ᠪᠦᠭᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠠᠪᠤᠭᠳᠠᠪᠠ ᠵᠧᠩ ᠭᠤᠸᠠᠩ ᠵᠤᠤ ᠶᠠᠩ ᠽᠥᠩ ᠷᠧᠨ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠴᠠᠢ
ᠨᠡᠶᠢᠲᠡᠯᠡᠭᠰᠡᠨ ᠴᠠᠭ᠄
2024/8/20
    8 ᠰᠠᠷ᠎ᠠ ᠶᠢᠨ 14᠎ ᠠᠴᠠ 16᠎ ᠤ ᠡᠳᠦᠷ ᠪᠤᠯᠲᠠᠯ᠎ᠠ᠂ ᠪᠦᠭᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠭᠦᠭᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠥᠩ ᠷᠧᠨ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠪᠠ᠃    ᠲᠣᠰ ᠤᠳᠠᠭ᠎ᠠ ᠶᠢᠨ ᠪᠣᠯᠪᠠᠰᠤᠷᠠᠯ ᠨᠢ ︽ᠵᠠᠩᠭᠢᠯᠠᠭ᠎ᠠ ᠶᠢᠨ ᠴᠥᠭᠡᠨ ᠲᠣᠭᠠᠲᠠᠨ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤ ᠢᠲᠡᠭᠡᠵᠦ ᠦᠢᠯᠡᠳᠦᠯᠭᠡᠵᠢᠭᠦᠯᠦᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠨᠠᠷᠢᠨ ᠪᠤᠳᠤᠯᠢᠶᠠᠨᠲᠠᠢ ᠲᠡᠮᠡᠴᠡᠯ ᠢ ᠠᠷᠭᠠᠴᠠᠭᠠᠬᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠥᠪᠥᠷ ᠮᠣᠩᠭᠤᠯ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号