᠢᠭᠤᠯᠬᠤ ᠬᠡᠷᠡᠭᠲᠡᠢ᠃ | ᠪᠥᠬᠦ ᠤᠯᠤᠰ ᠤᠨ ᠣᠳᠣᠨ ᠣᠷᠣᠨ ᠢ ᠪᠠᠷᠠᠯᠠᠬᠤ ᠶᠡᠭᠡ ᠬᠤᠷᠠᠯ ᠢ ᠦᠷᠭᠦᠯᠵᠢᠯᠡᠨ ᠡᠷᠭᠢᠯᠡᠬᠦ ᠪᠠᠷ ᠳᠠᠮᠵᠢᠭᠤᠯᠤᠨ᠂ | ᠪᠥᠬᠦ ᠤᠯᠤᠰ ᠤᠨ ᠵᠠᠯᠠᠭᠤᠴᠤᠳ ᠪᠠᠭᠠᠴᠤᠳ ᠢ ᠵᠣᠬᠢᠶᠠᠨ ᠪᠠᠶᠢᠭᠤᠯᠵᠤ᠂ ᠲᠡᠳᠡᠨ ᠠᠪᠴᠢᠷᠠᠵᠤ ᠰᠢᠯᠤᠭᠤᠨ | ᠬᠥᠪᠡᠭᠡᠲᠦ ᠴᠠᠭᠠᠨ ᠬᠤᠰᠢᠭᠤᠨ ᠤ ᠲᠠᠯ᠎ᠠ ᠨᠤᠲᠤᠭ ᠲᠤ ᠣᠴᠢᠭᠤᠯᠤᠨ ᠣᠳᠣᠨ ᠣᠷᠣᠨ ᠢ ᠰᠣᠨᠢᠷᠬᠠᠭᠤᠯᠵᠤ᠂ | ᠲᠣᠭᠲᠠᠮᠠᠯ ︽ᠣᠳᠣᠨ ᠣᠷᠣᠨ ᠢ ᠪᠠᠷᠠᠯᠠᠬᠤ ᠣᠭᠲᠠᠷᠭᠤᠶ︾ ᠶᠢᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠠᠮ | ᠱᠤᠭᠤᠮ ᠢ ᠪᠣᠶ ᠪᠣᠯᠭᠠᠵᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠢᠩᠭᠠᠨᠲᠤ ᠣᠳᠣᠨ ᠣᠷᠣᠨ ᠤ | ᠠᠵᠢᠭᠯᠠᠯᠲᠠ ᠶᠢᠨ ᠲᠥᠪ ᠤᠨ ᠪᠥᠬᠦ ᠤᠯᠤᠰ ᠤᠨ ᠡᠯ᠎ᠡ ᠭᠠᠵᠠᠷ ᠲᠠᠬᠢ ᠨᠡᠷ᠎ᠡ ᠠᠯᠳᠠᠷᠰᠢᠯ ᠢ ᠳᠡᠭᠡᠭᠰᠢᠯᠡᠭᠦᠯᠦᠨ᠎ᠡ᠃ | ᠮᠢᠩᠭᠠᠨᠲᠤ ᠪᠣᠯᠤᠨ ᠳᠤᠮᠳᠠᠳᠤ ᠶᠢᠨ ᠤᠳᠤᠨ ᠣᠷᠣᠨ ᠤ ᠲᠡᠦᠬᠡ ᠶᠢᠨ ᠰᠤᠳᠤᠯᠤᠨ ᠶᠠᠷᠢᠯᠴᠠᠬᠤ ᠬᠤᠷᠠᠯ ᠢ | ᠡᠷᠬᠢᠯᠡᠬᠦ ᠪᠠᠷ ᠳᠠᠮᠵᠢᠨ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠶᠢ | ᠵᠣᠬᠢᠶᠠᠨ ᠪᠠᠶᠢᠭᠤᠯᠤᠨ ᠦᠵᠡᠭᠦᠯᠵᠦ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠦᠽᠧᠢ ᠪᠣᠯᠤᠨ ᠤᠳᠤᠨ | ᠣᠷᠣᠨ ᠤ ᠣᠷᠳᠣᠨ ᠤ ᠲᠠᠪᠴᠠᠩ ᠤᠨ ᠠᠴᠢᠶᠠᠯᠠᠪᠤᠷᠢ ᠪᠣᠯᠤᠨ ᠲᠤᠰᠬᠠᠢ ᠮᠡᠷᠭᠡᠵᠢᠯᠲᠡᠨ ᠤ ᠪᠦᠯᠬᠦᠮ ᠤᠨ ᠦᠢᠯᠡᠳᠦᠯ ᠢ | ᠰᠠᠶᠢᠲᠤᠷ ᠪᠠᠳᠠᠷᠠᠭᠤᠯᠵᠤ᠂ ᠤᠯᠤᠰ ᠤᠨ ᠳᠡᠰ ᠤᠨ ᠤᠳᠤᠨ ᠣᠷᠣᠨ ᠤ ᠰᠤᠳᠤᠯᠭᠠᠨ ᠤ ᠪᠠᠶᠢᠭᠤᠯᠤᠮᠵᠢ᠂ | ᠮᠦᠽᠧᠢ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠪᠦᠬᠦ ᠲᠠᠯ᠎ᠠ ᠪᠠᠷ ᠤᠯᠠᠨ ᠬᠠᠷᠠᠭᠠᠰᠤ ᠠᠴᠠ | ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | 2 . ᠮᠡᠳᠡᠭᠡ ᠵᠠᠩᠭᠢ ᠶᠢᠨ ᠮᠡᠷᠭᠡᠵᠢᠯ ᠪᠠ ᠰᠣᠶᠣᠯ ᠵᠢᠭᠤᠯᠴᠢᠯᠠᠯ ᠤᠨ ᠦᠶ᠋ᠯᠡᠰ ᠤᠨ ᠲᠦᠷᠭᠡᠨ ᠬᠥᠭᠵᠢᠯᠲᠡ ᠶᠢᠨ | ᠰᠢᠨ᠎ᠡ ᠪᠠᠶᠢᠳᠠᠯ ᠳᠤ ᠵᠣᠬᠢᠴᠠᠭᠤᠯᠤᠨ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠢᠩᠭᠠᠨᠲᠤ ᠪᠠᠯᠭᠠᠰᠤᠨ ᠤ | ᠰᠣᠶᠣᠯ ᠤᠨ ᠠᠭᠤᠯᠬᠤᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠢᠩᠭᠠᠨᠲᠤ ᠰᠣᠶᠣᠯ ᠤᠨ ᠥᠪ ᠢ ᠨᠡᠭᠡᠭᠡᠨ | ᠬᠥᠭᠵᠢᠭᠦᠯᠬᠦ᠂ ᠰᠤᠳᠤᠯᠬᠤ ᠪᠠ ᠲᠠᠨᠢᠯᠴᠠᠭᠤᠯᠬᠤ ᠠᠵᠢᠯ ᠢ ᠢᠳᠡᠪᠬᠢᠲᠡᠶ ᠥᠷᠨᠢᠭᠦᠯᠦᠨ᠎ᠡ᠃ | ᠤᠯᠤᠰ ᠤᠨ ᠣᠳᠣᠨ ᠣᠷᠣᠨ ᠤ ᠥᠷᠲᠡᠭᠡ ᠶᠢ ᠦᠷᠭᠦᠯᠵᠢᠯᠡᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ | ᠪᠠᠶᠢᠭᠤᠯᠤᠭᠰᠠᠨ ᠣᠳᠣᠨ ᠣᠷᠣᠨ ᠤ ᠬᠢᠨᠠᠨ ᠬᠡᠮᠵᠢᠬᠦ ᠥᠷᠲᠡᠭᠡ ᠪᠠ ᠪᠥᠬᠦ ᠤᠯᠤᠰ ᠤᠨ ᠣᠳᠣᠨ ᠣᠷᠣᠨ ᠤ | ᠰᠤᠳᠤᠯᠤᠯ ᠤᠨ ᠶᠡᠭᠡ ᠬᠤᠷᠠᠯ ᠳᠤ ᠲᠦᠰᠢᠭᠯᠡᠨ᠂ ᠤᠯᠤᠰ ᠤᠨ ᠰᠠᠨᠰᠠᠷ ᠤᠨ ᠠᠶᠠᠯᠠᠯ ᠤᠨ ᠰᠠᠯᠠᠭ᠎ᠠ ᠮᠥᠴᠢᠷ ᠲᠠᠢ | ᠬᠠᠮᠲᠤᠷᠠᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠣᠳᠣᠨ ᠣᠷᠣᠨ ᠤ ᠵᠢᠭᠤᠯᠴᠢᠯᠠᠯ ᠤᠨ ᠡᠬᠢ ᠪᠠᠶᠠᠯᠢᠭ ᠢ | ᠨᠡᠭᠡᠭᠡᠨ ᠬᠥᠭᠵᠢᠭᠦᠯᠬᠦ ᠪᠠ ᠪᠥᠲᠥᠭᠡᠨ ᠪᠠᠶᠢᠭᠤᠯᠵᠤ᠂ ᠨᠢᠭᠡᠨᠲᠡ ᠵᠣᠬᠢᠬᠤ ᠰᠠᠭᠤᠷᠢ ᠲᠠᠢ ᠪᠣᠯᠤᠭᠰᠠᠨ ᠪᠥᠬᠦ | ᠤᠯᠤᠰ ᠤᠨ ᠵᠠᠯᠠᠭᠤᠴᠤᠳ ᠪᠠᠭᠠᠴᠤᠳ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠢᠷᠡᠵᠦ ᠣᠳᠣᠨ | ᠣᠷᠣᠨ ᠤ ᠰᠤᠳᠤᠯᠤᠯ ᠤᠨ ᠰᠠᠭᠤᠷᠢᠨ ᠭᠠᠵᠠᠷ ᠢ ᠭᠤᠤᠯᠳᠠᠯᠭ᠎ᠠ ᠲᠠᠢ ᠳᠡᠭᠡᠭᠰᠢᠯᠡᠭᠦᠯᠦᠨ᠎ᠡ᠃ | ᠮᠢᠩᠭᠠᠲᠤ ᠶᠢᠨ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠲᠠᠢ ᠬᠤᠯᠪᠣᠭᠳᠠᠯ ᠪᠦᠬᠦᠢ᠂ ᠭᠠᠵᠠᠷ ᠤᠨ ᠰᠢᠲᠠᠮᠠᠬᠠᠢ | ᠬᠡᠢ ᠲᠠᠢ ᠲᠥᠷᠥᠯ ᠵᠦᠢᠯ ᠢ ᠭᠦᠨᠵᠡᠭᠡᠢ ᠰᠤᠳᠤᠯᠵᠤ ᠨᠡᠭᠡᠭᠡᠨ ᠬᠥᠭᠵᠢᠭᠦᠯᠦᠨ᠎ᠡ᠂ ᠡᠭᠦᠨ ᠳᠤ ᠴᠢᠩ ᠤᠯᠤᠰ ᠤᠨ ᠦᠶ᠎ᠡ | ᠪᠠ ᠣᠷᠴᠢᠨ ᠦᠶ᠎ᠡ ᠶᠢᠨ ᠣᠳᠣᠨ ᠣᠷᠣᠨ ᠤ ᠵᠠᠭᠪᠤᠷ᠂ ᠣᠳᠣᠨ ᠣᠷᠣᠨ ᠤ ᠴᠠᠭ ᠤᠯᠠᠷᠢᠯ ᠤᠨ ᠪᠢᠴᠢᠭ᠂ | ᠪᠣᠳᠣᠯᠭ᠎ᠠ ᠶᠢᠨ ᠪᠢᠴᠢᠭ ᠵᠡᠷᠭᠡ ᠶᠢ ᠳᠠᠭᠤᠷᠢᠶᠠᠨ ᠦᠢᠯᠡᠳᠬᠦ ᠶᠢ ᠪᠠᠭᠲᠠᠭᠠᠨ᠎ᠠ᠂ ᠡᠳᠡᠭᠡᠷ ᠲᠡᠦᠬᠡ ᠶᠢᠨ ᠳᠤᠷᠠᠰᠬᠠᠯᠲᠤ | ᠵᠦᠢᠯᠡᠰ ᠨᠢ ᠮᠢᠩᠭᠠᠲᠤ ᠶᠢᠨ ᠭᠠᠷ ᠤᠨ ᠦᠰᠦᠭ ᠵᠢᠷᠤᠭᠰᠠᠨ ᠠᠴᠠ ᠪᠣᠯᠵᠤ ᠴᠢᠬᠤᠯᠠ ᠳᠤᠷᠠᠰᠬᠠᠯ ᠤᠨ ᠠᠴᠢ | ᠬᠤᠯᠪᠣᠭᠳᠠᠯ ᠲᠠᠢ ᠶᠤᠮ᠃ ᠪᠢᠳᠡ ᠬᠠᠭᠤᠯᠪᠤᠷᠢᠯᠠᠵᠤ ᠪᠣᠯᠬᠤ᠂ ᠳᠤᠷᠠᠰᠬᠠᠬᠤ ᠠᠴᠢ ᠬᠤᠯᠪᠣᠭᠳᠠᠯ ᠪᠦᠬᠦᠢ | ᠰᠣᠶᠣᠯ ᠤᠨ ᠪᠦᠲᠦᠭᠡᠯᠴᠢ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠠᠵᠢᠯ ᠢ ᠭᠤᠣᠯᠳᠠᠯᠭ᠎ᠠ ᠲᠠᠢ ᠪᠠᠷ ᠵᠣᠬᠢᠶᠠᠨ | ᠪᠠᠶᠢᠭᠤᠯᠬᠤ ᠬᠡᠷᠡᠭᠲᠡᠢ᠃ ᠦᠨᠳᠦᠰᠦᠲᠡᠨ ᠤ ᠲᠡᠦᠬᠡ ᠶᠢᠨ ᠳᠤᠷᠠᠰᠬᠠᠯᠲᠤ ᠵᠦᠢᠯ᠂ ᠴᠠᠭᠠᠨ ᠰᠠᠷ᠎ᠠ ᠶᠢᠨ ᠵᠢᠷᠤᠭ᠂ | ᠴᠣᠩᠬᠤᠨ ᠴᠡᠴᠡᠭ᠂ ᠴᠠᠭᠠᠰᠤᠨ ᠬᠠᠶᠢᠴᠢᠯᠠᠮᠠᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠢ ᠪᠠᠭᠲᠠᠭᠠᠭᠰᠠᠨ | ᠮᠢᠩᠭᠠᠨᠲᠤ ᠪᠣᠯᠤᠨ ᠣᠳᠣᠨ ᠣᠷᠣᠨ ᠤ ᠰᠣᠶᠣᠯ ᠲᠠᠢ ᠬᠤᠯᠪᠣᠭᠳᠠᠬᠤ ᠰᠣᠶᠣᠯ ᠤᠨ ᠪᠦᠲᠦᠭᠡᠯᠴᠢ ᠲᠥᠰᠦᠪᠯᠡᠯ ᠤᠨ | ᠪᠦᠲᠦᠭᠡᠭᠳᠡᠬᠦᠨ ᠢ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠦᠨ᠎ᠡ᠃ | 3 . ᠡᠷᠲᠡᠨ ᠠᠴᠠ ᠠᠪᠤᠭᠠᠳ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠡᠨᠡ ᠬᠦ ᠨᠤᠲᠤᠭ ᠳᠡᠪᠢᠰᠬᠡᠷ | ᠳᠡᠭᠡᠷᠡᠬᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠭᠦᠶ᠋ᠴᠡᠳ | ᠠᠭᠤᠳᠠᠯᠤᠨ ᠢᠯᠡᠷᠡᠭᠦᠯᠵᠦ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠵᠦ᠂ ᠰᠠᠶᠢᠨ | ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠭᠰᠠᠨ ᠲᠡᠦᠬᠡᠨ ᠪᠣᠳᠠᠲᠤ ᠬᠡᠷᠡᠭ ᠢ ᠭᠦᠶ᠋ᠴᠡᠳ ᠠᠭᠤᠳᠠᠯᠤᠨ | ᠢᠯᠡᠷᠡᠭᠦᠯᠦᠨ᠎ᠡ᠃ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ | ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠵᠡᠷᠭᠡ ᠣᠶᠢᠯᠠᠭᠠᠭᠳᠠᠬᠤᠨ ᠪᠠ ᠡᠯᠧᠮᠧᠨ᠋ᠲ ᠢ ᠰᠢᠯᠤᠭᠤᠨ | ᠬᠥᠪᠡᠭᠡᠲᠦ ᠴᠠᠭᠠᠨ ᠬᠤᠰᠢᠭᠤᠨ ᠤ ᠲᠡᠦᠬᠡ ᠰᠣᠶᠣᠯ ᠤᠨ ᠤᠬᠠᠭᠤᠯᠭ᠎ᠠ ᠬᠥᠮᠦᠵᠢᠯ᠂ ᠣᠯᠠᠨ ᠨᠡᠶᠢᠲᠡ ᠶᠢᠨ | ᠰᠣᠶᠣᠯ ᠤᠨ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠪᠡᠯᠭᠡ ᠲᠡᠮᠳᠡᠭ ᠤᠨ ᠴᠢᠨᠠᠷᠲᠠᠶ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠵᠢᠭᠤᠯᠴᠢᠯᠠᠯ ᠤᠨ ᠦᠵᠡᠮᠵᠢ ᠶᠢᠨ ᠦᠵᠡᠭᠦᠯᠦᠯᠭᠡ ᠵᠡᠷᠭᠡ ᠲᠠᠯ᠎ᠠ ᠳᠤ | ᠭᠦᠶ᠋ᠴᠡᠳ ᠢᠯᠡᠷᠡᠭᠦᠯᠵᠦ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠣᠷᠣᠨ ᠨᠤᠲᠤᠭ ᠤᠨ ᠣᠨᠴᠠᠯᠢᠭ ᠲᠠᠢ᠂ | ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠢᠯᠡᠷᠡᠭᠦᠯᠦᠭᠰᠡᠨ | ᠨᠢᠭᠡ ᠪᠦᠯᠦᠭ ᠰᠣᠶᠣᠯ ᠤᠬᠠᠭᠤᠯᠭ᠎ᠠ ᠶᠢᠨ ᠪᠦᠲᠦᠭᠡᠭᠳᠡᠬᠦᠨ ᠢ ᠭᠠᠷᠭᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠨᠠᠩ ᠣᠶᠢᠯᠠᠭᠠᠭᠤᠰᠢᠲᠠᠶ ᠪᠣᠯᠭᠠᠨ᠎ᠠ᠃ |