ᠲᠦᠷᠦᠭᠦᠤ 7 ᠰᠠᠷ᠎ᠠ ᠳᠤ ᠥᠪᠥᠷ ᠮᠣᠩᠭᠤᠯ ᠤᠨ ᠡᠨᠧᠷᠭᠢ ᠶᠢᠨ ᠠᠵᠤ ᠦᠢᠯᠡᠳᠪᠦᠷᠢ ᠶᠢᠨ ᠣᠯᠠᠨ ᠵᠦᠢᠯ ᠤᠨ ᠭᠦᠢᠴᠡᠳᠬᠡᠯ ᠲᠤᠭ᠎ᠠ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ
ᠨᠡᠶᠢᠲᠡᠯᠡᠭᠰᠡᠨ ᠴᠠᠭ᠄
2024/8/20
    ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠠᠴᠠ ᠣᠶᠢᠯᠠᠭᠠᠭᠰᠠᠨ ᠢᠶᠠᠷ᠄ 2024 ᠣᠨ ᠤ 1 — 7 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠶ ᠨᠡᠭᠦᠷᠡᠰᠦᠨ ᠤ ᠭᠠᠷᠤᠯᠲᠠ᠂ ᠴᠠᠬᠢᠯᠭᠠᠨ ᠭᠠᠷᠭᠠᠭᠰᠠᠨ ᠬᠡᠮᠵᠢᠶ᠎ᠡ ᠨᠢ ᠪᠥᠬᠦ ᠤᠯᠤᠰ ᠲᠠᠬᠢ ᠨᠢᠭᠡᠳᠦᠭᠡᠷ ᠪᠠᠶᠢᠷᠢ ᠪᠠᠨ ᠪᠠᠲᠤᠯᠠᠵᠤ᠂ ᠬᠡᠪᠴᠢᠶᠡᠵᠢᠯ ᠠᠴᠠ ᠳᠡᠭᠡᠭᠰᠢᠬᠢ ᠡᠨᠧᠷᠭᠢ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠣᠯᠠᠨ ᠵᠦᠢᠯ ᠤᠨ ᠭᠦᠢᠴᠡᠳᠭᠡᠯ ᠲᠤᠭ᠎ᠠ ᠨᠢ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃    ᠲᠦᠭᠦᠬᠡᠶ ᠨᠡᠭᠦᠷᠡᠰᠦᠨ ᠤ ᠦᠢᠯᠡᠳᠪᠦᠷᠢᠯᠡᠯ ᠠᠴᠠ ᠦᠵᠡᠪᠡᠯ᠂ ᠡᠨᠡ ᠵᠢᠯ ᠤᠨ 1 — 7 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠶ ᠨᠡᠭᠦᠷᠡᠰᠦᠨ ᠤ ᠭᠠᠷᠤᠯᠲᠠ ᠨᠢ 7.38 ᠳ᠋ᠦᠩᠰᠢᠭᠤᠷ ᠲᠣᠨ ᠪᠠᠶᠢᠵᠤ᠂ ᠪᠥᠬᠦ ᠤᠯᠤᠰ ᠤᠨ ᠲᠡᠷᠢᠭᠦᠨ ᠳᠤ ᠣᠷᠣᠪᠠ︔ ᠲᠦᠭᠦᠬᠡᠶ ᠨᠡᠭᠦᠷᠡᠰᠦᠨ ᠤ ᠭᠠᠷᠤᠯᠲᠠ ᠨᠢ ᠠᠳᠠᠯᠢ ᠬᠤᠭᠤᠴᠠᠭᠠᠨ ᠤ ᠬᠢ ᠠᠴᠠ ᠪᠠᠨ 4.2%᠎ ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠬᠢ ᠠᠴᠠ ᠪᠠᠨ 0.4 ᠵᠠᠭᠤᠨ ᠤ ᠴᠡᠭ ᠲᠦᠷᠭᠡᠳᠪᠡ᠃ ᠡᠭᠦᠨ ᠳᠤ᠂ 7 ᠳ᠋ᠤᠭᠠᠷ ᠰᠠᠷ᠎ᠠ ᠳᠤ ᠲᠦᠭᠦᠬᠡᠶ ᠨᠡᠭᠦᠷᠡᠰᠦᠨ ᠤ ᠭᠠᠷᠤᠯᠲᠠ ᠨᠢ 1.04 ᠳ᠋ᠦᠩᠰᠢᠭᠤᠷ ᠲᠣᠨ ︵ᠠᠳᠠᠯᠢ ᠬᠤᠭᠤᠴᠠᠭᠠᠨ ᠤ ᠬᠢ ᠠᠴᠠ ᠪᠠᠨ 6.7%᠎ ᠪᠠᠷ ᠨᠡᠮᠡᠭᠳᠡᠪᠡ︶ ᠪᠠᠶᠢᠵᠤ᠂ 5 ᠰᠠᠷ᠎ᠠ ᠳᠠᠷᠠᠭᠠᠯᠠᠨ ᠳ᠋ᠦᠩᠰᠢᠭᠤᠷ ᠲᠣᠨ ᠠᠴᠠ ᠳᠡᠭᠡᠭᠰᠢ ᠪᠠᠶᠢᠬᠤ ᠶᠢ ᠪᠠᠲᠤᠯᠠᠪᠠ᠃    ᠭᠤᠣᠯ ᠭᠠᠷᠤᠯᠲᠠ ᠶᠢᠨ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ ᠠᠴᠠ ᠦᠵᠡᠪᠡᠯ᠂ ᠡᠨᠡ ᠵᠢᠯ ᠤᠨ 1 — 7 ᠳ᠋ᠤᠭᠠᠷ ᠰᠠᠷ᠎ᠠ ᠳᠤ᠂ ᠣᠷᠳᠣᠰ ᠬᠤᠲᠠ ᠶᠢᠨ ᠲᠦᠭᠦᠬᠡᠶ ᠨᠡᠭᠦᠷᠡᠰᠦᠨ ᠤ ᠭᠠᠷᠤᠯᠲᠠ ᠨᠢ 5.1 ᠳ᠋ᠦᠩᠰᠢᠭᠤᠷ ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 4.7%᠎ ᠪᠠᠷ ᠨᠡᠮᠡᠭᠳᠡᠨ᠂ ᠪᠥᠬᠦ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠢ 3.2 ᠵᠠᠭᠤᠨ ᠤ ᠴᠡᠭ ᠳᠠᠶᠢᠴᠢᠯᠠᠪᠠ︔ ᠰᠢᠯᠢ ᠶᠢᠨ ᠭᠤᠣᠯ ᠠᠶᠢᠮᠠᠭ ᠤᠨ ᠲᠦᠭᠦᠬᠡᠶ ᠨᠡᠭᠦᠷᠡᠰᠦᠨ ᠤ ᠭᠠᠷᠤᠯᠲᠠ ᠨᠢ 0.8 ᠳ᠋ᠦᠩᠰᠢᠭᠤᠷ ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 8.5%᠎ ᠪᠠᠷ ᠨᠡᠮᠡᠭᠳᠡᠨ᠂ ᠪᠥᠬᠦ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠢ 0.9 ᠵᠠᠭᠤᠨ ᠤ ᠴᠡᠭ ᠳᠠᠶᠢᠴᠢᠯᠠᠪᠠ᠃ ᠬᠤᠶᠠᠷ ᠠᠶᠢᠮᠠᠭ ᠬᠤᠲᠠ ᠶᠢᠨ ᠲᠦᠭᠦᠬᠡᠶ ᠨᠡᠭᠦᠷᠡᠰᠦᠨ ᠤ ᠭᠠᠷᠤᠯᠲᠠ ᠨᠡᠶᠢᠯᠡᠭᠡᠳ ᠪᠦᠬᠦ ᠣᠷᠣᠨ ᠤ 80%᠎ ᠠᠴᠠ ᠳᠡᠭᠡᠭᠰᠢᠬᠢ ᠶᠢ ᠡᠵᠡᠯᠡᠭᠰᠡᠨ ᠪᠠᠶᠢᠨ᠎ᠠ᠃    ᠴᠠᠬᠢᠯᠭᠠᠨ ᠭᠠᠷᠭᠠᠭᠰᠠᠨ ᠬᠡᠮᠵᠢᠶ᠎ᠡ ᠠᠴᠠ ᠦᠵᠡᠪᠡᠯ᠂ ᠡᠨᠡ ᠵᠢᠯ ᠤᠨ 1 — 7 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ ᠨᠢ 4620.1 ᠳ᠋ᠦᠩᠰᠢᠭᠤᠷ ᠺᠢᠯᠣᠸᠠᠲ ᠴᠠᠭ ᠪᠠᠶᠢᠵᠤ᠂ ᠪᠥᠬᠦ ᠤᠯᠤᠰ ᠤᠨ ᠲᠡᠷᠢᠭᠦᠨ ᠳᠤ ᠣᠷᠣᠵᠤ᠂ ᠠᠳᠠᠯᠢ ᠬᠤᠭᠤᠴᠠᠭᠠᠨ ᠤ ᠬᠢ ᠠᠴᠠ ᠪᠠᠨ 10.9%᠎ ᠪᠠᠷ ᠨᠡᠮᠡᠭᠳᠡᠪᠡ᠃ ᠡᠭᠦᠨ ᠳᠤ᠂ 7 ᠳ᠋ᠤᠭᠠᠷ ᠰᠠᠷ᠎ᠠ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 716.1 ᠳ᠋ᠦᠩᠰᠢᠭᠤᠷ ᠺᠢᠯᠣᠸᠠᠲ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 6.3%᠎ ᠪᠠᠷ ᠨᠡᠮᠡᠭᠳᠡᠪᠡ᠃    ᠭᠤᠣᠯ ᠪᠣᠯᠬᠤ ᠴᠠᠬᠢᠯᠭᠠᠨ ᠭᠠᠷᠭᠠᠭᠰᠠᠨ ᠲᠥᠷᠥᠯ ᠵᠦᠢᠯ ᠠᠴᠠ ᠦᠵᠡᠪᠡᠯ᠂ ᠡᠨᠡ ᠵᠢᠯ ᠤᠨ 1 — 7 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ ᠨᠢ 3540.4 ᠳ᠋ᠦᠩᠰᠢᠭᠤᠷ ᠺᠢᠯᠣᠸᠠᠲ ᠴᠠᠭ ︵ᠠᠳᠠᠯᠢ ᠬᠤᠭᠤᠴᠠᠭᠠᠨ ᠤ ᠬᠢ ᠠᠴᠠ ᠪᠠᠨ 8.5%᠎ ᠪᠠᠷ ᠨᠡᠮᠡᠭᠳᠡᠪᠡ︶ ᠪᠠᠶᠢᠵᠤ᠂ ᠪᠦᠬᠦ ᠤᠯᠤᠰ ᠤᠨ ᠨᠢᠭᠡᠳᠦᠭᠡᠷ ᠲᠤ ᠣᠷᠣᠪᠠ︔ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ ᠨᠢ 877.3 ᠳ᠋ᠦᠩᠰᠢᠭᠤᠷ ᠺᠢᠯᠣᠸᠠᠲ ᠴᠠᠭ ︵ᠠᠳᠠᠯᠢ ᠬᠤᠭᠤᠴᠠᠭᠠᠨ ᠤ ᠬᠢ ᠠᠴᠠ ᠪᠠᠨ 15.7%᠎ ᠪᠠᠷ ᠨᠡᠮᠡᠭᠳᠡᠪᠡ︶ ᠪᠠᠶᠢᠵᠤ᠂ ᠪᠦᠬᠦ ᠤᠯᠤᠰ ᠤᠨ ᠨᠢᠭᠡᠳᠦᠭᠡᠷ ᠲᠤ ᠣᠷᠣᠪᠠ︔ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ ᠨᠢ 176.5 ᠳ᠋ᠦᠩᠰᠢᠭᠤᠷ ᠺᠢᠯᠣᠸᠠᠲ ᠴᠠᠭ ︵ᠠᠳᠠᠯᠢ ᠬᠤᠭᠤᠴᠠᠭᠠᠨ ᠤ ᠬᠢ ᠠᠴᠠ ᠪᠠᠨ 42.8%᠎ ᠪᠠᠷ ᠨᠡᠮᠡᠭᠳᠡᠪᠡ︶ ᠪᠠᠶᠢᠵᠤ᠂ ᠪᠥᠬᠦ ᠤᠯᠤᠰ ᠤᠨ ᠬᠤᠶᠠᠳᠤᠭᠠᠷ ᠲᠤ ᠣᠷᠣᠪᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号