ᠰᠢᠯᠤᠭᠤᠨ ᠬᠥᠪᠡᠭᠡᠲᠦ ᠴᠠᠭᠠᠨ ᠬᠤᠰᠢᠭᠤ ᠪᠥᠬᠦ ᠬᠤᠰᠢᠭᠤᠨ  ᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶  ᠤᠨ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠪᠡ᠃
ᠨᠡᠶᠢᠲᠡᠯᠡᠭᠰᠡᠨ ᠴᠠᠭ᠄
2024/8/2
   ᠰᠢᠯᠤᠭᠤᠨ ᠬᠥᠪᠡᠭᠡᠲᠦ ᠴᠠᠭᠠᠨ ᠬᠤᠰᠢᠭᠤ ᠪᠥᠬᠦ ᠬᠤᠰᠢᠭᠤᠨ ᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶   ᠤᠨ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠪᠡ     ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠪᠥᠬᠦ ᠬᠤᠰᠢᠭᠤᠨ ᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠪᠥᠬᠦ ᠬᠤᠰᠢᠭᠤᠨ ᠤ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠱᠦᠵᠢ ᠵᠢᠴᠢ ᠬᠤᠰᠢᠭᠤ ᠰᠢᠭᠤᠳ ᠬᠠᠷᠢᠶ᠎ᠠ ᠨᠢᠭᠡᠴᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠯᠠᠭᠴᠢ ᠬᠦᠴᠦᠨ ᠨᠡᠶᠢᠲᠡ 120 ᠨᠠᠮ ᠤᠨ ᠭᠡᠰᠢᠭᠦᠨ ᠺᠠᠳ᠋ᠷ ᠪᠣᠯᠪᠠᠰᠤᠷᠠᠯ ᠳᠤ ᠣᠷᠣᠯᠴᠠᠪᠠ᠃    ᠪᠠᠭᠰᠢ ᠶᠢᠨ ᠡᠩᠨᠡᠭᠡ ᠶᠢ ᠣᠯᠠᠨ ᠲᠠᠯ᠎ᠠ ᠠᠴᠠ ᠰᠣᠩᠭᠤᠨ ᠲᠣᠬᠢᠷᠠᠭᠤᠯᠵᠤ᠂ ᠪᠣᠯᠪᠠᠰᠤᠷᠠᠭᠤᠯᠤᠯ ᠤᠨ ᠬᠠᠨᠳᠤᠯᠭᠠᠲᠤ ᠴᠢᠨᠠᠷ     ᠢ ᠳᠡᠭᠡᠭᠰᠢᠯᠡᠭᠦᠯᠦᠨ᠎ᠡ᠃ ᠲᠣᠰ ᠤᠳᠠᠭᠠᠨ ᠤ ᠪᠣᠯᠪᠠᠰᠤᠷᠠᠯ ᠨᠢ ᠬᠢᠴᠢᠶᠡᠯ ᠤᠨ ᠲᠣᠬᠢᠷᠠᠭᠤᠯᠤᠯᠲᠠ ᠶᠢᠨ ᠲᠠᠯ᠎ᠠ ᠪᠠᠷ ᠬᠠᠨᠳᠤᠯᠭᠠᠲᠤ ᠴᠢᠨᠠᠷ ᠪᠠ ᠬᠡᠷᠡᠭᠯᠡᠭᠡᠨ ᠤ ᠴᠢᠨᠠᠷ ᠲᠠᠢ᠂ ︽ᠤᠷᠢᠵᠤ ᠠᠪᠴᠢᠷᠠᠬᠤ︾ ︽ᠤᠳᠤᠷᠢᠳᠬᠤ ᠺᠠᠳ᠋ᠷ ᠶᠠᠷᠢᠶᠠᠨ ᠤ ᠲᠠᠪᠴᠠᠩ ᠳᠤ ᠭᠠᠷᠬᠤ︾ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠠᠭᠰᠢ ᠶᠢ ᠣᠯᠠᠨ ᠡᠰᠢᠵᠢᠭᠦᠯᠦᠨ ᠲᠣᠬᠢᠷᠠᠭᠤᠯᠬᠤ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ ᠬᠤᠤ ᠯᠢ ᠬᠤᠸᠠ ᠶᠢ ᠤᠷᠢᠪᠠ᠂ ᠬᠤ ᠰᠦ ᠮᠧᠶ᠂ ᠬᠤᠰᠢᠭᠤᠨ ᠤ ᠰᠠᠬᠢᠯᠭ᠎ᠠ ᠪᠠᠲᠤ ᠪᠠᠢᠴᠠᠭᠠᠬᠤ ᠬᠤᠷᠢᠶᠠᠨ ᠤ ᠳᠡᠳ᠋ ᠱᠦᠵᠢ ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠵᠠᠩ ᠯᠢᠶᠠᠨ ᠵᠢᠶᠦ᠋ᠨ᠂ ᠬᠤᠰᠢᠭᠤᠨ ᠤ ᠴᠠᠭ ᠠᠭᠤᠷ ᠤᠨ ᠲᠣᠪᠴᠢᠶᠠᠨ ᠤ ᠺᠠᠳ᠋ᠷ ᠯᠢᠦ ᠵᠧᠨ ᠵᠢᠶᠧ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠤᠬᠠᠶ᠂ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠳᠠᠪᠤᠷᠢ ᠶᠢ ᠨᠡᠮᠡᠭᠳᠡᠭᠦᠯᠦᠨ᠎ᠡ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠤᠨ᠎ᠠ᠂ ᠦᠨᠳᠦᠰᠦᠨ ᠱᠠᠲᠤᠨ ᠤ ᠭᠤᠷᠪᠠᠨ ᠶᠠᠪᠤᠳᠠᠯ ᠢ ᠢᠯᠡ ᠪᠣᠯᠭᠠᠬᠤ ᠶᠢ ᠴᠢᠩᠭᠠᠳᠬᠠᠬᠤ ᠬᠡᠷᠡᠭᠲᠡᠶ᠂ ᠣᠯᠠᠨ ᠲᠦᠮᠡᠨ ᠤ ᠬᠢᠨᠠᠯᠲᠠ ᠲᠠᠯᠪᠢᠬᠤ ᠦᠶ᠋ᠯᠡᠳᠦᠯ ᠢ ᠳᠡᠭᠡᠭᠰᠢᠯᠡᠭᠦᠯᠬᠦ ᠬᠡᠷᠡᠭᠲᠡᠶ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠠᠭᠤᠷᠢ ᠮᠡᠳᠡᠯᠭᠡ ᠵᠡᠷᠭᠡ ᠲᠠᠯ᠎ᠠ ᠪᠠᠷ ᠲᠤᠰᠬᠠᠶ ᠰᠡᠳᠦᠪᠲᠦ ᠬᠢᠴᠢᠶᠡᠯ ᠣᠷᠣᠪᠠ᠂ ᠭᠦᠨᠵᠡᠭᠡᠶ ᠪᠥᠭᠡᠳ ᠭᠦᠢᠬᠡᠨ ᠭᠠᠷᠭᠠᠬᠤ ᠪᠠᠷ ᠳᠠᠮᠵᠢᠨ᠂ ᠲᠥᠷᠥ ᠶᠢᠨ ᠪᠣᠳᠣᠯᠭ᠎ᠠ ᠣᠨᠣᠯ ᠤᠨ ᠲᠠᠶᠢᠯᠤᠮᠵᠢ᠂ ᠪᠣᠯᠪᠠᠰᠤᠷᠠᠯ ᠳᠤ ᠣᠷᠣᠯᠴᠠᠬᠤ ᠰᠤᠷᠤᠭᠴᠢᠳ ᠲᠤ ᠣᠨᠣᠯ ᠤᠨ ᠥᠨᠳᠥᠷᠴᠡ ᠲᠠᠢ ᠮᠥᠷᠲᠡᠭᠡᠨ ᠦᠶ᠋ᠯᠡᠳᠦᠯᠭᠡ ᠶᠢᠨ ᠭᠦᠨᠴᠡ ᠲᠠᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠠᠪᠴᠢᠷᠠᠵᠤ ᠥᠭᠭᠦᠨ᠎ᠡ᠂ ᠪᠥᠬᠦ ᠬᠤᠰᠢᠭᠤᠨ ᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠱᠦᠵᠢ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠯᠠᠭᠴᠢ ᠬᠦᠴᠦᠨ ᠤ ᠣᠨᠣᠯ ᠤᠨ ᠬᠡᠪ ᠪᠣᠯᠪᠠᠰᠤᠷᠠᠯ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠪᠡ᠃    ᠲᠤᠬᠠᠶ ᠶᠢᠨ ᠲᠠᠯᠠᠪᠤᠷ ᠲᠤ ᠦᠵᠡᠭᠦᠯᠦᠯᠭᠡ ᠶᠢᠨ ᠵᠢᠭᠠᠨ ᠰᠤᠷᠭᠠᠯᠲᠠ ᠬᠢᠵᠦ᠂ ᠪᠣᠯᠪᠠᠰᠤᠷᠠᠯ ᠤᠨ ᠬᠡᠷᠡᠭᠯᠡᠭᠡᠨ ᠤ ᠴᠢᠨᠠᠷ     ᠢ ᠨᠡᠮᠡᠭᠳᠡᠭᠦᠯᠦᠨ᠎ᠡ᠃ ᠲᠤᠬᠠᠶ ᠶᠢᠨ ᠲᠠᠯᠠᠪᠠᠢ ᠶᠢᠨ ᠵᠢᠭᠠᠨ ᠰᠤᠷᠭᠠᠯᠲᠠ ᠶᠢᠨ ᠭᠤᠭᠴᠤᠭ᠎ᠠ ᠳᠤ ᠰᠤᠷᠤᠭᠴᠢᠳ ᠢ ᠵᠣᠬᠢᠶᠠᠨ ᠪᠠᠢᠭᠤᠯᠵᠤ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠡᠭᠡᠵᠢᠩ ᠥᠪᠥᠷ ᠮᠣᠩᠭᠤᠯ ᠤᠨ ᠣᠳᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠳᠤ ᠣᠷᠣᠪᠠ᠂ ᠰᠢᠩ ᠶᠣᠣ ᠪᠠᠯᠭᠠᠰᠤᠨ ᠤ ᠰᠢᠨ ᠾᠧ ᠲᠣᠰᠬᠤᠨ ᠤ ᠡᠪᠡᠰᠦᠨ ᠤ ᠦᠶ᠋ᠯᠡᠰ ᠤᠨ ᠰᠠᠭᠤᠷᠢᠨ ᠭᠠᠵᠠᠷ᠂ ᠮᠢᠩᠭᠠᠨᠲᠤ ᠪᠠᠯᠭᠠᠰᠤᠨ ᠤ ᠪᠧᠶ ᠱᠠᠨ ᠨᠡᠶᠢᠭᠡᠮ ᠲᠣᠭᠤᠷᠢᠭ ᠤᠨ ᠨᠠᠮ ᠣᠯᠠᠨ ᠲᠦᠮᠡᠨ ᠤ ᠦᠶ᠋ᠯᠡᠴᠢᠯᠡᠭᠡᠨ ᠤ ᠲᠥᠪ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠪᠣᠯᠪᠠᠰᠤᠷᠠᠯ ᠤᠨ ᠲᠥᠪ᠂ ᠪᠤᠯᠠᠭ ᠤᠨ ᠲᠣᠬᠤᠢ ᠰᠤᠮᠤ ᠲᠣᠯᠢ ᠵᠵᠡ ᠪᠤᠯᠠᠭ ᠭᠠᠴᠠᠭ᠎ᠠ᠂ ᠲᠣᠬᠤᠶ ᠵᠵᠡ ᠬᠤᠳᠳᠤᠭ ᠭᠠᠴᠠᠭᠠᠨ ᠤ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠳᠦᠪᠰᠢᠨᠪᠠᠶᠠᠷ ᠤᠨ ᠬᠡᠷ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠷᠦ ᠰᠢᠶᠠᠩ ᠫᠢᠶᠣᠣ ᠴᠠᠭᠠᠨ ᠢᠳᠡᠭᠡᠨ ᠪᠣᠯᠪᠠᠰᠤᠷᠠᠭᠤᠯᠬᠤ ᠦᠶ᠋ᠯᠡᠳᠪᠦᠷᠢ᠂ ᠶᠡᠭᠡ ᠨᠠᠭᠤᠷ ᠰᠤᠮᠤᠨ ᠤ ᠴᠠᠭᠠᠨ ᠠᠭᠤᠯᠠ ᠭᠠᠴᠠᠭᠠᠨ ᠤ ᠬᠤᠪᠢᠰᠬᠠᠯ ᠤᠨ ᠦᠵᠡᠭᠦᠯᠦᠯᠭᠡ ᠶᠢᠨ ᠲᠢᠩᠬᠢᠮ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠭᠤᠤᠯ ᠡᠭᠦᠯᠳᠡᠷ ᠪᠤᠶᠢᠵᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤᠬᠠᠶ ᠶᠢᠨ ᠭᠠᠵᠠᠷ ᠤᠨ ᠵᠢᠭᠠᠨ ᠰᠤᠷᠭᠠᠯᠲᠠ ᠬᠢᠪᠡ᠂ ᠰᠤᠷᠤᠭᠴᠢᠳ ᠲᠤᠬᠠᠶ ᠶᠢᠨ ᠲᠠᠯᠠᠪᠠᠢ ᠶᠢᠨ ᠲᠣᠭᠤᠷᠢᠨ ᠰᠤᠷᠤᠯᠴᠠᠬᠤ ᠪᠠᠷ ᠳᠠᠮᠵᠢᠨ᠂ ᠲᠠᠶᠢᠯᠪᠤᠷᠢᠯᠠᠬᠤ ᠶᠢ ᠰᠣᠨᠣᠰᠬᠤ᠂ ᠬᠠᠷᠠᠭ᠎ᠠ ᠪᠠᠨ ᠨᠡᠭᠡᠭᠡᠪᠡ᠂ ᠵᠥᠷᠢᠶ᠎ᠡ ᠪᠠᠨ ᠡᠷᠢᠵᠦ ᠣᠯᠪᠠ᠂ ᠬᠠᠷᠢᠯᠴᠠᠨ ᠰᠤᠷᠤᠯᠴᠠᠬᠤ ᠪᠣᠯᠵᠠᠶ᠂ ᠬᠠᠷᠢᠯᠴᠠᠨ ᠲᠣᠯᠢᠯᠠᠬᠤ ᠵᠣᠷᠢᠯᠭ᠎ᠠ᠃    ᠪᠣᠯᠪᠠᠰᠤᠷᠠᠯ ᠤᠨ ᠬᠡᠯᠪᠡᠷᠢ ᠶᠢᠨ ᠰᠢᠨ᠎ᠡ ᠶᠢ ᠡᠭᠦᠳᠴᠦ᠂ ᠵᠢᠭᠠᠨ ᠰᠤᠷᠭᠠᠯᠲᠠ ᠬᠠᠷᠢᠯᠴᠠᠨ ᠳᠡᠭᠡᠭᠰᠢᠯᠡᠬᠦ ᠶᠢ ᠪᠡᠶᠡᠯᠡᠭᠦᠯᠦᠨ᠎ᠡ᠃ ᠲᠣᠰ ᠤᠳᠠᠭᠠᠨ ᠤ ᠪᠣᠯᠪᠠᠰᠤᠷᠠᠯ ᠤᠨ ᠠᠩᠭᠢ ᠳᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠦᠶ᠋ᠯᠡᠳᠦᠯᠭᠡ ᠬᠢᠭᠡᠳ ᠰᠡᠩᠬᠡᠷᠡᠭᠦᠯᠦᠯ︾ ᠭᠡᠬᠦ ᠵᠢᠱᠢᠶ᠎ᠡ ᠦᠵᠡᠭᠦᠯᠬᠦ ᠵᠢᠭᠠᠨ ᠰᠤᠷᠭᠠᠯᠲᠠ ᠶᠢᠨ ᠵᠢᠱᠢᠶ᠎ᠡ ᠦᠵᠡᠭᠦᠯᠬᠦ ᠬᠢᠴᠢᠶᠡᠯ ᠢ ᠨᠡᠭᠡᠭᠡᠪᠡ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠡᠭᠡᠵᠢᠩ ᠥᠪᠥᠷ ᠮᠣᠩᠭᠤᠯ ᠤᠨ ᠣᠳᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠶ᠋ᠯᠡᠰ ᠤᠨ ᠬᠦᠷᠢᠶᠡᠯᠡᠩ ᠤᠨ ᠲᠤᠬᠠᠶ ᠶᠢᠨ ᠲᠠᠯᠠᠪᠠᠢ ᠶᠢᠨ ᠵᠢᠭᠠᠨ ᠰᠤᠷᠭᠠᠯᠲᠠ ᠲᠠᠢ ᠨᠢᠭᠲᠠ ᠤᠶᠠᠯᠳᠤᠭᠤᠯᠤᠨ᠎ᠠ᠂ ᠰᠢᠩ ᠶᠣᠣ ᠪᠠᠯᠭᠠᠰᠤᠨ ᠤ ᠶᠦᠩ ᠾᠧ ᠲᠣᠰᠬᠤᠨ ᠤ ᠨᠠᠮ ᠤᠨ ᠡᠭᠦᠷ ᠢ ᠡᠯ᠎ᠡ ᠱᠠᠲᠤᠨ ᠤ ᠨᠠᠮ ᠤᠨ ᠬᠤᠷᠢᠶ᠎ᠠ ᠳᠤ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠶ᠋ᠯᠡᠳᠦᠯ ᠢ ᠭᠦᠶ᠋ᠴᠡᠳ ᠪᠠᠳᠠᠷᠠᠭᠤᠯᠬᠤ ᠬᠡᠷᠡᠭᠲᠡᠶ᠂ ︽ᠬᠡᠪᠴᠢᠶᠡᠵᠢᠭᠦᠯᠦᠨ ᠬᠥᠭᠵᠢᠭᠦᠯᠬᠦ︾ ᠶᠣᠰᠣᠭᠠᠷ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠳᠠᠭᠠᠭᠤᠯᠬᠤ᠂ ᠵᠢᠱᠢᠶ᠎ᠡ ᠦᠵᠡᠭᠦᠯᠦᠨ ᠳᠠᠶᠢᠴᠢᠯᠠᠬᠤ︾ ᠰᠡᠳᠬᠢᠴᠡ᠂ ᠠᠵᠤ ᠦᠶ᠋ᠯᠡᠰ ᠤᠨ ᠪᠦᠲᠦᠴᠡ ᠶᠢ ᠢᠳᠡᠪᠬᠢᠲᠡᠶ ᠲᠣᠬᠢᠷᠠᠭᠤᠯᠵᠤ ᠪᠣᠬᠢᠷᠲᠤᠯ ᠥᠬᠡᠶ ᠬᠥᠭᠵᠢᠯᠲᠡ ᠶᠢ ᠪᠡᠶᠡᠯᠡᠭᠦᠯᠬᠦ ᠠᠮᠢᠳᠤᠯᠢᠭ ᠪᠣᠳᠠᠲᠠᠶ ᠵᠢᠱᠢᠶ᠎ᠡ ᠪᠠᠷ ᠭᠠᠷᠳᠠᠴᠠ ᠪᠣᠯᠭᠠᠬᠤ ᠬᠡᠷᠡᠭᠲᠡᠶ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠦᠶ᠋ᠯᠡᠳᠦᠯᠭᠡ ᠶᠢᠨ ᠬᠡᠷᠡᠭ ᠤᠨ ᠵᠢᠱᠢᠶ᠎ᠡ ᠠᠴᠠ ᠡᠰᠢ ᠲᠠᠲᠠᠪᠠ᠂ ᠰᠢᠨᠵᠢᠯᠡᠬᠦ ᠤᠬᠠᠭᠠᠨ ᠮᠡᠷᠭᠡᠵᠢᠯ ᠤᠨ ᠳᠡᠮᠵᠢᠯᠭᠡ᠂ ᠭᠠᠵᠠᠷ ᠰᠢᠷᠣᠶ ᠶᠢᠨ ᠡᠷᠭᠢᠯᠲᠡ᠂ ᠣᠨᠴᠠᠯᠢᠭᠲᠤ ᠲᠠᠷᠢᠮᠠᠯ ᠳᠤᠮᠳᠠ ᠮᠠᠯᠴᠢᠨ ᠲᠠᠷᠢᠶᠠᠴᠢᠨ ᠡᠷᠦᠬᠡ ᠶᠢᠨ ᠣᠷᠣᠯᠭ᠎ᠠ ᠶᠢ ᠨᠡᠮᠡᠭᠳᠡᠭᠦᠯᠦᠨ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠳᠠᠲᠤ ᠦᠷ᠎ᠡ ᠪᠦᠲᠦᠮᠵᠢ ᠣᠯᠬᠤ ᠳᠡᠷᠭᠡᠳᠡᠬᠢ ᠤᠴᠢᠷ᠃ ᠰᠤᠷᠤᠭᠴᠢᠳ ᠳᠤᠭᠤᠶᠢᠯᠠᠩ ᠬᠤᠪᠢᠶᠠᠨ ᠬᠢᠴᠢᠶᠡᠯ ᠤᠨ ᠲᠠᠩᠬᠢᠮ ᠤᠨ ᠰᠤᠷᠤᠯᠴᠠᠯᠭ᠎ᠠ᠂ ᠲᠤᠬᠠᠶ ᠶᠢᠨ ᠲᠠᠯᠠᠪᠠᠶ ᠶᠢᠨ ᠦᠵᠡᠭᠦᠯᠦᠯᠭᠡ᠂ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠡᠷᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠶ᠋ᠯᠡᠰ ᠤᠨ ᠪᠦᠲᠦᠴᠡ ᠶᠢᠨ ᠲᠠᠰ ᠳᠡᠪᠰᠢᠬᠦ ᠳᠤ ᠬᠦᠴᠦᠨ ᠨᠡᠮᠡᠷᠢᠯᠡᠬᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠵᠡᠷᠭᠡ ᠲᠠᠯ᠎ᠠ ᠪᠠᠷ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠠᠵᠢᠯ ᠤᠨ ᠰᠡᠳᠬᠢᠴᠡ ᠪᠠᠨ ᠲᠣᠳᠣᠷᠬᠠᠶ ᠪᠣᠯᠭᠠᠵᠤ᠂ ᠠᠵᠢᠯ ᠤᠨ ᠴᠢᠭᠯᠡᠯ ᠢᠶᠠᠨ ᠲᠣᠳᠣᠷᠬᠠᠶᠢᠯᠠᠪᠠ᠃    ᠲᠣᠰ ᠤᠳᠠᠭᠠᠨ ᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠨᠢ ᠰᠢᠯᠢᠳᠡᠭ ᠡᠬᠢ ᠪᠠᠶᠠᠯᠢᠭ ᠢ ᠲᠥᠪᠯᠡᠷᠡᠭᠦᠯᠵᠦ᠂ ᠪᠣᠯᠪᠠᠰᠤᠷᠠᠯ ᠤᠨ ᠬᠡᠯᠪᠡᠷᠢ ᠶᠢᠨ ᠰᠢᠨ᠎ᠡ ᠶᠢ ᠡᠭᠦᠳᠴᠦ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠪᠣᠳᠠᠲᠤ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠳᠡᠭᠡᠭᠰᠢᠯᠡᠭᠦᠯᠪᠡ᠃ ᠰᠤᠷᠤᠯᠭᠠᠲᠠᠳ ᠥᠪᠡᠷ ᠤᠨ ᠠᠵᠢᠯ ᠪᠠ ᠪᠣᠯᠪᠠᠰᠤᠷᠠᠯ ᠤᠨ ᠰᠣᠷᠣᠭᠰᠠᠨ ᠠᠭᠤᠯᠭ᠎ᠠ ᠲᠠᠢ ᠪᠠᠨ ᠤᠶᠠᠯᠳᠤᠭᠤᠯᠤᠨ᠂ ᠬᠡᠷᠬᠢᠨ ᠳᠠᠪᠠᠭᠤᠯᠢᠭ ᠢᠶᠠᠨ ᠪᠠᠳᠠᠷᠠᠭᠤᠯᠬᠤ᠂ ᠵᠥᠷᠢᠶ᠎ᠡ ᠪᠠᠨ ᠡᠷᠢᠬᠦ᠂ ᠬᠥᠭᠵᠢᠯᠲᠡ ᠶᠢ ᠠᠬᠢᠭᠤᠯᠬᠤ ᠲᠠᠯ᠎ᠠ ᠪᠠᠷ᠂ ᠦᠵᠡᠯ ᠰᠠᠨᠠᠭ᠎ᠠ ᠪᠠᠨ ᠰᠣᠯᠢᠯᠴᠠᠬᠤ᠂ ᠦᠵᠡᠯᠲᠡ ᠪᠠᠨ ᠮᠥᠷᠭᠦᠯᠳᠦᠭᠦᠯᠬᠦ᠂ ᠬᠠᠷᠢᠯᠴᠠᠨ ᠰᠡᠩᠬᠡᠷᠡᠭᠦᠯᠬᠦ᠂ ᠲᠠᠨᠢᠯᠲᠠ ᠪᠠᠨ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠬᠤ ᠳᠤ ᠪᠠᠲᠤ ᠪᠠᠬᠢ ᠦᠵᠡᠯ ᠰᠠᠨᠠᠭ᠎ᠠ ᠣᠨᠣᠯ ᠤᠨ ᠰᠠᠭᠤᠷᠢ ᠶᠢ ᠲᠠᠯᠪᠢᠵᠤ ᠥᠭᠴᠡᠶ᠃
 
ᠢᠷᠡᠯᠲᠡ᠄ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠬᠠᠭᠤᠯᠬᠤ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号