ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠡᠢ ᠰᠦᠨ ᠱᠤᠤ ᠴᠧᠩ ᠬᠠᠮᠲᠤ ᠶᠢᠨ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ ᠸᠠᠩ ᠯᠢ ᠰᠢᠶᠠ ᠣᠷᠣᠯᠴᠠᠪᠠ
ᠨᠡᠶᠢᠲᠡᠯᠡᠭᠰᠡᠨ ᠴᠠᠭ᠄
2024/8/20
    8 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ  ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠠᠮᠲᠤ ᠶᠢᠨ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠳᠡᠭᠡᠷ᠎ᠡ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃    ᠰᠦᠨ ᠱᠤᠤ ᠴᠧᠩ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠬᠢᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠦᠢᠯᠡᠳᠦᠯᠭᠡ ᠶᠢᠨ ᠦᠷᠭᠦᠯᠵᠢᠯᠡᠯ ᠪᠤᠯᠬᠤ ᠪᠥᠭᠡᠳ ᠪᠠᠰᠠ ᠰᠢᠨ᠎ᠡ ᠴᠠᠭ ᠦᠶ᠎ᠡ ᠰᠢᠨ᠎ᠡ ᠠᠶᠠᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠠᠭ ᠦᠶ᠎ᠡ ᠶᠢᠨ ᠰᠢᠨ᠎ᠡ ᠬᠠᠭᠤᠳᠠᠰᠤ ᠪᠣᠯᠣᠨ᠎ᠠ᠃ ᠪᠢᠳᠡ ᠪᠠᠶᠢᠯᠳᠤᠬᠤ ᠪᠣᠳᠣᠯᠭ᠎ᠠ ᠪᠠ ᠪᠦᠭᠦ ᠲᠠᠯ᠎ᠠ ᠶᠢᠨ ᠥᠨᠳᠥᠷᠴᠡ ᠠᠴᠠ ᠨᠠᠮ ᠤᠨ ᠲᠥᠪ ᠬᠤᠷᠢᠶ᠎ᠠ ᠶᠢᠨ ᠥᠭᠡᠷᠡᠴᠢᠯᠡᠯᠲᠡ ᠶᠢᠨ ᠵᠣᠷᠢᠯᠲᠠ ᠶᠢ ᠰᠠᠶᠢᠲᠤᠷ ᠣᠶᠢᠯᠠᠭᠠᠵᠤ᠂ ︽ᠶᠠᠭᠤᠨ ᠳᠤ ᠥᠭᠡᠷᠡᠴᠢᠯᠡᠯᠲᠡ ᠬᠢᠬᠦ︾ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠠᠮᠢᠵᠢᠷᠠᠯ ᠤᠨ ᠬᠦᠴᠦᠨ ᠬᠥᠳᠡᠯᠭᠡᠬᠦ ᠬᠦᠴᠦᠨ ᠢ ᠬᠥᠭᠵᠢᠭᠡᠵᠦ᠂ ᠡᠬᠡ ᠤᠯᠤᠰ ᠤᠨ ᠤᠮᠠᠷᠠᠲᠤ ᠶᠢᠨ ᠨᠡᠩ ᠦᠵᠡᠰᠬᠦᠯᠡᠩᠲᠦ ᠰᠠᠶᠢᠬᠠᠨ ᠦᠵᠡᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠦᠮᠡᠨ ᠦᠵᠡᠮᠵᠢ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃    ᠰᠦᠨ ᠱᠤᠤ ᠴᠧᠩ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠡᠷᠬᠡᠪᠰᠢ ︽ᠶᠠᠭᠤ ᠶᠢ ᠥᠭᠡᠷᠡᠴᠢᠯᠡᠬᠦ︾ ᠲᠠᠯ᠎ᠠ ᠪᠠᠷ ᠬᠦᠴᠦᠯᠡᠬᠦ ᠴᠡᠭ ᠢ ᠣᠨᠣᠪᠴᠢᠲᠠᠢ ᠡᠷᠢᠨ ᠣᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠪᠠᠨ ᠥᠭᠡᠷᠡᠴᠢᠯᠡᠬᠦ᠂ ᠪᠠᠶᠢᠷᠢᠰᠢᠭᠤᠯᠤᠯᠲᠠ ᠪᠠᠨ ᠥᠭᠡᠷᠡᠴᠢᠯᠡᠬᠦ᠂ ᠰᠤᠷᠲᠠᠯ ᠢᠶᠠᠨ ᠰᠠᠶᠢᠵᠢᠷᠠᠭᠤᠯᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠬᠤᠷᠢᠭ᠎ᠠ ᠴᠡᠭ ᠲᠦᠭᠵᠢᠷᠡᠯ ᠤᠨ ᠴᠡᠭ ᠢ ᠲᠥᠪᠯᠡᠷᠡᠭᠦᠯᠦᠨ ᠰᠢᠪᠲᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠪᠤᠶᠢᠮ᠎ᠠ ᠠᠰᠠᠭᠤᠳᠠᠯ ᠢ ᠥᠩᠭᠡᠨ ᠲᠠᠯ᠎ᠠ ᠪᠠ ᠦᠨᠳᠦᠰᠦ ᠠᠴᠠ ᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠬᠠᠭᠤᠴᠢᠨ ᠰᠡᠳᠬᠢᠬᠦᠢ ᠶᠢᠨ ᠬᠠᠨᠳᠤᠰᠢ ᠶᠢ ᠡᠪᠳᠡᠵᠦ᠂ ᠪᠦᠲᠦᠮᠵᠢᠲᠡᠢ ᠤᠷᠮᠠᠰᠢᠭᠤᠯᠵᠤ᠂ ᠬᠦᠴᠦᠲᠡᠢ ᠬᠢᠵᠠᠭᠠᠷᠯᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠨ ᠠᠵᠤ ᠠᠬᠤᠢ ᠶᠢᠨ ᠬᠥᠭᠵᠢᠯᠲᠡ ᠶᠢᠨ ᠬᠡᠮᠵᠢᠶ᠎ᠡ᠂ ᠨᠡᠶᠢᠭᠡᠮ ᠤᠨ ᠵᠠᠰᠠᠯᠲᠠ ᠶᠢᠨ ᠲᠦᠪᠰᠢᠨ᠂ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠠᠵᠤ ᠦᠢᠯᠡᠰ᠂ ᠬᠥᠮᠥᠨ ᠠᠮᠠ᠂ ᠰᠠᠭᠤᠷᠢ ᠲᠥᠬᠦᠭᠡᠷᠦᠮᠵᠢ ᠵᠡᠷᠭᠡ ᠶᠢᠨ ᠪᠠᠶᠢᠷᠢᠰᠢᠭᠤᠯᠤᠯᠲᠠ ᠶᠢ ᠤᠯᠠᠮ ᠰᠢᠯᠢᠳᠡᠭᠵᠢᠭᠦᠯᠵᠦ᠂ ᠭᠡᠯᠪᠡᠷᠢ ᠶᠢ ᠬᠤᠪᠢᠷᠠᠭᠤᠯᠬᠤ᠂ ᠪᠦᠲᠦᠴᠡ ᠳᠤ ᠲᠣᠬᠢᠷᠠᠭᠤᠯᠤᠯᠲᠠ ᠬᠢᠬᠦ ᠶᠢ ᠲᠦᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠶᠢᠨ ᠣᠷᠴᠢᠯ ᠢ ᠪᠦᠷᠢᠯᠳᠦᠭᠦᠯᠬᠦ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠦᠷᠭᠦᠯᠵᠢᠯᠡᠨ ᠵᠠᠯᠠᠷᠠᠭᠤᠯᠵᠤ᠂ ︽ᠤᠳᠠᠭᠠᠨ ᠪᠦᠳᠦᠭᠦᠯᠢᠭ ᠬᠡᠶᠢᠰᠪᠦᠷᠢ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠵᠣᠬᠢᠶᠠᠯ ᠤᠨ ᠰᠤᠷᠲᠠᠯ ᠬᠤᠷᠠᠯ ᠤᠨ ᠰᠤᠷᠲᠠᠯ ᠢ ᠰᠠᠶᠢᠵᠢᠷᠠᠭᠤᠯᠬᠤ ᠶᠢ ᠠᠬᠢᠭᠤᠯᠵᠤ᠂ ᠰᠤᠷᠲᠠᠯ ᠢ ᠬᠤᠪᠢᠷᠠᠭᠤᠯᠬᠤ᠂ ᠰᠢᠨ᠎ᠡ ᠰᠤᠷᠲᠠᠯ ᠢ ᠪᠤᠢ ᠪᠤᠯᠭᠠᠬᠤ ᠲᠠᠯ᠎ᠠ ᠪᠠᠷ ᠨᠡᠩ ᠶᠡᠭᠡ ᠦᠷ᠎ᠡ ᠪᠦᠲᠦᠮᠵᠢ ᠣᠯᠬᠤ ᠬᠡᠷᠡᠭᠲᠡᠢ ᠭᠡᠪᠡ᠃    ᠰᠦᠨ ᠱᠤᠤ ᠴᠧᠩ᠂ ︽ᠶᠠᠭᠠᠬᠢᠵᠤ ᠥᠭᠡᠷᠡᠴᠢᠯᠡᠬᠦ︾ ᠳᠡᠭᠡᠷ᠎ᠡ ᠢᠯᠡᠭᠦᠬᠡᠨ ᠪᠣᠳᠠᠲᠠᠢ ᠠᠷᠭ᠎ᠠ ᠪᠤᠳᠤᠵᠤ ᠢᠯᠡᠭᠦᠬᠡᠨ ᠰᠦᠪᠡᠭᠴᠢᠯᠡᠬᠦ ᠬᠡᠷᠡᠭᠲᠡᠢ᠃ ᠥᠭᠡᠷᠡᠴᠢᠯᠡᠯᠲᠡ ᠪᠣᠯ ᠮᠥᠨ ᠴᠢᠨᠠᠷ ᠳᠡᠭᠡᠷ᠎ᠡ ᠪᠠᠨ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠠᠪᠤᠳᠠᠯ ᠮᠥᠨ᠂ ᠺᠠᠳ᠋ᠷ ᠤᠯᠠᠨ ᠲᠦᠮᠡᠨ ᠤ ᠢᠯᠡᠭᠦᠬᠡᠨ ︽ᠰᠢᠨ᠎ᠡ ᠰᠡᠪᠡᠭᠦᠨ ᠦᠵᠡᠯ ᠰᠠᠨᠠᠭ᠎ᠠ︾ ᠭᠠᠷᠭᠠᠬᠤ ᠶᠢ ᠵᠣᠷᠢᠭᠵᠢᠭᠤᠯᠵᠤ᠂ ᠡᠯ᠎ᠡ ᠭᠠᠵᠠᠷ ᠤᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠰᠢᠪᠲᠤᠯᠤᠯᠲᠠ ᠶᠢᠨ ᠴᠢᠨᠠᠷᠲᠠᠢ ᠰᠦᠪᠡᠭᠴᠢᠯᠡᠯ ᠬᠢᠬᠦ ᠶᠢ ᠵᠥᠪᠰᠢᠶᠡᠷᠡᠬᠦ ᠬᠡᠷᠡᠭᠲᠡᠢ᠃ ᠠᠵᠢᠯ ᠢᠶᠠᠨ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠠᠳᠠᠯᠢ ᠨᠢᠭᠡ ᠬᠦᠷᠢᠶᠡᠨ ᠤ ᠥᠭᠡᠷᠡᠴᠢᠯᠡᠯᠲᠡ ᠶᠢ ᠵᠣᠯᠭᠠᠭᠤᠯᠤᠨ ᠬᠤᠯᠪᠣᠯᠳᠤᠭᠤᠯᠬᠤ᠂ ᠠᠳᠠᠯᠢ ᠪᠤᠰᠤ ᠬᠦᠷᠢᠶᠡᠨ ᠤ ᠥᠭᠡᠷᠡᠴᠢᠯᠡᠯᠲᠡ ᠶᠢ ᠵᠣᠬᠢᠴᠠᠭᠤᠯᠤᠨ ᠲᠥᠭᠦᠷᠵᠢᠭᠦᠯᠭᠦ᠂ ᠥᠭᠡᠷᠡᠴᠢᠯᠡᠯᠲᠡ ᠪᠦᠷᠢ ᠶᠢᠨ ᠳᠣᠲᠣᠭᠠᠳᠤ ᠭᠤᠭᠴᠤᠭ᠎ᠠ ᠪᠣᠯᠭᠠᠨ ᠢ ᠰᠢᠯᠢᠳᠡᠭᠵᠢᠭᠦᠯᠦᠨ ᠵᠣᠬᠢᠴᠠᠭᠤᠯᠬᠤ ᠬᠡᠷᠡᠭᠲᠡᠢ᠃ ᠬᠥᠭᠵᠢᠭᠰᠡᠨ ᠭᠠᠵᠠᠷ ᠣᠷᠣᠨ ᠤ ᠠᠮᠵᠢᠯᠲᠠ ᠣᠯᠣᠭᠰᠠᠨ ᠲᠤᠷᠰᠢᠯᠭ᠎ᠠ ᠪᠣᠯᠣᠨ ᠤᠷᠢᠳᠴᠢᠯᠠᠭᠰᠠᠨ ᠦᠵᠡᠯ ᠤᠬᠠᠮᠰᠠᠷ᠂ ᠦᠵᠡᠯ ᠰᠠᠨᠠᠭ᠎ᠠ ᠣᠶᠢᠯᠠᠭᠠᠭᠳᠠᠬᠤᠨ᠂ ᠬᠠᠷᠠᠭ᠎ᠠ ᠶᠢ ᠰᠤᠷᠤᠯᠴᠠᠬᠤ ᠳᠠᠭᠠᠨ ᠴᠢᠳᠠᠮᠠᠭᠠᠢ ᠪᠠᠶᠢᠵᠤ᠂ ᠣᠷᠣᠨ ᠤ ᠳᠣᠲᠣᠷᠠᠬᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠰᠠᠶᠢᠨ ᠬᠢᠳᠡᠯ ᠢ ᠴᠠᠭ ᠲᠤᠬᠠᠢ ᠳᠤᠨᠢ ᠳᠡᠯᠭᠡᠷᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号