ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠳᠡᠨᠢ ᠣᠳᠣᠬᠠᠨ ᠤ ᠭᠤᠤᠯᠳᠠᠯᠭ᠎ᠠ ᠲᠠᠢ ᠠᠵᠢᠯ ᠢ ᠪᠠᠢᠴᠠᠭᠠᠨ ᠰᠤᠳᠤᠯᠪᠠ᠃
ᠨᠡᠶᠢᠲᠡᠯᠡᠭᠰᠡᠨ ᠴᠠᠭ᠄
2024/8/2
 ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠳᠡᠨᠢ ᠣᠳᠣᠬᠠᠨ ᠤ ᠭᠤᠤᠯᠳᠠᠯᠭ᠎ᠠ ᠲᠠᠢ ᠠᠵᠢᠯ ᠢ ᠪᠠᠢᠴᠠᠭᠠᠨ ᠰᠤᠳᠤᠯᠪᠠ᠃    8 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠡᠷᠳᠡᠨᠢ ᠵᠡᠷᠭᠡ ᠬᠥᠮᠦᠰ ᠤᠷᠢᠳ ᠬᠤᠵᠢᠳ ᠨᠠᠰᠤᠲᠠᠶᠢᠴᠤᠳ ᠤᠨ ᠨᠡᠶᠢᠲᠡ ᠶᠢᠨ ᠪᠠᠶᠢᠷᠢ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠵᠦ᠂ ᠢ ᠬᠤᠤ ᠠᠭᠤᠷᠬᠠᠶ ᠶᠢᠨ ᠦᠶ᠋ᠯᠡᠰ ᠤᠨ ᠬᠢᠨ ᠨᠠᠰᠤᠵᠢᠯ ᠤᠨ ᠠᠰᠠᠷᠠᠮᠵᠢ ᠶᠢᠨ ᠦᠶ᠋ᠯᠡᠴᠢᠯᠡᠭᠡ᠂ ᠠᠵᠤ ᠠᠬᠤᠶᠢᠯᠠᠯ ᠤᠨ ᠠᠵᠢᠯᠯᠠᠭᠠᠨ᠂ ᠠᠶᠤᠯᠭᠦᠶ ᠦᠶ᠋ᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠵᠡᠷᠭᠡ ᠠᠵᠢᠯ ᠢ ᠪᠠᠶᠢᠴᠠᠭᠠᠨ ᠰᠤᠳᠤᠯᠪᠠ᠃    ᠡᠷᠳᠡᠨᠢ ᠵᠣᠯ ᠵᠢᠷᠭᠠᠯᠲᠤ ᠬᠡᠷ ᠣᠷᠣᠨ ᠤ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠠᠮᠢᠳᠤᠷᠠᠯ ᠤᠨ ᠣᠷᠴᠢᠨ ᠲᠣᠭᠤᠷᠢᠨ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠨᠠᠰᠤᠲᠠᠶᠢᠴᠤᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠠᠶᠢᠴᠠᠭᠠᠨ ᠦᠵᠡᠵᠦ᠂ ᠠᠵᠢᠯᠲᠠᠳ ᠲᠤ ᠨᠡᠶᠢᠲᠡ ᠶᠢᠨ ᠪᠠᠶᠢᠷᠢ ᠶᠢᠨ ᠬᠠᠮᠢᠶᠠᠷᠤᠯᠲᠠ ᠶᠢ ᠲᠠᠰᠤᠷᠠᠯᠲᠠ ᠥᠬᠡᠶ ᠵᠢᠷᠤᠮᠵᠢᠭᠤᠯᠵᠤ᠂ ᠦᠶ᠋ᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠡᠯ᠎ᠡ ᠵᠦᠶ᠋ᠯ ᠤᠨ ᠦᠶ᠋ᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠨᠠᠰᠤᠲᠠᠶᠢᠴᠤᠳ ᠢ ᠥᠲᠡᠯᠪᠡᠯ ᠠᠰᠠᠷᠠᠮᠵᠢ ᠲᠠᠢ᠂ ᠥᠲᠡᠯᠪᠡᠯ ᠲᠦᠰᠢᠭ ᠲᠤᠯᠭᠠᠭᠤᠷᠢ ᠲᠠᠢ᠂ ᠥᠲᠡᠯᠪᠡᠯ ᠪᠠᠶᠠᠷ ᠪᠠᠶᠠᠰᠤᠯ ᠲᠠᠢ᠂ ᠥᠲᠡᠯᠪᠡᠯ ᠠᠮᠤᠷ ᠲᠦᠪᠰᠢᠨ ᠪᠠᠶᠢᠯᠭᠠᠬᠤ ᠬᠡᠷᠡᠭᠲᠡᠶ ᠭᠡᠵᠦ ᠵᠠᠬᠢᠪᠠ᠃    ᠡᠷᠳᠡᠨᠢ ᠳᠤᠮᠳᠠ ᠵᠢᠵᠢᠭ ᠭᠤᠤᠯ ᠮᠥᠷᠡᠨ ᠢ ᠵᠠᠰᠠᠬᠤ ᠲᠥᠷᠥᠯ ᠵᠦᠶ᠋ᠯ᠂ ᠤᠰᠤᠨ ᠳᠤ ᠡᠪᠳᠡᠭᠳᠡᠭᠰᠡᠨ ᠵᠠᠮ ᠤᠨ ᠭᠠᠳᠠᠷᠭᠤ ᠶᠢᠨ ᠪᠠᠴᠢᠮ ᠪᠠᠶᠢᠳᠠᠯ ᠢ ᠠᠷᠭᠠᠴᠠᠬᠤ ᠪᠠᠷᠢᠯᠭ᠎ᠠ ᠶᠢᠨ ᠲᠤᠬᠠᠶ ᠶᠢᠨ ᠭᠠᠵᠠᠷ ᠲᠤ ᠭᠦᠨᠵᠡᠭᠡᠶᠢᠷᠡᠨ ᠪᠠᠷᠢᠯᠭ᠎ᠠ ᠶᠢᠨ ᠠᠬᠢᠴᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠦᠶᠡᠷ ᠢ ᠰᠡᠷᠭᠡᠶᠢᠯᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ᠂ ᠣᠳᠣᠬᠠᠨ ᠳᠤ ᠶᠠᠭ ︽ᠲᠤᠯᠤᠭᠠᠨ ᠰᠠᠷ᠎ᠠ ᠶᠢᠨ ᠰᠡᠭᠦᠯᠴᠢ ᠨᠠᠶ᠋ᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠠᠳ ᠪᠠᠶᠢᠨ᠎ᠠ᠂ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠠᠶᠤᠯ ᠲᠦᠭᠰᠢᠭᠦᠷᠢ ᠶᠢᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠳᠬᠠᠨ᠂ ᠲᠠᠶᠢᠪᠤᠰᠢᠷᠠᠬᠤ ᠪᠤᠳᠤᠯ᠂ ᠭᠤᠷᠢᠳᠠᠬᠤ ᠪᠣᠳᠣᠯ ᠢ ᠡᠷᠡᠰ ᠲᠡᠪᠴᠢᠵᠦ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠳᠬᠠᠨ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠦᠶᠡᠷ ᠢ ᠰᠡᠷᠭᠡᠶᠢᠯᠡᠬᠦ ᠡᠯ᠎ᠡ ᠵᠦᠶ᠋ᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠡᠷᠳᠡᠨᠢ ᠢ ᠬᠤᠤ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠠᠵᠤ ᠠᠬᠤᠶᠢᠯᠠᠯ ᠤᠨ ᠭᠠᠷᠳᠠᠮ ᠢ ᠭᠦᠢᠴᠡᠳᠬᠡᠬᠦ᠂ ᠲᠦᠷᠦᠯ ᠵᠦᠢᠯ ᠢ ᠲᠥᠯᠥᠪᠵᠢᠭᠦᠯᠬᠦ᠂ ᠦᠢᠯᠡᠳᠪᠦᠷᠢᠯᠡᠯ ᠡᠵᠡᠩᠨᠡᠯᠲᠡ ᠵᠢᠴᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠤᠬᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠨᠠᠷᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ᠂ ᠠᠵᠤ ᠠᠬᠤᠶᠢᠯᠠᠯ ᠤᠨ ︽ᠳᠡᠯᠭᠡᠭᠦᠷ ᠤᠨ ᠬᠤᠶᠠᠳᠤᠭᠠᠷ︾ ᠪᠣᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠶ᠋ᠳᠪᠦᠷᠢᠯᠡᠵᠦ ᠥᠭᠬᠦ᠂ ᠡᠵᠡᠩᠨᠡᠯᠲᠡ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠬᠦ᠂ ᠦᠶ᠋ᠯᠡᠳᠪᠦᠷᠢᠯᠡᠯ ᠤᠨ ᠴᠢᠬᠤᠯᠠ ᠡᠯᠧᠮᠧᠨ᠋ᠲ ᠢ ᠵᠣᠬᠢᠴᠠᠭᠤᠯᠤᠨ ᠪᠠᠲᠤᠯᠠᠬᠤ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠳᠤ ᠦᠨᠡᠨ ᠬᠦ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠶ᠋ᠳᠪᠦᠷᠢᠯᠡᠨ ᠥᠭᠴᠦ᠂ ᠳᠠᠷᠤᠭᠠᠰᠤ ᠶᠢ ᠨᠢ ᠬᠥᠩᠭᠡᠷᠡᠭᠦᠯᠵᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠵᠦ᠂ ᠠᠵᠤ ᠠᠬᠤᠶᠢᠯᠠᠯ ᠳᠤ ᠦᠨᠡᠨ ᠪᠣᠳᠠᠲᠠᠶ ᠬᠦᠷᠲᠡᠮᠵᠢ ᠶᠢᠨ ᠲᠥᠷᠥᠭᠳᠡᠯ ᠣᠯᠭᠤᠬᠤ ᠬᠡᠷᠡᠭᠲᠡᠶ ᠭᠡᠵᠦ ᠴᠢᠬᠤᠯᠠᠴᠢᠯᠠᠪᠠ᠃ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠬᠥᠪᠴᠢ ᠪᠠᠨ ᠴᠠᠭ ᠢᠮᠠᠭᠲᠠ ᠴᠢᠩᠭᠠᠯᠠᠵᠤ᠂ ᠠᠶᠤᠯᠭᠦᠢ ᠦᠢᠯᠡᠳᠪᠦᠷᠢᠯᠡᠯ ᠤᠨ ᠶᠠᠪᠤᠴᠠ ᠶᠢ ᠴᠢᠨᠠᠭᠰᠢᠳᠠ ᠵᠢᠷᠤᠮᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠪᠠᠶᠢᠩᠭᠤ ᠥᠷᠨᠢᠭᠦᠯᠵᠦ᠂ ᠠᠮᠤᠷ ᠲᠦᠪᠰᠢᠨ ᠤ ᠭᠡᠮ ᠰᠣᠭᠤᠭ ᠤᠨ ᠴᠡᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠵᠢᠯᠳᠠᠨ ᠠᠵᠢᠯᠴᠢᠨ ᠤ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠯᠢ ᠳ᠋ᠦᠩ ᠯᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠯᠢᠦ ᡁᠢ ᠡᠤ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠵᠠᠩ ᠠᠶ ᠯᠦᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠬᠠᠭᠤᠯᠬᠤ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号