ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/8/20
    8 ᠰᠠᠷ᠎ᠠ ᠶᠢᠨ 16᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ ᠤ ᠣᠷᠣᠨ ᠤ ᠬᠠᠮᠢᠶ᠎ᠠ ᠪᠦᠬᠦᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠰᠣᠶᠣᠯ ᠪᠠ ᠪᠠᠶᠢᠭᠠᠯᠢ ᠶᠢᠨ ᠥᠪ ᠤᠨ ᠬᠠᠮᠠᠭᠠᠯᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠂ ᠬᠡᠷᠡᠭᠵᠢᠭᠦᠯᠦᠯᠲᠡ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠰᠣᠶᠣᠯ ᠪᠠ ᠪᠠᠶᠢᠭᠠᠯᠢ ᠶᠢᠨ ᠥᠪ ᠢ ᠵᠦᠢ ᠵᠣᠬᠢᠰᠲᠠᠢ ᠨᠡᠭᠡᠭᠡᠨ ᠠᠰᠢᠭᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠬᠠᠮᠠᠭᠠᠯᠠᠬᠤ ᠶᠢᠨ ᠳᠠᠭᠠᠤ ᠬᠥᠭᠵᠢᠭᠦᠯᠵᠦ᠂ ᠬᠥᠭᠵᠢᠭᠦᠯᠬᠦ ᠶᠢᠨ ᠳᠠᠭᠠᠤ ᠬᠠᠮᠠᠭᠠᠯᠠᠬᠤ ᠬᠡᠷᠡᠭᠲᠡᠢ᠃ ︽ᠪᠠᠳᠠᠢ ᠶᠢᠨ ᠵᠢᠷᠠᠨ ᠤ ᠡᠯᠡᠰᠦ — ᠡᠯᠡᠰᠦᠨ ᠴᠣᠬᠢᠶ᠎ᠠ ᠨᠠᠭᠤᠷ ᠪᠦᠷᠢᠳᠦ ᠶᠢᠨ ᠪᠦᠯᠦᠭᠵᠢᠯ︾᠎ ᠤᠨ ᠳᠡᠯᠡᠬᠡᠢ ᠶᠢᠨ ᠥᠪ ᠢᠶᠠᠷ ᠪᠦᠷᠢᠳᠬᠡᠭᠦᠯᠦᠭᠰᠡᠨ ᠲᠤᠷᠰᠢᠯᠭ᠎ᠠ ᠶᠢ ᠳ᠋ᠦᠩᠨᠡᠬᠦ ᠪᠠ ᠵᠠᠯᠭᠠᠮᠵᠢ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠪᠠᠳᠠᠢ ᠶᠢᠨ ᠵᠢᠷᠠᠨ ᠤ ᠤᠯᠤᠰ ᠤᠨ ᠴᠡᠴᠡᠷᠯᠢᠭ ᠢ ᠪᠠᠶᠢᠭᠤᠯᠬᠤ ᠪᠠᠷ ᠭᠤᠶᠤᠴᠢᠯᠠᠬᠤ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠢ᠃ ᠳᠡᠯᠡᠬᠡᠢ ᠶᠢᠨ ᠥᠪ ᠢᠶᠠᠷ ᠠᠮᠵᠢᠯᠲᠠ ᠲᠠᠢ ᠪᠦᠷᠢᠳᠬᠡᠭᠦᠯᠦᠭᠰᠡᠨ ᠶᠠᠪᠤᠳᠠᠯ ᠢᠶᠠᠷ ᠠᠵᠠ ᠲᠣᠭᠢᠶᠠᠯ ᠪᠣᠯᠭᠠᠨ᠂ ᠮᠠᠨ ᠤ ᠣᠷᠣᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠣᠨ ᠪᠠᠶᠢᠭᠠᠯᠢ ᠶᠢᠨ ᠥᠪ ᠢ ᠬᠠᠮᠠᠭᠠᠯᠠᠭᠰᠠᠨ ᠦᠷ᠎ᠡ ᠪᠦᠲᠦᠮᠵᠢ ᠶᠢ ᠶᠡᠭᠡ ᠪᠠᠷ ᠤᠬᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠳᠠᠬᠢ ᠥᠪᠥᠷ ᠮᠣᠩᠭᠤᠯ ᠤᠨ ᠠᠯᠳᠠᠷᠰᠢᠯ ᠤᠨ ᠬᠡᠮᠵᠢᠶ᠎ᠡ᠂ ᠰᠠᠶᠢᠬᠠᠨ ᠨᠡᠷ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠢᠩᠪᠦ᠋ᠸᠧ ᠨᠤᠲᠤᠭ ᠲᠠᠢ ᠰᠢᠶᠠᠩᠭᠠᠩ ᠤᠨ ᠠᠵᠤ ᠠᠬᠤᠶᠢᠯᠠᠯᠲᠠᠨ ᠳᠤ ᠥᠭᠭᠦᠭᠰᠡᠨ ᠬᠠᠷᠢᠭᠤ ᠵᠠᠬᠢᠳᠠᠯ᠂ ᠬᠤᠪᠧᠢ ᠶᠢᠨ ᠱᠢ ᠶᠠᠨ ᠤ ᠳ᠋ᠠᠨ ᠵᠢᠶᠠᠩ ᠺᠧᠦ ᠴᠥᠭᠦᠷᠥᠮ ᠤᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷᠠᠴᠤᠳ ᠲᠤ ᠥᠭᠭᠦᠭᠰᠡᠨ ᠬᠠᠷᠢᠭᠤ ᠵᠠᠬᠢᠳᠠᠯ ᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠥᠪᠥᠷ ᠮᠣᠩᠭᠤᠯ ᠤᠨ ᠠᠷᠠᠯᠵᠢᠶᠠᠴᠢᠳ ᠲᠠᠢ ᠬᠠᠷᠢᠯᠴᠠᠵᠤ ᠲᠡᠳᠡᠨ ᠳᠤ ᠦᠢᠯᠡᠴᠢᠯᠡᠬᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷᠠᠴᠤᠳ ᠤᠨ ᠡᠩᠨᠡᠭᠡ ᠶᠢᠨ ᠦᠢᠯᠡᠳᠦᠯ ᠢ ᠪᠠᠳᠠᠷᠠᠭᠤᠯᠬᠤ ᠲᠤᠬᠠᠢ ᠱᠠᠭᠠᠷᠳᠠᠯᠭ᠎ᠠ ᠳᠤᠷᠠᠳᠪᠠ᠃    ᠬᠤᠷᠠᠯ ᠠᠴᠠ ︽ᠨᠡᠶᠢᠭᠡᠮ ᠲᠣᠭᠤᠷᠢᠭ ᠤᠨ ᠠᠵᠢᠯᠲᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠬᠢᠨᠠᠨ ᠵᠥᠪᠯᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号