ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠭ᠎ᠠ ᠪᠣᠯᠣᠨ ᠰᠢᠯᠢ ᠶᠢᠨ ᠭᠤᠣᠯ ᠠᠶᠢᠮᠠᠭ ᠲᠤ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/8/19
    8 ᠰᠠᠷ᠎ᠠ ᠶᠢᠨ 13 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠭ᠎ᠠ ᠪᠣᠯᠣᠨ ᠰᠢᠯᠢ ᠶᠢᠨ ᠭᠤᠣᠯ ᠠᠶᠢᠮᠠᠭ ᠲᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠪᠠ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠭ᠎ᠠ ᠳᠤ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠭᠢᠯᠡᠭᠴᠢ ᠴᠧᠨ ᠵᠢᠢ ᠴᠢᠩ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠣᠨᠣᠪᠴᠢᠲᠠᠶ ᠣᠶᠢᠯᠠᠭᠠᠬᠤ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠵᠡᠷᠭᠡ 4 ᠲᠠᠯ᠎ᠠ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢᠨ ᠲᠤᠬᠠᠢ ᠭᠦᠨᠵᠡᠭᠡᠢ ᠨᠠᠷᠢᠯᠢᠭ ᠲᠠᠶᠢᠯᠪᠤᠷᠢᠯᠠᠯᠲᠠ ᠬᠢᠵᠡᠢ᠃ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠨᠢ ᠭᠤᠣᠯ ᠰᠡᠳᠦᠪ ᠤᠨ ᠲᠣᠭᠤᠷᠢᠨ ᠳᠤ᠂ ᠠᠯᠤᠰ ᠭᠡᠳᠦ ᠶᠢᠨ ᠵᠣᠷᠢᠯᠲᠠ ᠲᠠᠢ᠂ ᠪᠦᠭᠦ ᠲᠠᠯ᠎ᠠ ᠶᠢᠨ ᠰᠢᠰᠲ᠋ᠧᠮ ᠲᠠᠢ᠂ ᠭᠤᠣᠯᠳᠠᠯᠭ᠎ᠠ ᠲᠣᠪᠤᠶᠢᠮ᠎ᠠ ᠪᠠᠶᠢᠵᠤ᠂ ᠡᠯᠪᠡᠭ ᠪᠠᠶᠠᠯᠢᠭ ᠠᠭᠤᠯᠭ᠎ᠠ ᠪᠠᠷ ᠶᠠᠪᠤᠭᠳᠠᠵᠠᠢ᠃    ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠤᠳᠤᠯᠬᠤ ᠲᠠᠰᠤᠭ ᠤᠨ ᠺᠠᠳ᠋ᠷ ᠯᠢᠦ ᠵᠢᠶᠠ ᠶᠤᠸᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠤ ︽ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠬᠦ︾ ᠶᠢ ︽ᠳᠤᠯᠤᠭᠠᠨ ᠠᠩᠬᠠᠷᠤᠯ ᠢᠶᠠᠨ ᠲᠥᠪᠯᠡᠷᠡᠭᠦᠯᠬᠦ︾ ᠶᠢᠨ ᠨᠢᠭᠡ ᠪᠣᠯᠭᠠᠵᠠᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠨᠢᠭᠡᠨ ᠵᠠᠯᠠᠭᠤ ᠺᠠᠳ᠋ᠷ ᠪᠣᠯᠤᠭᠰᠠᠨ ᠤ ᠬᠤᠪᠢ ᠳᠤ᠂ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠶᠡᠭᠡ ᠭᠡᠳᠡᠭ ᠢ ᠭᠦᠨᠵᠡᠭᠡᠢ ᠮᠡᠳᠡᠷᠡᠵᠦ ᠪᠠᠶᠢᠨ᠎ᠠ᠃ ᠬᠤᠶᠢᠰᠢᠳᠠ ᠶᠢᠨ ᠠᠵᠢᠯ ᠳᠤᠮᠳᠠ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠯᠠᠪᠳᠠᠭᠤᠨ ᠪᠠᠲᠤᠲᠠᠢ ᠠᠬᠢᠭᠤᠯᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠬᠤ᠂ ᠰᠠᠶᠢᠲᠤᠷ ᠤᠬᠠᠭᠤᠯᠬᠤ᠂ ᠰᠠᠶᠢᠲᠤᠷ ᠲᠤᠭᠤᠰᠢᠯᠠᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃    ᠰᠢᠯᠢ ᠶᠢᠨ ᠭᠤᠣᠯ ᠠᠶᠢᠮᠠᠭ ᠲᠤ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ᠂ ᠦᠢᠯᠡᠳᠦᠯᠭᠡ ᠰᠡᠳᠬᠦᠯ ᠤᠨ ᠬᠤᠷᠢᠶ᠎ᠠ ᠶᠢᠨ ᠶᠡᠷᠦᠩᠬᠡᠢ ᠨᠠᠶᠢᠷᠠᠭᠤᠯᠤᠭᠴᠢ ᠵᠠᠩ ᠢ ᠮᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠶᠡᠷᠦᠩᠬᠡᠢ ᠪᠠᠶᠢᠳᠠᠯ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠤᠯᠠᠨ ᠨᠢᠭᠡ ᠠᠯᠬᠤᠮ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠣᠨᠣᠪᠴᠢᠲᠠᠶ ᠣᠶᠢᠯᠠᠭᠠᠬᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠵᠡᠷᠭᠡ 4 ᠲᠠᠯ᠎ᠠ ᠪᠠᠷ ᠲᠠᠶᠢᠯᠤᠮᠵᠢ ᠬᠢᠪᠡ᠃    ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠤᠨᠤᠯ ᠤᠨ ᠬᠡᠯᠲᠡᠰ ᠤᠨ ᠳᠡᠳ᠋ ᠫᠷᠤᠹᠧᠰᠰᠤᠷ ᠮᠢ ᠡᠯ ᠸᠧᠨ ᠤᠬᠠᠭᠤᠯᠤᠨ ᠲᠠᠶᠢᠯᠪᠤᠷᠢᠯᠠᠬᠤ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠄ ︽ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠪᠠ ᠦᠨᠳᠦᠰᠦᠨ ᠱᠠᠲᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠭᠴᠢ ᠪᠣᠯᠤᠭᠰᠠᠨ ᠤ ᠬᠤᠪᠢ ᠳᠤ᠂ ᠬᠤᠶᠢᠰᠢᠳᠠ ᠪᠢ ᠪᠦᠭᠦᠳᠠ ᠬᠤᠷᠠᠯ ᠤᠨ ᠵᠣᠷᠢᠭ ᠰᠠᠨᠠᠭ᠎ᠠ ᠶᠢᠨ ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠵᠢᠭᠠᠨ ᠰᠤᠷᠭᠠᠯᠲᠠ ᠳᠤᠮᠳᠠ ᠪᠠᠨ ᠡᠷᠳᠡᠮ ᠰᠢᠨᠵᠢᠯᠡᠭᠡᠨ ᠤ ᠴᠢᠨᠠᠷ ᠪᠠ ᠦᠵᠡᠯ ᠰᠠᠨᠠᠭᠠᠴᠢ ᠴᠢᠨᠠᠷ ᠢ ᠤᠶᠠᠯᠳᠤᠭᠤᠯᠵᠤ᠂ ᠤᠨᠤᠯ ᠤᠨ ᠴᠢᠨᠠᠷ ᠪᠠ ᠦᠢᠯᠡᠳᠦᠯᠭᠡ ᠶᠢᠨ ᠴᠢᠨᠠᠷ ᠢ ᠤᠶᠠᠯᠳᠤᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠪᠡ᠃    ᠵᠠᠩ ᠢ ᠮᠢᠨ ᠪᠠᠰᠠ ᠰᠢᠯᠢᠩᠬᠤᠲᠠ ᠶᠢᠨ ᠬᠠᠮ ᠵᠠᠭᠤᠴᠢᠯᠠᠭᠤᠷ ᠤᠨ ᠲᠥᠪ ᠲᠤ ᠬᠦᠷᠴᠦ᠂ ᠰᠣᠨᠢᠨ ᠮᠡᠳᠡᠭᠡᠨ ᠤ ᠠᠵᠢᠯᠲᠠᠳ ᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠭᠤᠣᠯ ᠵᠠᠭᠤᠴᠢᠯᠠᠭᠤᠷ ᠤᠨ ᠰᠢᠰᠲ᠋ᠧᠮᠳᠦ ᠴᠢᠨᠠᠷᠲᠠᠢ ᠬᠤᠪᠢᠰᠤᠯᠲᠠ ᠶᠢ ᠬᠡᠷᠬᠢᠨ ᠠᠬᠢᠭᠤᠯᠬᠤ ᠵᠡᠷᠭᠡ ᠠᠰᠠᠭᠤᠳᠠᠯ ᠤᠨ ᠲᠤᠬᠠᠢ ᠤᠯᠠᠨ ᠲᠠᠢ ᠰᠠᠨᠠᠯ ᠢᠶᠠᠨ ᠰᠣᠯᠢᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠮᠠᠰᠢ ᠬᠥᠭᠵᠢᠶᠡᠨ ᠲᠠᠢ ᠪᠠᠶᠢᠯ᠎ᠠ᠃    ︽ᠬᠤᠶᠢᠰᠢᠳᠠ ᠶᠢᠨ ᠠᠵᠢᠯ ᠤᠨ ᠳᠤᠮᠳᠠ ᠪᠠᠨ ᠪᠢ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠴᠠᠭ ᠢᠮᠠᠭᠲᠠ ᠰᠣᠨᠢᠨ ᠮᠡᠳᠡᠭᠡᠨ ᠤ ᠰᠡᠷᠭᠡᠭ ᠮᠡᠳᠡᠷᠡᠮᠵᠢ ᠲᠠᠢ ᠪᠠᠶᠢᠵᠤ᠂ ᠴᠠᠭ ᠦᠶ᠎ᠡ ᠶᠢᠨ ᠬᠤᠪᠢᠷᠠᠯᠲᠠ ᠶᠢ ᠲᠤᠰᠬᠠᠭᠰᠠᠨ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠢᠯᠡᠷᠡᠭᠦᠯᠦᠭᠰᠡᠨ ᠰᠣᠨᠢᠨ ᠮᠡᠳᠡᠭᠡᠨ ᠤ ᠪᠣᠷᠣ ᠮᠠᠲ᠋ᠧᠷᠢᠶᠠᠯ ᠢ ᠭᠦᠨᠵᠡᠭᠡᠢ ᠠᠭᠤᠳᠠᠯᠵᠤ᠂ ᠥᠭᠡᠷᠡᠴᠢᠯᠡᠯᠲᠡ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠶ ᠪᠤᠯᠭᠠᠬᠤ ᠪᠠᠷ ᠴᠢᠷᠮᠠᠶᠢᠨ᠎ᠠ︾ ᠭᠡᠵᠦ ᠰᠢᠯᠢᠩᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠶᠡᠷᠦᠩᠬᠡᠢ ᠨᠠᠶᠢᠷᠠᠭᠤᠯᠤᠭᠴᠢ ᠶᠢᠨ ᠠᠯᠪᠠᠨ ᠭᠡᠷ ᠤᠨ ᠳᠡᠳ᠋ ᠡᠷᠭᠢᠯᠡᠭᠴᠢ ᠮᠧᠨ ᠵᠢᠩ ᠬᠡᠯᠡᠪᠡ᠃    
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号